ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠠᠩᠬᠠᠨ ᠤ ᠬᠤᠭᠤᠴᠠᠭᠠᠨ ᠤ ᠳᠣᠲᠣᠭᠠᠳᠤ ᠶᠢ ᠬᠠᠮᠠᠭᠠᠯᠠᠬᠤ ᠶᠠᠷᠢᠶᠠᠨ ᠤ ᠲᠠᠩᠬᠢᠮ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠶ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/2/17
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠭᠰᠠᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠬᠦ᠂ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠪᠠ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠵᠢᠯ ᠤᠨ ᠡᠭᠦᠷᠭᠡ ᠢ ᠪᠠᠶᠢᠩᠭᠤᠵᠢᠭᠤᠯᠤᠨ ᠠᠬᠢᠭᠤᠯᠬᠤ᠂ ᠬᠥᠯᠥᠨ ᠪᠦᠷ ᠤᠨ ᠳᠣᠲᠣᠭᠠᠳᠤ ᠶᠢ ᠬᠠᠮᠠᠭᠠᠯᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2023 ᠣᠨ ᠤ ᠠᠩᠬᠠᠳᠤᠭᠠᠷ ᠬᠤᠭᠤᠴᠠᠭᠠᠨ ᠤ ︽ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠶᠠᠷᠢᠶᠠᠨ ᠤ ᠲᠠᠩᠬᠢᠮ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠲᠤᠰᠬᠠᠶ ᠰᠡᠳᠦᠪᠲᠦ ᠲᠠᠶᠢᠯᠤᠮᠵᠢ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ ᠳᠠᠷᠠᠭᠠᠬᠢ ᠳᠣᠲᠣᠭᠠᠳᠤ ᠶᠢ ᠬᠠᠮᠠᠭᠠᠯᠠᠬᠤ ᠠᠷᠠᠳ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠣᠶᠤᠨᠴᠢ ᠲᠠᠨᠢᠯᠲᠠ ᠶᠢ ᠴᠢᠩᠭᠠᠳᠬᠠᠵᠤ᠂ ᠰᠡᠳᠬᠢᠴᠡ ᠶᠢᠨ ᠥᠪᠡᠷ ᠢ ᠪᠠᠨ ᠵᠠᠰᠠᠬᠤ ᠪᠠ ᠥᠪᠡᠷ ᠢ ᠪᠠᠨ ᠲᠣᠬᠢᠷᠠᠭᠤᠯᠬᠤ ᠠᠷᠭ᠎ᠠ ᠶᠢ ᠰᠤᠷᠤᠯᠴᠠᠨ ᠡᠵᠡᠮᠰᠢᠵᠦ᠂ ᠰᠠᠶᠢᠨ ᠰᠠᠶᠢᠬᠠᠨ ᠪᠠᠶᠢᠳᠠᠯ ᠢᠶᠠᠷ ᠪᠦᠬᠦ ᠵᠢᠯ ᠤᠨ ᠡᠯ᠎ᠡ ᠵᠦᠢᠯ ᠤᠨ ᠠᠵᠢᠯ ᠢ ᠤᠭᠲᠤᠬᠤ ᠶᠢ ᠪᠣᠯᠪᠠ᠃
1.jpg
       ᠲᠣᠰ ᠬᠤᠭᠤᠴᠠᠭᠠᠨ ᠤ ᠬᠢᠴᠢᠶᠡᠯ ᠤᠨ ᠲᠠᠩᠬᠢᠮ ᠳᠤ ᠳᠤᠮᠳᠠᠳᠤ ᠤᠯᠤᠰ ᠤᠨ ᠠᠷᠠᠳ ᠤᠨ ᠳᠣᠲᠣᠭᠠᠳᠤ ᠶᠢ ᠬᠠᠮᠠᠭᠠᠯᠠᠬᠤ ᠶᠡᠭᠡ ᠰᠤᠷᠭᠠᠭᠤᠯᠢ ᠶᠢᠨ ᠴᠠᠭᠳᠠᠭᠠᠨ ᠤ ᠶᠠᠪᠤᠳᠠᠯ ᠤᠨ ᠰᠡᠳᠬᠢᠴᠡ ᠶᠢᠨ ᠰᠤᠳᠤᠯᠭᠠᠨ ᠪᠠ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠠᠰᠫᠢᠷᠠᠨᠲ ᠤᠨ ᠵᠢᠯᠣᠭᠤᠳᠣᠭᠴᠢ ᠪᠠᠭᠰᠢ᠂ ᠫᠷᠤᠹᠧᠰᠰᠤᠷ ᠸᠠᠩ ᠱᠤ᠋ ᠾᠧ ᠢ ᠣᠨᠴᠠᠭᠠᠶᠢᠯᠠᠨ ᠤᠷᠢᠵᠤ ︽ᠬᠢᠵᠢᠭ ᠤᠨ ᠳᠠᠷᠠᠭᠠᠬᠢ ᠬᠤᠭᠤᠴᠠᠭᠠᠨ ᠳᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠰᠡᠳᠬᠢᠴᠡ ᠶᠢᠨ ᠥᠪᠡᠷ ᠢ ᠪᠠᠨ ᠵᠠᠰᠠᠬᠤ︾ ᠪᠠᠷ ᠭᠤᠤᠯ ᠠᠭᠤᠯᠭ᠎ᠠ ᠪᠣᠯᠭᠠᠵᠤ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠭᠴᠢ ᠴᠠᠭᠳᠠᠭ᠎ᠠ ᠳᠤ ᠰᠦᠯᠵᠢᠶᠡᠨ ᠤ ᠲᠠᠶᠢᠯᠤᠮᠵᠢ ᠬᠢᠪᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠤᠯᠤᠰ ᠲᠥᠷᠥ ᠶᠢᠨ ᠬᠡᠯᠲᠡᠰ ᠤᠨ ᠡᠷᠬᠢᠯᠡᠭᠴᠢ ᠴᠧᠨ ᠶᠦᠩ ᠴᠢᠩ ᠲᠠᠶᠢᠯᠤᠮᠵᠢ ᠶᠢ ᠡᠷᠭᠢᠯᠡᠵᠦ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ  ᠨᠠᠷ ᠲᠠᠶᠢᠯᠤᠮᠵᠢ + ᠸᠢᠳᠢᠣ᠋ ᠬᠤᠷᠠᠯ + ᠳ᠋ᠢᠩ ᠳ᠋ᠢᠩ ᠰᠢᠭᠤᠳ ᠨᠡᠪᠲᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠰᠤᠷᠤᠯᠴᠠᠯᠭ᠎ᠠ ᠶᠢᠨ ᠠᠵᠢᠯᠯᠠᠭ᠎ᠠ ᠳᠤ ᠣᠷᠣᠯᠴᠠᠪᠠ᠃
2.jpg
      ᠲᠠᠶᠢᠯᠤᠮᠵᠢ ᠳᠤ᠂ ᠸᠠᠩ ᠱᠤ᠋ ᠾᠧ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠬᠢᠵᠢᠭ ᠤᠨ ᠪᠠᠶᠢᠳᠠᠯ ᠤᠨ ᠳᠠᠷᠠᠭᠠᠬᠢ ᠰᠡᠳᠬᠢᠴᠡ ᠶᠢᠨ ᠥᠪᠡᠷ ᠢ ᠪᠠᠨ ᠵᠠᠰᠠᠬᠤ ᠶᠢᠨ ᠴᠢᠬᠤᠯᠠ ᠴᠢᠨᠠᠷ᠂ ᠭᠤᠤᠯ ᠪᠣᠯᠬᠤ ᠪᠡᠶ᠎ᠡ ᠰᠡᠳᠬᠢᠯ ᠤᠨ ᠢᠯᠡᠷᠡᠯ᠂ ᠥᠪᠡᠷ ᠢ ᠪᠠᠨ ᠵᠠᠰᠠᠬᠤ ᠠᠷᠭ᠎ᠠ ᠵᠠᠮ ᠪᠣᠯᠤᠨ ᠠᠷᠭ᠎ᠠ ᠪᠠᠷᠢᠯ ᠵᠡᠷᠭᠡ ᠭᠤᠷᠪᠠᠨ ᠲᠠᠯ᠎ᠠ ᠪᠠᠷ ᠭᠤᠤᠯᠳᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠨᠢᠨ ᠮᠡᠳᠡᠬᠦᠶ᠂ ᠦᠢᠯᠡ ᠠᠵᠢᠯᠯᠠᠭ᠎ᠠ ᠶᠢᠨ ᠲᠠᠯ᠎ᠠ ᠠᠴᠠ ᠦᠢᠯᠡᠳᠦᠯᠭᠡ ᠶᠢᠨ ᠲᠤᠷᠰᠢᠯᠭ᠎ᠠ ᠶᠢ ᠬᠡᠷᠡᠭᠯᠡᠵᠦ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠥᠪᠡᠷ ᠢ ᠪᠠᠨ ᠲᠣᠬᠢᠷᠠᠭᠤᠯᠬᠤ ᠪᠠ ᠬᠥᠲᠥᠯᠥᠨ ᠵᠢᠯᠣᠭᠤᠳᠬᠤ ᠳᠤ ᠰᠠᠨᠠᠯ ᠳᠤᠷᠠᠳᠤᠭᠰᠠᠨ ᠨᠢ ᠮᠠᠰᠢ ᠴᠢᠩᠭ᠎ᠠ ᠦᠢᠯᠡᠳᠦᠯᠭᠡ ᠶᠢᠨ ᠵᠢᠯᠣᠭᠤᠳᠬᠤ ᠴᠢᠨᠠᠷᠲᠠᠶ ᠶᠤᠮ᠃      ᠠᠮᠢᠳᠤᠯᠢᠭ ᠰᠠᠶᠢᠬᠠᠨ ᠬᠢᠴᠢᠶᠡᠯ ᠠᠭᠤᠯᠭ᠎ᠠ ᠨᠢ ᠲᠤᠬᠠᠶ ᠶᠢᠨ ᠲᠠᠯᠠᠪᠠᠶ ᠳᠤ ᠪᠠᠶᠢᠭ᠎ᠠ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠤ᠂ ᠬᠤᠷᠠᠯ ᠳᠤ ᠣᠷᠣᠯᠴᠠᠭᠰᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠠᠷ᠂ ᠲᠠᠶᠢᠯᠤᠮᠵᠢ ᠶᠢᠨ ᠠᠭᠤᠯᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠳᠠᠷᠤᠯᠲᠠ ᠶᠢ ᠨᠠᠮᠳᠠᠭᠤᠯᠬᠤ ᠠᠷᠭ᠎ᠠ ᠶᠢ ᠰᠤᠷᠤᠯᠴᠠᠨ ᠡᠵᠡᠮᠰᠢᠵᠦ᠂ ᠳᠠᠷᠤᠯᠲᠠ ᠶᠢ ᠬᠥᠩᠭᠡᠷᠡᠭᠦᠯᠬᠦ ᠠᠷᠭ᠎ᠠ ᠳᠡᠮ ᠢ ᠡᠵᠡᠮᠳᠡᠵᠦ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠣᠯᠵᠣ᠂ ᠡᠷᠡᠭᠦᠯ ᠰᠠᠷᠠᠭᠤᠯ ᠰᠡᠳᠬᠢᠴᠡ ᠶᠢᠨ ᠪᠠᠶᠢᠳᠠᠯ ᠪᠠ ᠪᠡᠶ᠎ᠡ ᠮᠠᠬᠠᠪᠣᠳ ᠢᠶᠠᠷ ᠳᠣᠲᠣᠭᠠᠳᠤ ᠶᠢ ᠬᠠᠮᠠᠭᠠᠯᠠᠬᠤ ᠠᠵᠢᠯ ᠳᠤ ᠣᠷᠣᠯᠴᠠᠬᠤ ᠶᠢ ᠦᠨᠡᠨ ᠬᠦ ᠪᠠᠲᠤᠯᠠᠨ᠎ᠠ ᠭᠡᠵᠦ ᠢᠯᠡᠷᠬᠡᠶᠢᠯᠡᠵᠡᠭᠡᠪᠡ᠃      ᠳᠠᠷᠠᠭᠠᠴᠢ ᠶᠢᠨ ᠠᠵᠢᠯ ᠳᠤᠮᠳᠠ᠂ ᠬᠥᠯᠥᠨ ᠪᠤᠶᠢᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠳᠦᠷᠢ ᠲᠥᠷᠬᠦ ᠶᠢ ᠪᠣᠶ ᠪᠣᠯᠭᠠᠬᠤ︾ ᠲᠤᠰᠬᠠᠶ ᠰᠡᠳᠦᠪᠲᠦ ᠠᠵᠢᠯᠯᠠᠭ᠎ᠠ ᠲᠠᠢ ᠤᠶᠠᠯᠳᠤᠭᠤᠯᠵᠤ ᠪᠥᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠢ ᠠᠬᠢᠭᠤᠯᠬᠤ ᠶᠢ ᠪᠠᠶᠢᠩᠭᠤᠵᠢᠭᠤᠯᠵᠤ᠂ ᠤᠯᠤᠰ ᠲᠦᠷᠦ ᠶᠢᠨ ᠡᠭᠡᠯᠵᠢᠲᠦ ᠪᠣᠯᠪᠠᠰᠤᠷᠠᠯ᠂ ᠳᠣᠲᠣᠭᠠᠳᠤ ᠶᠢ ᠬᠠᠮᠠᠭᠠᠯᠠᠬᠤ ᠶᠠᠷᠢᠶᠠᠨ ᠤ ᠲᠠᠩᠬᠢᠮ ᠵᠡᠷᠭᠡ ᠠᠴᠢᠶᠠᠯᠠᠪᠤᠷᠢ ᠶᠢ ᠰᠠᠶᠢᠲᠤᠷ ᠠᠰᠢᠭᠯᠠᠵᠤ᠂ ᠰᠦᠯᠵᠢᠶᠡᠨ ᠪᠠ ᠰᠦᠯᠵᠢᠶᠡᠨ ᠭᠠᠳᠠᠨ᠎ᠠ ᠪᠥᠬᠦ ᠴᠠᠭᠳᠠᠭᠠᠨ ᠤ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠠᠬᠢᠭᠤᠯᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠰᠣᠶᠣᠯ ᠤᠨ ᠪᠣᠯᠪᠠᠰᠤᠷᠠᠯ᠂ ᠰᠡᠳᠬᠢᠴᠡ ᠶᠢᠨ ᠬᠡᠪ ᠴᠢᠨᠠᠷ᠂ ᠪᠡᠶ᠎ᠡ ᠲᠠᠮᠢᠷ ᠤᠨ ᠬᠡᠪ ᠴᠢᠨᠠᠷ ᠢ ᠬᠦᠴᠦᠯᠡᠨ ᠳᠡᠭᠡᠭᠰᠢᠯᠡᠭᠦᠯᠵᠦ᠂  ︽ᠳᠥᠷᠪᠡᠨ ᠲᠡᠮᠦᠷ ᠮᠡᠲᠦ︾  ᠪᠠᠷᠢᠮᠵᠢᠶ᠎ᠠ  ᠳᠤ ᠠᠩᠬᠠᠷᠤᠯ  ᠢᠶᠠᠨ ᠲᠥᠪᠯᠡᠷᠡᠭᠦᠯᠵᠦ᠂ ︽ᠲᠠᠪᠤᠨ ᠲᠡᠷᠢᠭᠦᠨ ᠳᠡᠰ︾ ᠤᠨ ᠬᠥᠯᠥᠨ ᠪᠤᠶᠢᠷ ᠤᠨ ᠳᠣᠲᠣᠭᠠᠳᠤ ᠶᠢ ᠬᠠᠮᠠᠭᠠᠯᠠᠬᠤ ᠲᠡᠮᠦᠷ ᠴᠡᠷᠢᠭ ᠢ ᠬᠦᠴᠦᠯᠡᠨ ᠳᠠᠪᠲᠠᠨ ᠪᠣᠯᠪᠠᠰᠤᠷᠠᠭᠤᠯᠵᠤ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠢ ᠠᠬᠢᠭᠤᠯᠵᠤ ᠰᠢᠨ᠎ᠡ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ