ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/2/15
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠬᠤ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ᠂ ᠠᠷᠢᠭᠤᠨ ᠴᠢᠬᠡᠴᠢ ᠪᠠᠷ ᠥᠭᠡᠳᠡᠯᠡᠨ ᠲᠠᠪᠰᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠠᠶᠢᠷᠤᠪ ᠤᠨ ᠲᠣᠬᠤᠢ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠠᠴᠠ ᠨᠢᠭᠡᠳᠦᠯᠲᠡᠢ ᠲᠥᠯᠥᠪᠵᠢᠭᠦᠯᠵᠦ᠂ ︽ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠠᠷᠢᠭᠤᠨ ᠴᠢᠬᠡᠴᠢ ᠶᠢ ᠡᠷᠬᠢᠮᠯᠡᠵᠦ︱ᠮᠠᠨ ᠤ ᠪᠠᠶᠠᠷ ᠤᠨ ᠡᠳᠦᠷ · ᠥᠯᠵᠡᠶᠢᠲᠦ ᠡᠳᠦᠷ︾ ᠤᠨ ᠤᠷᠠᠨ ᠰᠠᠶᠢᠬᠠᠨ ᠤ ᠲᠣᠭᠯᠠᠯᠲᠠ ᠵᠢᠴᠢ ᠭᠠᠵᠢᠭᠤ ᠨᠣᠮᠯᠠᠯ ᠢ ᠡᠰᠡᠷᠭᠦᠴᠡᠵᠦ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠪᠡ᠃ 
微信图片_20230210083522.jpg
      2 ᠳ᠋ᠤᠭᠠᠷ ᠰᠠᠷ᠎ᠠ ᠶᠢᠨ 3 ᠤ ᠦᠳᠡ ᠶᠢᠨ ᠡᠮᠦᠨ᠎ᠡ ︵ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠭᠤᠷᠪᠠᠨ︶᠂ ᠬᠠᠶᠢᠷᠤᠪ ᠤᠨ ᠲᠣᠬᠤᠢ ᠲᠣᠭᠤᠷᠢᠭ ᠤᠨ ᠱᠢ ᠴᠧᠩ ᠨᠡᠶᠢᠭᠡᠮ ᠲᠣᠭᠤᠷᠢᠭ ᠲᠤ ᠬᠡᠩᠭᠡᠷᠭᠡ ᠬᠥᠭᠵᠢᠮ ᠨᠢᠵᠢᠭᠢᠨᠡᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ ᠤᠷᠠᠨ ᠰᠠᠶᠢᠬᠠᠨ ᠤ ᠲᠣᠭᠯᠠᠯᠲᠠ ᠭᠠᠷᠭᠠᠬᠤ ᠶᠢᠨ ᠬᠠᠮᠲᠤ᠂ ᠭᠠᠵᠢᠭᠤ ᠨᠣᠮᠯᠠᠯ ᠪᠠ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠳ᠋ᠧᠩᠯᠦ ᠶᠢᠨ ᠣᠨᠢᠰᠤᠭ᠎ᠠ ᠶᠢ ᠲᠠᠭᠠᠬᠤ᠂ ᠦᠯᠵᠡᠶᠢᠲᠦ ᠪᠣᠭᠤᠷᠰᠤᠭ ᠬᠢᠬᠦ᠂ ᠭᠠᠵᠢᠭᠤ ᠨᠣᠮᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠬᠥᠵᠥᠷ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠰᠢᠷᠢᠰ ᠠᠵᠢᠯᠯᠠᠭ᠎ᠠ ᠥᠷᠨᠢᠭᠦᠯᠪᠡ᠃ ᠠᠷᠠᠳ ᠤᠨ ᠴᠠᠭᠳᠠᠭ᠎ᠠ ᠨᠠᠷ ᠪᠠᠰᠠ ᠶᠠᠭᠤ ᠶᠢ ᠭᠠᠵᠢᠭᠤ ᠨᠣᠮᠯᠠᠯ᠂ ᠭᠠᠵᠢᠭᠤ ᠨᠣᠮᠯᠠᠯ ᠤᠨ ᠬᠤᠣᠷ ᠬᠥᠨᠥᠭᠡᠯ᠂ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠮᠡᠳᠡᠯᠭᠡ ᠶᠢ ᠤᠯᠠᠨ ᠲᠦᠮᠡᠨ ᠳᠤ ᠲᠠᠶᠢᠯᠪᠤᠷᠢᠯᠠᠵᠤ ᠥᠭᠪᠡ᠃ 
微信图片_20230210083531.jpg
      ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ᠂ ᠤᠳᠠ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠰᠠᠶᠢᠨ ᠲᠣᠮᠢᠯᠠᠭᠰᠠᠨ ᠰᠠᠯᠪᠤᠷᠢ ︽ᠰᠦᠯᠵᠢᠶᠡᠨ ᠤ ᠭᠠᠳᠠᠨᠠᠬᠢ + ᠰᠦᠯᠵᠢᠶᠡᠨ ᠳᠡᠭᠡᠷ᠎ᠡ︾ ᠭᠡᠬᠦ ᠬᠡᠯᠪᠡᠷᠢ ᠪᠠᠷ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠠᠷᠠᠳ ᠣᠯᠠᠨ ᠤ ︽ᠵᠣᠭᠤᠰᠤᠨ ᠤ ᠪᠤᠭᠴᠤ︾ ᠶᠢ ᠰᠠᠶᠢᠲᠤᠷ ᠬᠠᠮᠠᠭᠠᠯᠠᠪᠠ᠃      ᠤᠳᠠ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠠᠶᠠᠨᠰᠠᠶᠢᠨ ᠲᠣᠮᠢᠯᠠᠭᠰᠠᠨ ᠰᠠᠯᠪᠤᠷᠢ ᠨᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢ ᠳᠠᠶᠢᠴᠢᠯᠠᠨ ᠣᠯᠠᠨ ᠤ ᠰᠠᠨᠠᠯ ᠢ ᠠᠪᠴᠤ ᠣᠯᠠᠨ ᠤ ᠤᠬᠠᠭᠠᠨ ᠢ ᠲᠥᠪᠯᠡᠷᠡᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠮᠤᠭ ᠤᠨ ᠦᠷᠭᠦᠯᠵᠢ ᠬᠡᠷᠡᠭᠯᠡᠳᠡᠭ ᠲᠤᠷᠰᠢᠯᠭ᠎ᠠ ᠶᠢ ᠪᠣᠯᠪᠠᠰᠤᠷᠠᠭᠤᠯᠤᠨ ᠭᠠᠷᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠪᠠ ᠥᠯᠵᠡᠶᠢᠲᠦ ᠡᠳᠦᠷ ᠤᠨ ᠪᠠᠶᠠᠷ ᠲᠠᠢ ᠤᠶᠠᠯᠳᠤᠭᠤᠯᠤᠨ᠂ ᠨᠢᠭᠡ ᠲᠠᠯ᠎ᠠ ᠪᠠᠷ ᠰᠠᠭᠤᠭᠠᠯᠢ ᠠᠷᠠᠳ ᠤᠨ ᠴᠤᠭᠯᠠᠭᠠᠨ᠂ ᠸᠢᠴᠠᠲ ᠤᠨ ᠴᠤᠭᠯᠠᠷᠠᠯ᠂ ᠨᠠᠶᠢᠵᠠ ᠶᠢᠨ ᠲᠣᠭᠤᠷᠢᠭ ᠵᠡᠷᠭᠡ ᠶᠢ ᠳᠠᠮᠵᠢᠭᠤᠯᠤᠨ ᠲᠠᠷᠬᠠᠭᠠᠬᠤ ︽ᠰᠦᠯᠵᠢᠶᠡᠨ ᠳᠡᠭᠡᠷᠡᠬᠢ︾ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠶᠢᠨ ᠨᠥᠯᠥᠭᠡ ᠪᠠᠨ ᠦᠷᠭᠦᠯᠵᠢᠯᠡᠨ ᠥᠷᠭᠡᠳᠬᠡᠵᠦ᠂ ᠥᠷᠭᠡᠨ ᠣᠯᠠᠨ ᠲᠦᠮᠡᠨ ᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠠᠴᠠ ᠬᠤᠯᠠᠳᠠᠬᠤ ᠶᠢ ᠰᠠᠨᠠᠭᠤᠯᠪᠠ᠃ ᠨᠥᠭᠦᠭᠡ ᠲᠠᠯ᠎ᠠ ᠪᠠᠷ ᠥᠯᠵᠡᠶᠢᠲᠦ ᠡᠳᠦᠷ ᠤᠨ ᠬᠤᠸᠠᠷ ᠫᠤᠤᠵᠢᠩ ᠲᠠᠯᠪᠢᠬᠤ ᠬᠥᠳᠡᠯᠭᠡᠭᠡᠨ ᠤ ᠵᠢᠵᠢᠭᠦᠷᠯᠡᠬᠦ ᠠᠵᠢᠯ ᠤᠨ ᠳᠤᠮᠳᠠ ᠴᠠᠬᠢᠯᠭᠠᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠭᠠᠷ ᠳᠡᠪᠲᠡᠷ᠂ ᠴᠠᠬᠢᠯᠭᠠᠨ ᠮᠡᠬᠡᠯᠡᠯ ᠢ ᠡᠰᠡᠷᠭᠦᠴᠡᠬᠦ ᠠᠮᠠᠪᠴᠢ ᠵᠡᠷᠭᠡ ᠮᠡᠬᠡᠯᠡᠯ ᠢ ᠡᠰᠡᠷᠭᠦᠴᠡᠬᠦ ᠦᠢᠯᠡᠳᠬᠦᠨ ᠢ ᠲᠠᠷᠬᠠᠭᠠᠵᠤ᠂ ︽ᠰᠦᠯᠵᠢᠶᠡᠨ ᠤ ᠭᠠᠳᠠᠨ᠎ᠠ︾ ᠣᠯᠠᠨ ᠲᠦᠮᠡᠨ ᠳᠤ ᠬᠠᠷᠢᠶᠠᠲᠤ ᠣᠷᠣᠨ ᠳᠤ ᠣᠶᠢᠷ᠎ᠠ ᠶᠢᠨ ᠬᠤᠭᠤᠴᠠᠭᠠᠨ ᠳᠤ ᠡᠭᠦᠰᠦᠭᠰᠡᠨ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠲᠠᠨᠢᠯᠴᠠᠭᠤᠯᠵᠤ᠂ ᠣᠯᠠᠨ ᠲᠦᠮᠡᠨ ᠢ ᠬᠠᠪᠰᠤᠷᠤᠨ ᠮᠡᠬᠡᠯᠡᠯ ᠢ ᠡᠰᠡᠷᠭᠦᠴᠡᠬᠦ ᠪᠠ ᠮᠡᠬᠡᠯᠡᠯ ᠢ ᠰᠡᠷᠭᠡᠶᠢᠯᠡᠬᠦ ︽ᠭᠢᠷᠠᠬᠠᠢ ᠨᠢᠳᠦ︾ ᠶᠢ ᠪᠣᠯᠪᠠᠰᠤᠷᠠᠭᠤᠯᠵᠤ᠂ ᠮᠡᠬᠡᠯᠡᠯ ᠢ ᠰᠡᠷᠭᠡᠶᠢᠯᠡᠬᠦ᠂ ᠮᠡᠬᠡᠯᠡᠯ ᠢ ᠲᠠᠨᠢᠬᠤ᠂ ᠮᠡᠬᠡᠯᠡᠯ ᠢ ᠡᠰᠡᠷᠭᠦᠴᠡᠬᠦ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠪᠡ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ