ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠸᠢᠳᠢᠣ᠋ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/20
      2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠠᠭᠠᠨ ᠳᠠᠪᠲᠠᠮᠵᠢ ᠶᠢᠨ ᠬᠤᠷᠠᠯ ᠬᠤᠷᠠᠯᠳᠤᠭᠤᠯᠵᠤ᠂ 2022 ᠣᠨ ᠤ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠳ᠋ᠦᠩᠨᠡᠵᠦ᠂ 2023 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠠ ᠶᠢᠨ ᠱᠦᠵᠢ᠂ ᠲᠢᠩᠬᠢᠮ ᠤᠨ ᠳᠠᠷᠤᠭ᠎ᠠ ᠵᠧᠩ ᠭᠤᠸᠠᠩ  ᠵᠣᠣ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠯᠢᠦ ᠬᠤᠩ ᠬᠤᠷᠠᠯ ᠡᠷᠭᠢᠯᠡᠪᠡ︔ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠮᠠ ᠢ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ 2023 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ︔ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠸᠠᠩ ᠪᠢᠨ 2022 ᠣᠨ ᠤ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠵᠠᠰᠠᠬᠤ ᠠᠵᠢᠯ ᠤᠨ ᠪᠠᠶᠢᠳᠠᠯ ᠢ ᠮᠡᠳᠡᠭᠳᠡᠪᠡ᠃
1.jpg
      ᠬᠤᠷᠠᠯ ᠠᠴᠠ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠣᠲᠣᠭᠠᠳᠤ ᠶᠢ ᠬᠠᠮᠠᠭᠠᠯᠠᠬᠤ  ᠪᠠᠶᠢᠭᠤᠯᠭ᠎ᠠ ᠶᠢᠨ ᠦᠨᠳᠦᠰᠦᠨ ᠤᠯᠤᠰ ᠲᠦᠷᠦ ᠶᠢᠨ ᠵᠠᠷᠴᠢᠮ ᠪᠣᠯᠤᠨ᠎ᠠ᠃ ᠡᠯ᠎ᠡ  ᠱᠠᠲᠤᠨ  ᠤ  ᠳᠣᠲᠣᠭᠠᠳᠤ  ᠶᠢ  ᠬᠠᠮᠠᠭᠠᠯᠠᠬᠤ ᠪᠠᠶᠢᠭᠤᠯᠭ᠎ᠠ ᠨᠤᠭᠤᠳ ︽ᠬᠤᠶᠠᠷ ᠢ ᠬᠠᠮᠠᠭᠠᠯᠠᠬᠤ︾ ᠳᠤ ᠠᠰᠢᠭᠲᠠᠶ ᠪᠠᠶᠢᠬᠤ ᠡᠰᠡᠬᠦ ᠶᠢ ᠢᠮᠠᠭᠲᠠ ᠠᠰᠠᠭᠤᠳᠠᠯ ᠢ ᠪᠣᠳᠣᠯᠬᠢᠯᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠰᠢᠢᠳᠪᠦᠷᠢᠯᠡᠬᠦ ᠶᠢᠨ ᠲᠡᠷᠢᠭᠦᠨ ᠴᠢᠬᠤᠯᠠ ᠤᠯᠤᠰ ᠲᠥᠷᠥ ᠶᠢᠨ ᠪᠠᠷᠢᠮᠵᠢᠶ᠎ᠠ ᠪᠣᠯᠭᠠᠵᠤ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠬᠢᠨᠠᠯᠲᠠ ᠲᠠᠯᠪᠢᠯᠲᠠ ᠶᠢ ᠪᠠᠶᠢᠩᠭᠤᠵᠢᠭᠤᠯᠤᠨ ᠳᠦᠷᠢᠮᠵᠢᠭᠦᠯᠦᠨ ᠥᠷᠨᠢᠭᠦᠯᠵᠦ᠂ ᠴᠠᠭ ᠢᠮᠠᠭᠲᠠ ᠭᠠᠵᠠᠷ ᠪᠣᠯᠭᠠᠨ ᠳᠤ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠪᠠᠶᠢᠬᠤ ᠶᠢ ᠦᠨᠡᠨ ᠬᠡᠦ ᠪᠠᠲᠤᠯᠠᠵᠤ᠂ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠢᠮᠠᠭᠲᠠ ᠰᠦᠷ ᠬᠦᠴᠦᠲᠦ ᠰᠦᠷᠳᠡᠭᠦᠯᠦᠯ ᠤᠨ ᠪᠠᠶᠢᠳᠠᠯ ᠢᠶᠠᠨ ᠪᠠᠷᠢᠮᠲᠠᠯᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ︽ᠥᠩᠭᠡᠷᠡᠭᠰᠡᠨ ᠢ ᠨᠢ ᠵᠠᠯᠬᠠᠭᠠᠵᠤ ᠬᠤᠶᠢᠰᠢᠳᠠ ᠳᠤ ᠨᠢ ᠴᠡᠭᠡᠷᠯᠡᠯ ᠪᠣᠯᠭᠠᠬᠤ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ ᠠᠪᠬᠤ︾ ᠶᠢ ᠪᠠᠷᠢᠮᠲᠠᠯᠠᠨ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠤᠨ ᠬᠡᠷᠡᠭᠯᠡᠯᠲᠡ ᠶᠢ ᠴᠢᠩᠭᠠᠳᠬᠠᠵᠤ᠂ ᠡᠷᠲᠡ ᠠᠴᠠ ᠠᠳᠬᠤᠨ ᠪᠠᠭ᠎ᠠ ᠳᠤ ᠨᠢ ᠠᠳᠬᠤᠵᠤ᠂ ᠬᠡᠷᠡᠭ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠵᠠᠯᠬᠠᠭᠠᠨ ᠰᠢᠢᠳᠬᠡᠵᠦ ᠰᠦᠷᠳᠡᠭᠦᠯᠬᠦ᠂ ᠵᠠᠯᠬᠠᠭᠠᠨ ᠴᠡᠭᠡᠷᠯᠡᠭᠦᠯᠵᠦ ᠠᠪᠤᠷᠠᠬᠤ᠂ ᠰᠤᠷᠭᠠᠨ ᠬᠥᠮᠦᠵᠢᠭᠦᠯᠵᠦ ᠰᠡᠷᠡᠮᠵᠢᠯᠡᠭᠦᠯᠬᠦ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠰᠠᠬᠢᠯᠭ᠎ᠠ ᠪᠠᠲᠤ ᠶᠢᠨ ᠬᠠᠲᠠᠭᠤ ᠴᠢᠨᠠᠷ᠂ ᠲᠥᠪ ᠴᠢᠩᠭ᠎ᠠ ᠴᠢᠨᠠᠷ ᠢ ᠦᠨᠡᠨ ᠬᠦ ᠬᠠᠮᠠᠭᠠᠯᠠᠵᠤ᠂ ᠭᠠᠵᠠᠷ ᠪᠣᠯᠭᠠᠨ ᠳᠤ ᠰᠠᠬᠢᠯᠭ᠎ᠠ ᠪᠠᠲᠤ ᠪᠠᠶᠢᠵᠤ᠂ ᠬᠢᠨᠠᠯᠲᠠ ᠲᠠᠯᠪᠢᠬᠤ ᠶᠠᠪᠤᠳᠠᠯ ᠳᠡᠷᠭᠡᠳᠡ ᠨᠢ ᠪᠠᠶᠢᠨ᠎ᠠ ᠭᠡᠳᠡᠭ ᠢ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠨᠢᠭᠡᠪᠦᠷᠢ ᠳᠤ ᠴᠥᠮ ᠮᠡᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
2.jpg
      ᠬᠤᠷᠠᠯ ᠠᠴᠠ᠂ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ᠂ ᠬᠡᠷᠡᠭᠵᠢᠭᠦᠯᠬᠦ ᠨᠠᠷᠢᠨ ᠲᠦᠷᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ  ᠴᠢᠩᠭ᠎ᠠ  ᠨᠠᠶᠢᠳᠠᠪᠤᠷᠢᠵᠢᠭᠤᠯᠵᠤ᠂  ᠭᠠᠵᠢᠭᠤ  ᠰᠤᠷᠲᠠᠯ ᠪᠣᠯᠤᠨ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠦᠨᠡᠨ ᠪᠣᠳᠠᠲᠠᠢ ᠪᠤᠰᠤ ᠰᠤᠷᠲᠠᠯ ᠢ ᠡᠷᠡᠰ ᠵᠠᠯᠠᠷᠠᠭᠤᠯᠵᠤ᠂ ︽ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ︾ ᠶᠢᠨ ᠡᠭᠦᠰᠦᠨ ᠳᠡᠯᠭᠡᠷᠡᠬᠦ ᠬᠥᠷᠥᠰᠥ ᠰᠢᠷᠣᠢ ᠶᠢ ᠡᠷᠡᠰ ᠠᠷᠢᠯᠭᠠᠬᠤ ᠬᠡᠷᠡᠭᠲᠡᠢ᠃ ᠬᠦᠢᠲᠡᠮᠰᠦᠭ ᠬᠠᠲᠠᠭᠤ ᠪᠠᠯᠠᠮᠠᠳ ᠲᠦᠯᠬᠢᠬᠦ᠂ ᠤᠯᠠᠨ ᠲᠦᠮᠡᠨ ᠢ ᠵᠣᠷᠢᠭᠤᠳᠠ ᠭᠠᠴᠢᠬᠤ᠂ ᠤᠯᠠᠨ ᠲᠦᠮᠡᠨ ᠤ ᠠᠶᠤᠯ ᠲᠦᠭᠰᠢᠭᠦᠷᠢ ᠶᠢ ᠦᠯᠦ ᠬᠠᠶᠢᠬᠤᠷᠬᠤ ᠵᠡᠷᠭᠡ ᠮᠠᠭᠤ ᠰᠤᠷᠲᠠᠯ ᠢ  ᠶᠡᠭᠡ  ᠪᠠᠷ  ᠴᠡᠭᠴᠡᠯᠡᠨ ᠵᠠᠰᠠᠵᠤ᠂ ᠢᠳᠡᠬᠦ ᠠᠪᠬᠤ ᠭᠠᠴᠢᠬᠤ ᠬᠢᠬᠠᠬᠤ ᠳᠤᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠳᠤ ᠴᠥᠮ ᠲᠥᠪ ᠴᠢᠩᠭ᠎ᠠ ᠬᠠᠨᠳᠤᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠴᠥᠮ ᠳᠠᠷᠦ᠋ᠢᠬᠠᠨ ᠵᠠᠯᠠᠷᠠᠭᠤᠯᠵᠤ᠂ ︽ᠲᠠᠪᠤᠨ ᠲᠡᠷᠢᠭᠦᠨ ᠲᠡᠰ︾ ᠤᠨ ᠬᠡᠪ ᠰᠤᠷᠲᠠᠯ ᠤᠨ ᠲᠦᠷᠢ ᠲᠥᠷᠬᠦ ᠪᠠᠷ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠳᠤᠳᠤᠭᠠᠳᠤ ᠶᠢ ᠬᠠᠮᠠᠭᠠᠯᠠᠬᠤ ᠲᠢᠩᠬᠢᠮ