ᠠᠷᠠᠳ ᠤᠨ ᠴᠠᠭᠳᠠᠭ᠎ᠠ ᠬᠤᠶᠠᠷ ᠵᠢᠯ ᠤᠨ ᠲᠤᠷᠰᠢ ᠰᠢᠨᠲᠠᠷᠠᠰᠢ ᠦᠭᠡᠢ ᠨᠡᠬᠡᠮᠵᠢᠯᠡᠭᠡᠳ ᠬᠤᠬᠢᠷᠠᠯ ᠠᠮᠰᠠᠭᠴᠢ ᠶᠢᠨ ᠵᠣᠭᠤᠰ ᠢ ᠡᠭᠡᠭᠦᠯᠦᠨ ᠠᠪᠴᠢᠷᠠᠪᠠ
ᠨᠡᠶᠢᠲᠡᠯᠡᠭᠰᠡᠨ ᠴᠠᠭ᠄
2023/2/24
      2021 ᠣᠨ ᠤ 8 ᠳ᠋ᠤᠭᠠᠷ ᠰᠠᠷ᠎ᠠ ᠶᠢᠨ 19 ᠤ ᠡᠳᠦᠷ᠂ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠯᠢᠦ ᠠᠪᠠᠭ᠋ᠠᠶ ᠶᠢᠨ ᠰᠦᠯᠵᠢᠶᠡᠨ ᠳᠡᠭᠡᠷᠡᠬᠢ ᠨᠢᠭᠡ ᠡᠷᠡᠭᠲᠡᠶ ᠳᠤ ᠪᠠᠯᠠ ᠣᠷᠣᠭᠤᠯᠵᠤ ᠬᠤᠭᠤᠴᠠᠭᠠᠲᠤ ᠪᠠᠷᠠᠭ᠎ᠠ ᠬᠤᠳᠠᠯᠳᠤᠨ ᠠᠪᠬᠤ ᠰᠢᠯᠲᠠᠭ ᠢᠶᠠᠷ 5 ᠲᠦᠮᠡᠨ ᠲᠥᠭᠦᠷᠢᠭ ᠮᠡᠬᠡᠯᠡᠭᠳᠡᠪᠡ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠬᠡᠷᠡᠭ ᠤᠨ ᠮᠡᠳᠡᠭᠦᠯᠦᠯᠲᠡ ᠶᠢ ᠲᠣᠰᠣᠭᠰᠠᠨ ᠤ ᠳᠠᠷᠠᠭ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠲᠤᠷᠰᠢᠨ ᠪᠠᠶᠢᠴᠠᠭᠠᠵᠤ᠂ 2021 ᠣᠨ ᠤ 9 ᠳ᠋ᠦ᠋ᠭᠡᠷ ᠰᠠᠷ᠎ᠠ ᠶᠢᠨ 16 ᠤ ᠡᠳᠦᠷ 3 ᠶᠠᠯ᠎ᠠ ᠬᠢᠭᠰᠡᠨ ᠰᠡᠵᠢᠭᠳᠡᠨ ᠢ ᠪᠦᠬᠦᠨ ᠢ ᠪᠠᠷᠢᠪᠴᠢᠯᠠᠭᠰᠠᠨ ᠪᠣᠯᠪᠠᠴᠤ ᠬᠡᠷᠡᠭ ᠲᠤ ᠬᠤᠯᠪᠣᠭᠳᠠᠭᠰᠠᠨ ᠲᠠᠩᠰᠠᠨ ᠡᠷᠦᠬᠡ ᠠᠴᠠ ᠬᠤᠬᠢᠷᠠᠯ ᠠᠮᠰᠠᠭᠴᠢ ᠶᠢᠨ ᠮᠡᠬᠡᠯᠡᠭᠳᠡᠭᠰᠡᠨ ᠪᠠᠯᠠ ᠮᠥᠩᠭᠦ ᠶᠢᠨ ᠰᠦᠪᠡᠭᠴᠢ ᠶᠢ ᠣᠯᠤᠭᠰᠠᠨ ᠥᠬᠡᠶ᠃
1.jpg
      ᠭᠡᠪᠡᠴᠦ ᠬᠡᠷᠡᠭ ᠰᠢᠢᠳᠪᠦᠷᠢᠯᠡᠬᠦ ᠠᠷᠠᠳ ᠤᠨ ᠴᠠᠭᠳᠠᠭ᠎ᠠ ᠪᠤᠵᠠᠷ ᠵᠣᠭᠤᠰ ᠢ ᠨᠡᠬᠡᠮᠵᠢᠯᠡᠬᠦ ᠪᠠᠨ ᠵᠣᠭᠰᠣᠭᠰᠠᠨ ᠦᠭᠡᠶ᠂ ᠬᠤᠶᠠᠷ ᠵᠢᠯ ᠤᠨ ᠲᠤᠷᠰᠢ᠂ 3 ᠶᠠᠯ᠎ᠠ ᠬᠢᠭᠰᠡᠨ ᠰᠡᠵᠢᠭᠳᠡᠨ ᠤ ᠬᠡᠷᠡᠭ ᠲᠤ ᠬᠤᠯᠪᠣᠭᠳᠠᠭᠰᠠᠨ ᠪᠡᠯᠡ ᠮᠥᠩᠭᠦ ᠶᠢ ᠳᠠᠬᠢᠨ ᠳᠠᠪᠲᠠᠨ ᠡᠮᠬᠢᠯᠡᠬᠦ ᠪᠠᠷ ᠳᠠᠮᠵᠢᠭᠤᠯᠤᠨ᠂ ᠣᠶᠢᠷ᠎ᠠ ᠶᠢᠨ ᠡᠳᠦᠷ ᠲᠤ ᠬᠤᠬᠢᠷᠠᠯ ᠠᠮᠰᠠᠭᠴᠢ ᠯᠢᠦ ᠠᠪᠠᠭ᠋ᠠᠶ ᠶᠢᠨ ᠮᠡᠬᠡᠯᠡᠭᠳᠡᠭᠰᠡᠨ ᠪᠡᠯᠡ ᠮᠥᠩᠭᠦ ᠶᠢᠨ ᠰᠦᠪᠡᠭᠴᠢ ᠶᠢ ᠣᠯᠵᠤ᠂ ᠪᠤᠵᠠᠷ ᠵᠣᠭᠤᠰ ᠢ ᠠᠮᠵᠢᠯᠲᠠ ᠲᠠᠢ ᠪᠠᠷ ᠡᠭᠡᠭᠦᠯᠦᠨ ᠠᠪᠴᠢᠷᠠᠭᠰᠠᠨ ᠪᠥᠭᠡᠳ ᠬᠤᠬᠢᠷᠠᠯ ᠠᠮᠰᠠᠭᠴᠢ ᠳᠤ ᠴᠠᠭ ᠲᠤᠬᠠᠶ ᠳᠤ ᠨᠢ ᠪᠤᠴᠠᠭᠠᠵᠤ ᠥᠭᠪᠡ᠃
ᠢᠷᠡᠯᠲᠡ᠄ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ