︽ᠵᠥᠷᠢᠭᠦᠦ︾ ᠵᠠᠯᠠᠭᠤ ᠮᠡᠬᠡᠯᠡᠭᠳᠡᠵᠦ ᠪᠠᠶᠢᠭ᠎ᠠ ᠦᠶ᠎ᠡ ᠳᠤ ᠠᠷᠠᠳ ᠤᠨ ᠴᠠᠭᠳᠠᠭ᠎ᠠ ᠬᠦᠯᠢᠴᠡᠩᠭᠦᠢ ᠪᠠᠷ ᠢᠳᠬᠠᠨ ᠬᠤᠷᠢᠭᠯᠠᠪᠠ
ᠨᠡᠶᠢᠲᠡᠯᠡᠭᠰᠡᠨ ᠴᠠᠭ᠄
2023/2/14
      2 ᠳ᠋ᠤᠭᠠᠷ ᠰᠠᠷ᠎ᠠ ᠶᠢᠨ 10 ᠤ ᠦᠳᠡ ᠶᠢᠨ ᠬᠤᠶᠢᠨᠠᠬᠢ 15 ᠴᠠᠭ ᠤᠨ ᠦᠶ᠎ᠡ ᠪᠠᠷ᠂ ᠴᠢᠩᠱᠠᠨ ᠬᠤᠪᠢᠶᠠᠷᠢ ᠲᠣᠪᠴᠢᠶᠠᠨ ᠤ ᠴᠢᠮᠡᠭᠡ ᠮᠡᠳᠡᠭᠡ ᠵᠢᠯᠣᠭᠤᠳᠬᠤ ᠲᠥᠪ ᠤᠨ ᠬᠢᠨ ︽ᠴᠠᠭᠳᠠᠭ᠎ᠠ ᠨᠥᠬᠦᠷ ᠡ᠂ ᠬᠤᠷᠳᠤᠨ ᠢᠷᠡᠵᠦ ᠮᠢᠨᠤ ᠬᠦᠦ ᠶᠢ ᠬᠤᠷᠢᠭᠯᠠᠭᠠᠴᠢ᠂ ᠲᠡᠷᠡ ᠵᠠᠪᠠᠯ ᠮᠡᠬᠡᠯᠡᠭᠴᠢ ᠳᠤ ᠲᠠᠩᠰᠠ ᠰᠢᠯᠵᠢᠭᠦᠯᠵᠦ ᠥᠭᠭᠦᠨ᠎ᠡ ᠭᠡᠳ ᠦᠭᠡ ᠰᠣᠨᠣᠰᠬᠤ ᠦᠭᠡᠢ ᠪᠠᠶᠢᠨ᠎ᠠ ᠭᠡᠰᠡᠨ ᠬᠡᠷᠡᠭ ᠤᠨ ᠮᠡᠳᠡᠭᠦᠯᠦᠯᠲᠡ ᠶᠢ ᠲᠣᠰᠴᠤ᠂ ᠬᠤᠪᠢᠶᠠᠷᠢ ᠲᠣᠪᠴᠢᠶ᠎ᠠ ᠶᠢᠨ ᠴᠢᠮᠡᠭᠡ ᠮᠡᠳᠡᠭᠡ ᠵᠢᠯᠣᠭᠤᠳᠬᠤ ᠲᠥᠪ ᠠᠴᠠ ᠪᠠᠶᠢᠳᠠᠯ ᠢ ᠠᠩᠬ᠎ᠠ ᠠᠯᠬᠤᠮ ᠣᠶᠢᠯᠠᠭᠠᠭᠰᠠᠨ ᠤ ᠳᠠᠷᠠᠭ᠎ᠠ᠂ ᠲᠡᠷᠡ ᠳᠠᠷᠤᠶ ᠳᠤ ᠨᠢ ᠲᠣᠮᠢᠯᠠᠭᠰᠠᠨ ᠰᠠᠯᠪᠤᠷᠢ ᠳᠤ ᠴᠠᠭᠳᠠᠭ᠎ᠠ ᠲᠣᠮᠢᠯᠠᠬᠤ ᠵᠠᠷᠯᠢᠭ ᠪᠠᠭᠤᠯᠭᠠᠪᠠ᠃ ᠰᠢᠶᠠᠨ ᠹᠧᠩ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ ᠵᠠᠷᠯᠢᠭ ᠢ ᠣᠯᠤᠭᠰᠠᠨ ᠤ ᠳᠠᠷᠠᠭ᠎ᠠ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠲᠡᠷᠡ ᠳᠠᠷᠤᠶ ᠬᠡᠷᠡᠭ ᠮᠡᠳᠡᠭᠦᠯᠦᠭᠰᠡᠨ ᠬᠥᠮᠦᠨ ᠤ ᠣᠷᠣᠨ ᠰᠠᠭᠤᠴᠠ ᠳᠤ ᠣᠴᠢᠪᠠ᠃ 
1青山分局蒙文公安投稿 “固执”青年深陷骗局 耐心民警上门劝阻.jpg
      ᠣᠶᠢᠯᠠᠭᠠᠭᠰᠠᠨ ᠢᠶᠠᠷ᠂  ᠬᠡᠷᠡᠭ ᠮᠡᠳᠡᠭᠦᠯᠦᠭᠴᠢ ᠸᠠᠩ ᠠᠪᠤᠭᠠᠶ ᠶᠢᠨ ᠬᠦᠦ ᠨᠢ ᠲᠦᠷᠦᠭᠦᠬᠡᠨ × × ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠠᠪᠴᠠᠩ ᠳᠤ 8 ᠲᠦᠮᠡᠨ ᠲᠥᠭᠦᠷᠢᠭ ᠳᠥᠯᠥᠵᠡᠶ᠂ ᠸᠠᠩ ᠠᠪᠤᠭᠠᠶ ᠡᠭᠦᠨ ᠢ ᠣᠯᠵᠤ ᠮᠡᠳᠡᠭᠡᠳ ᠬᠦᠦ ᠪᠠᠨ ᠮᠡᠬᠡᠯᠡᠭᠳᠡᠯ᠎ᠡ ᠭᠡᠵᠦ ᠰᠡᠵᠢᠭᠯᠡᠭᠡᠳ 2 ᠳ᠋ᠤᠭᠠᠷ ᠰᠠᠷ᠎ᠠ ᠶᠢᠨ 9 ᠤ ᠡᠳᠦᠷ ᠬᠦᠦ ᠪᠠᠨ ᠳᠠᠭᠠᠭᠤᠯᠤᠨ ᠬᠡᠷᠡᠭ ᠮᠡᠳᠡᠭᠦᠯᠪᠡ᠃ 2 ᠳ᠋ᠤᠭᠠᠷ ᠰᠠᠷ᠎ᠠ ᠶᠢᠨ 10 ᠤ ᠡᠳᠦᠷ᠂ ᠸᠠᠩ ᠠᠪᠤᠭᠠᠢ ᠶᠢᠨ ᠬᠦᠦ ᠮᠥᠨ ᠯᠡ ︽ᠨᠦᠭᠦᠭᠡ ᠡᠲᠡᠭᠡᠳ︾ ᠤᠨ ᠱᠠᠭᠠᠷᠳᠠᠯᠭ᠎ᠠ ᠶᠣᠰᠣᠭᠠᠷ ᠦᠷᠭᠦᠯᠵᠢᠯᠡᠨ ᠪᠡᠯᠡ ᠣᠷᠣᠭᠤᠯᠬᠤ ᠭᠡᠪᠡ᠃ ᠠᠷᠠᠳ ᠤᠨ ᠴᠠᠭᠳᠠᠭ᠎ᠠ ᠴᠠᠭ ᠲᠤᠬᠠᠢ ᠳᠤ ᠨᠢ ᠬᠤᠷᠢᠭᠯᠠᠨ ᠵᠣᠭᠰᠣᠭᠠᠬᠤ ᠶᠢᠨ ᠬᠠᠮᠲᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠢᠳᠬᠠᠨ ᠰᠤᠷᠭᠠᠵᠤ᠂ ᠡᠴᠦᠰ ᠲᠤ ᠪᠠᠨ ᠸᠠᠩ ᠠᠪᠤᠭᠠᠢ ᠶᠢᠨ ᠬᠦᠦ ᠥᠪᠡᠷ ᠤᠨ ᠠᠯᠳᠠᠭ᠎ᠠ ᠪᠤᠷᠤᠭᠤ ᠪᠠᠨ ᠲᠠᠨᠢᠵᠤ᠂ ᠮᠡᠬᠡᠯᠡᠯ ᠤᠨ ᠵᠥᠭᠡᠯᠡᠨ ᠲᠤᠨᠤᠭ ᠢ ᠬᠠᠰᠤᠵᠤ ᠬᠠᠶᠠᠪᠠ᠃ 
2青山分局蒙文公安投稿 “固执”青年深陷骗局 耐心民警上门劝阻.jpg
      ᠸᠠᠩ ᠠᠪᠤᠭᠠᠶ ᠶᠢᠨ ᠬᠦᠦ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠤᠷ ᠬᠥᠨᠥᠭᠡᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠮᠡᠬᠡᠯᠡᠯ ᠢ ᠡᠰᠡᠷᠭᠦᠴᠡᠬᠦ ᠪᠠ ᠮᠡᠬᠡᠯᠡᠯ ᠢ ᠰᠡᠷᠭᠡᠶᠢᠯᠡᠬᠦ ᠤᠬᠠᠮᠰᠠᠷ ᠢ ᠨᠢ ᠦᠨᠡᠨ ᠬᠦ ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠳᠤ ᠳᠠᠭᠢᠵᠤ ᠮᠡᠬᠡᠯᠡᠭᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠷᠠᠳ ᠤᠨ ᠴᠠᠭᠳᠠᠭ᠎ᠠ ᠲᠤᠬᠠᠶ ᠶᠢᠨ ᠲᠠᠯᠠᠪᠤᠷ  ᠲᠤ ᠵᠢᠭᠠᠨ ᠵᠢᠯᠣᠭᠤᠳᠴᠤ᠂  ᠭᠠᠷ ᠤᠲᠠᠰᠤᠨ ᠳᠤ ᠨᠢ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠭᠡᠬᠦ APP ᠤᠭᠰᠠᠷᠠᠵᠤ ᠥᠭᠴᠡᠶ᠃ ᠸᠠᠩ ᠠᠪᠤᠭᠠᠶ ᠬᠦᠦ ᠲᠠᠢ ᠪᠠᠨ ᠬᠤᠶᠢᠰᠢᠳᠠ ᠮᠡᠬᠡᠯᠡᠯ ᠢ ᠡᠰᠡᠷᠭᠦᠴᠡᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠨᠠᠷᠢᠨ ᠬᠢᠨᠠᠮᠠᠭᠠᠶ ᠰᠤᠷᠤᠯᠴᠠᠵᠤ᠂ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠠᠷᠠᠳ ᠤᠨ ᠴᠠᠭᠳᠠᠭ᠎ᠠ ᠶᠢᠨ ᠬᠦᠯᠢᠴᠡᠩᠭᠦᠶ ᠬᠠᠷᠢᠭᠤᠴᠠᠬᠤ ᠠᠵᠢᠯ ᠤᠨ ᠣᠪᠣᠷ ᠢ ᠮᠠᠭᠲᠠᠨ ᠰᠠᠶᠢᠰᠢᠶᠠᠵᠤ ᠲᠠᠯᠠᠷᠬᠠᠵᠤ ᠪᠠᠶᠢᠬᠤ ᠪᠠᠨ ᠢᠯᠡᠳᠬᠡᠪᠡ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ