ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠤᠷᠢᠭᠤᠯ ᠤᠨ ᠭᠠᠵᠠᠷ ᠰᠠᠭᠤᠭ᠎ᠠ ᠭᠠᠵᠠᠷ ᠤᠨ ᠪᠠᠶᠢᠴᠠᠭᠠᠬᠤ ᠲᠠᠰᠤᠭ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠮᠲᠤᠷᠠᠨ ︽ᠬᠤᠶᠠᠷ ᠬᠤᠷᠠᠯ︾ ᠠᠴᠠ ᠡᠮᠦᠨᠡᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2023/2/28
      ᠬᠤᠷᠢᠭᠤᠯ ᠤᠨ ᠭᠠᠵᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠶᠢᠭᠤᠯᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠬᠤᠷᠢᠭᠤᠯ ᠤᠨ ᠭᠠᠵᠠᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠬᠤᠷᠢᠭᠤᠯ ᠤᠨ ᠭᠠᠵᠠᠷ ᠰᠠᠭᠤᠭ᠎ᠠ ᠭᠠᠵᠠᠷ ᠤᠨ ᠪᠠᠶᠢᠴᠠᠭᠠᠬᠤ ᠲᠠᠰᠤᠭ᠂ ᠵᠡᠪᠰᠡᠭᠲᠦ ᠴᠠᠭᠳᠠᠭ᠎ᠠ ᠶᠢᠨ ᠳᠤᠮᠳᠠ ᠠᠩᠭᠢ ᠲᠠᠢ ᠬᠠᠮᠲᠤᠷᠠᠨ ᠭᠢᠨᠳᠠᠨ ᠤ ᠲᠣᠭᠤᠷᠢᠭ ᠲᠤ ᠨᠢᠭᠡ ᠤᠳᠠᠭᠠᠨ ᠤ ︽ᠲᠣᠤᠷ ᠲᠠᠲᠠᠬᠤ ᠮᠠᠶ᠋ᠢᠭ︾ ᠤᠨ ᠠᠮᠤᠷ ᠲᠦᠪᠰᠢᠨ ᠤ ᠶᠡᠭᠡ ᠪᠠᠶᠢᠴᠠᠭᠠᠯᠲᠠ ᠥᠷᠨᠢᠭᠦᠯᠪᠡ᠃      ᠲᠣᠰ ᠤᠳᠠᠭᠠᠨ ᠤ ᠪᠠᠶᠢᠴᠠᠭᠠᠯᠲᠠ ᠳᠤ ︽ᠠᠯᠢ ᠨᠢᠭᠡ ᠥᠨᠴᠥᠭ ᠪᠤᠯᠤᠩ ᠢ ᠴᠤ ᠠᠯᠳᠠᠯ ᠥᠬᠡᠶ᠂ ᠠᠯᠢ ᠨᠢᠭᠡ  ᠨᠠᠷᠢᠨ  ᠵᠦᠢᠯᠡᠰ  ᠢ  ᠴᠦ ᠣᠮᠲᠣᠭᠠᠶᠢᠯᠠᠯ ᠥᠬᠡᠶ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠢᠨᠳᠠᠨ ᠤ ᠲᠠᠰᠤᠭ ᠤᠨ ᠠᠵᠢᠯᠲᠠᠨ᠂ ᠡᠳ᠋ ᠪᠣᠳᠠᠰ᠂ ᠰᠠᠭᠤᠷᠢ ᠲᠥᠬᠦᠭᠡᠷᠦᠮᠵᠢ ᠳᠤ ᠲᠣᠰ ᠲᠣᠰ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠢᠯᠠᠩᠭᠤᠶ᠎ᠠ ᠬᠤᠷᠢᠭᠳᠠᠵᠤ ᠪᠠᠶᠢᠭ᠎ᠠ ᠬᠥᠮᠦᠰ ᠤᠨ ᠪᠡᠶ᠎ᠡ᠂ ᠬᠥᠨᠵᠢᠯᠡ ᠳᠡᠪᠢᠰᠬᠡᠷ᠂ ᠬᠤᠪᠴᠠᠰᠤ ᠬᠤᠨᠠᠷ᠂ ᠠᠮᠢᠳᠤᠷᠠᠯ ᠤᠨ ᠬᠡᠷᠡᠭᠰᠡᠯ ᠵᠢᠴᠢ ᠭᠢᠨᠳᠠᠨ ᠤ ᠲᠠᠰᠤᠭ ᠤᠨ ᠡᠭᠦᠳᠡ ᠴᠣᠩᠬᠤ᠂ ᠣᠷᠣ ᠶᠢᠨ ᠬᠠᠪᠲᠠᠰᠤ᠂ ᠴᠠᠬᠢᠯᠭᠠᠨ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠵᠡᠷᠭᠡ ᠳᠤ ᠨᠠᠷᠢᠨ ᠬᠢᠨᠠᠮᠠᠭᠠᠶ ᠪᠠᠶᠢᠴᠠᠭᠠᠯᠲᠠ ᠬᠢᠭᠰᠡᠨ ᠪᠠᠶᠢᠨ᠎ᠠ᠃ ᠡᠭᠦᠨ ᠤ ᠬᠠᠮᠲᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠵᠢᠴᠢ ᠬᠢᠨᠠᠨ ᠡᠵᠡᠮᠳᠡᠬᠦ ᠰᠢᠰᠲ᠋ᠧᠮ ᠢ ᠪᠥᠬᠦ ᠲᠠᠯ᠎ᠠ ᠪᠠᠷ ᠪᠠᠶᠢᠴᠠᠭᠠᠨ ᠵᠠᠰᠠᠵᠤ᠂ ᠡᠯ᠎ᠡ ᠵᠦᠢᠯ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ  ᠶᠢ  ᠪᠠᠲᠤᠯᠠᠭᠰᠠᠨ  ᠪᠠᠶᠢᠨ᠎ᠠ ᠃  ᠪᠠᠶᠢᠴᠠᠭᠠᠬᠤ ᠶᠠᠪᠤᠴᠠ ᠳᠤ᠂ ᠬᠤᠷᠢᠭᠤᠯ ᠤᠨ ᠭᠠᠵᠠᠷ ᠤᠨ ᠣᠷᠣᠨ ᠪᠠᠶᠢᠷᠢ ᠨᠢᠭᠡᠪᠦᠷᠢ᠂ ᠥᠷᠥᠭᠡ ᠨᠢᠭᠡᠪᠦᠷᠢ ᠳᠤ ᠴᠥᠮ ᠬᠦᠷᠴᠦ᠂ ᠣᠯᠵᠤ ᠦᠵᠡᠵᠦ᠂ ᠵᠢᠭᠰᠠᠭᠠᠨ ᠪᠠᠶᠢᠴᠠᠭᠠᠵᠤ᠂ ᠣᠷᠬᠢᠭᠳᠠᠭᠤᠯᠬᠤ ᠥᠬᠡᠶ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠡᠶᠡᠯᠡᠭᠦᠯᠪᠡ᠃ ᠪᠠᠶᠢᠴᠠᠭᠠᠯᠲᠠ ᠬᠢᠬᠦ ᠶᠢᠨ ᠬᠠᠮᠲᠤ ᠪᠠᠰᠠ ᠭᠢᠨᠳᠠᠨ ᠤ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠪᠠ᠃      ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ︽ᠴᠠᠭᠳᠠᠭ᠎ᠠ ᠪᠠᠶᠢᠴᠠᠭᠠᠬᠤ ᠴᠡᠷᠢᠭ︾ ᠭᠤᠷᠪᠠᠨ ᠲᠠᠯ᠎ᠠ ᠶᠢᠨ ᠬᠢᠨ ᠬᠤᠷᠠᠯ ᠬᠤᠷᠠᠯᠳᠤᠭᠤᠯᠵᠤ᠂ ᠲᠤᠰ ᠤᠳᠠᠭᠠᠨ ᠤ ᠶᠡᠭᠡ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠮᠡᠳᠡᠭᠳᠡᠭᠰᠡᠨ ᠪᠥᠭᠡᠳ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃      ᠲᠣᠰ ᠤᠳᠠᠭᠠᠨ ᠤ ᠪᠥᠬᠦ ᠲᠠᠯ᠎ᠠ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠪᠠᠷ ᠳᠡᠮᠵᠢᠨ᠂ ᠭᠢᠨᠳᠠᠨ ᠤ ᠳᠣᠲᠣᠭᠠᠳᠤ ᠶᠢᠨ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠭᠢᠨᠳᠠᠨ ᠤ ᠭᠠᠵᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ