ᠪᠣᠭᠤᠲᠦ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠬᠤᠤᠷ ᠴᠠᠭᠠᠵᠠᠯᠠᠬᠤ ᠠᠵᠢᠯ ᠤᠨ ᠠᠯᠪᠠᠨ ᠬᠡᠷ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ 2023 ᠣᠨ ᠤ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠡᠷᠭᠢᠯᠡᠪᠡ
ᠨᠡᠶᠢᠲᠡᠯᠡᠭᠰᠡᠨ ᠴᠠᠭ᠄
2023/2/20
      ᠮᠠᠨ ᠤ ᠣᠷᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠬᠤᠤᠷ ᠢ ᠲᠠᠨᠢᠬᠤ᠂ ᠰᠡᠷᠭᠡᠶᠢᠯᠡᠬᠦ᠂ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠮᠠᠨ ᠤ ᠣᠷᠣᠨ ᠤ ᠬᠤᠤᠷ ᠴᠠᠭᠠᠵᠠᠯᠠᠬᠤ ᠤᠷᠢᠳᠴᠢᠯᠠᠨ ᠰᠡᠷᠭᠡᠶᠢᠯᠡᠬᠦ ᠠᠵᠢᠯ ᠤᠨ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠪᠣᠭᠤᠲᠦ ᠬᠤᠲᠠ ᠶᠢᠨ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠬᠤᠤᠷ ᠴᠠᠭᠠᠵᠠᠯᠠᠬᠤ ᠠᠵᠢᠯ ᠤᠨ ᠠᠯᠪᠠᠨ ᠬᠡᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠲᠥᠯᠥᠪᠯᠡᠵᠦ᠂ ᠨᠠᠷᠢᠨ ᠨᠢᠮᠪᠠᠶ ᠪᠡᠯᠡᠳᠬᠡᠬᠦ ᠪᠠᠷ ᠳᠡᠮᠵᠢᠨ᠂ 2023 ᠣᠨ ᠤ 2 ᠳ᠋ᠤᠭᠠᠷ ᠰᠠᠷ᠎ᠠ ᠶᠢᠨ 15 ᠤ ᠡᠳᠦᠷ ︽2023 ᠣᠨ ᠤ ᠪᠥᠬᠦ ᠣᠷᠣᠨ ᠤ ᠵᠠᠯᠠᠭᠤᠴᠤᠳ ᠪᠠᠭᠠᠴᠤᠳ ᠤᠨ ᠬᠤᠤᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ︵ᠠᠩᠬᠠᠨ ᠤ ᠤᠷᠤᠯᠳᠤᠭᠠᠨ︶︾ ᠤ ᠠᠵᠢᠯᠯᠠᠭ᠎ᠠ ᠶᠢ ᠬᠠᠮᠲᠤᠷᠠᠨ ᠵᠣᠬᠢᠶᠠᠨ ᠪᠠᠶᠢᠭᠤᠯᠵᠤ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠪᠠᠶᠠᠨ᠋ᠣ᠋ᠪᠣᠭ᠎ᠠ ᠠᠭᠤᠷᠬᠠᠢ ᠶᠢᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ᠂ ᠬᠤᠤᠷ ᠴᠠᠭᠠᠵᠠᠯᠠᠬᠤ ᠠᠵᠢᠯ ᠤᠨ ᠠᠯᠪᠠᠨ ᠬᠡᠷ ᠤᠨ ᠡᠷᠬᠢᠯᠡᠭᠴᠢ ᠵᠠᠩ ᠴᠧᠨ ᠭᠤᠸᠠᠩ ᠣᠷᠣᠯᠴᠠᠵᠤ᠂ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠳ ᠣᠷᠣᠯᠴᠠᠪᠠ᠃
9ae89f33f31c00e847cf4dfa5a8181f.jpg
      ᠲᠤᠰ ᠤᠳᠠᠭᠠᠨ ᠤ ᠠᠵᠢᠯᠯᠠᠭ᠎ᠠ ᠶᠢᠨ ᠬᠢᠬᠦ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠪᠠᠲᠤᠯᠠᠬᠤ ᠶᠢᠨ ᠲᠥᠯᠥᠭᠡ᠂ ᠬᠢᠷᠢ ᠪᠦᠲᠦᠮᠵᠢ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠪᠠᠲᠤᠯᠠᠵᠤ᠂ ᠲᠣᠰ ᠤᠳᠠᠭᠠᠨ ᠤ ᠬᠤᠤᠷ ᠴᠠᠭᠠᠵᠠᠯᠠᠬᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠠᠪᠠᠯ ᠬᠠᠷᠢᠭᠤᠯᠬᠤ ᠰᠡᠳᠦᠪ᠂ ᠲᠦᠷᠭᠡᠨ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠭᠡᠬᠦ ᠭᠤᠷᠪᠠᠨ ᠭᠤᠭᠴᠤᠭ᠎ᠠ ᠪᠠᠷ ᠶᠠᠪᠤᠭᠳᠠᠭᠤᠯᠵᠤ᠂ ᠬᠠᠭᠠᠰ ᠡᠳᠦᠷ ᠤᠨ ᠰᠢᠷᠦᠭᠦᠨ ᠤᠷᠤᠯᠳᠤᠭᠠᠨ ᠢᠶᠠᠷ ᠳᠡᠮᠵᠢᠨ᠂ ᠭᠤᠷᠪᠠᠨ ᠰᠢᠯᠢᠳᠡᠭ ᠲᠠᠮᠢᠷᠴᠢᠨ ᠴᠣᠯᠭᠤᠷᠠᠨ ᠭᠠᠷᠴᠤ᠂ ᠰᠢᠯᠢᠳᠡᠭ ᠬᠢᠷᠢ ᠪᠦᠲᠦᠮᠵᠢ ᠤᠯᠬᠤ ᠶᠢᠨ ᠬᠠᠮᠲᠤ ᠬᠤᠤᠷ ᠴᠠᠭᠠᠵᠠᠯᠠᠬᠤ ᠠᠯᠪᠠᠨ ᠬᠡᠷ ᠠᠴᠠ ᠱᠠᠩᠨᠠᠯ ᠭᠥᠷᠳᠡᠭᠰᠡᠳ ᠲᠤ ᠦᠨᠡᠮᠯᠡᠯ ᠪᠠ ᠱᠠᠩᠨᠠᠯ ᠣᠯᠭᠤᠵᠤ᠂ ᠭᠤᠷᠪᠠᠨ ᠰᠣᠷᠣᠭᠴᠢ ᠪᠤᠭᠤᠲᠤ ᠬᠤᠲᠠ ᠶᠢᠨ ᠬᠤᠤᠷ ᠴᠠᠭᠠᠵᠠᠯᠠᠬᠤ ᠮᠡᠳᠡᠯᠭᠡ ᠶᠢᠨ ᠬᠤᠶᠠᠳᠠᠬᠢ ᠤᠷᠤᠯᠳᠤᠭᠠᠨ ᠳᠤ ᠤᠷᠤᠭᠰᠢᠲᠠᠶ ᠪᠠᠷ ᠣᠷᠣᠯᠴᠠᠬᠤ ᠪᠣᠯᠤᠨ᠎ᠠ᠃
微信图片_202302170951142.jpg
      ᠲᠣᠰ ᠤᠳᠠᠭᠠᠨ ᠤ ᠬᠠᠮᠲᠤᠷᠠᠭᠰᠠᠨ ᠠᠵᠢᠯᠯᠠᠭ᠎ᠠ ᠪᠠᠷ ᠳᠠᠮᠵᠢᠭᠤᠯᠤᠨ᠂ ᠰᠤᠷᠤᠭᠴᠢᠳ ᠤᠨ ᠬᠤᠤᠷ ᠴᠠᠭᠠᠵᠠᠯᠠᠬᠤ ᠠᠵᠢᠯ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠰᠤᠷᠤᠭᠴᠢᠳ ᠤᠨ ᠬᠤᠤᠷ ᠢ ᠲᠠᠨᠢᠵᠤ ᠡᠰᠡᠷᠭᠦᠴᠡᠬᠦ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠬᠦ ᠶᠢᠨ ᠬᠠᠮᠲᠤ᠂ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠬᠤᠤᠷ ᠠᠴᠠ ᠰᠡᠷᠭᠡᠶᠢᠯᠡᠬᠦ ᠬᠥᠮᠦᠵᠢᠯ ᠳᠤ ᠰᠠᠶᠢᠨ ᠰᠠᠭᠤᠷᠢ ᠲᠠᠯᠪᠢᠵᠤ ᠥᠭᠪᠡ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ