︽ᠨᠠᠮ ᠤᠨ ᠪᠠᠶᠢᠭᠤᠯᠤᠯᠲᠠ ᠶᠢ ᠠᠳᠬᠤᠵᠤ᠂ ᠰᠤᠷᠲᠠᠯ ᠢ ᠴᠡᠭᠴᠡᠯᠡᠵᠦ᠂ ᠬᠡᠪ ᠴᠢᠨᠠᠷ ᠢ ᠴᠢᠩᠭᠠᠳᠬᠠᠨ᠂ ᠳᠦᠷᠢ ᠲᠥᠷᠬᠦ ᠶᠢ ᠪᠤᠶ ᠪᠣᠯᠭᠠᠬᠤ︾      ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠤᠷᠢᠭᠤᠯ ᠤᠨ ᠭᠠᠵᠠᠷ ᠬᠤᠷᠢᠭᠳᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/2/28
    ᠬᠤᠷᠢᠭᠳᠠᠵᠤ ᠪᠠᠶᠢᠭ᠎ᠠ ᠬᠥᠮᠦᠰ ᠤᠨ ᠠᠮᠢ ᠨᠠᠰᠤ ᠡᠷᠡᠭᠦᠯ ᠮᠡᠨᠳᠦ ᠶᠢᠨ ᠡᠷᠬᠡ ᠠᠰᠢᠭ ᠢ ᠪᠠᠲᠤᠯᠠᠵᠤ᠂ ᠬᠤᠷᠢᠭᠤᠯ ᠤᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠠᠬᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠬᠤᠷᠢᠭᠤᠯ ᠤᠨ ᠭᠠᠵᠠᠷ ᠤᠨ ᠬᠢᠨ ᠬᠤᠷᠢᠭᠳᠠᠵᠤ ᠪᠠᠶᠢᠭ᠎ᠠ ᠬᠥᠮᠦᠰ ᠤᠨ ᠬᠠᠭᠠᠰ ᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 202 ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠨ ᠢ ᠤᠷᠢᠵᠤ᠂ ᠬᠤᠷᠢᠬᠤ ᠬᠤᠭᠤᠴᠠᠭ᠎ᠠ ᠨᠢ ᠬᠠᠭᠠᠰ ᠵᠢᠯ ᠠᠴᠠ ᠳᠡᠭᠡᠭᠰᠢ ᠵᠢᠴᠢ ᠬᠠᠭᠠᠰ ᠵᠢᠯ ᠪᠣᠯᠤᠭᠠᠳᠤᠶ ᠪᠣᠯᠪᠠᠴᠤ ᠰᠠᠭᠤᠷᠢ ᠡᠪᠡᠳᠴᠢᠨ ᠲᠠᠢ ᠬᠤᠷᠢᠭᠳᠠᠵᠤ ᠪᠠᠶᠢᠭ᠎ᠠ ᠬᠥᠮᠦᠰ ᠲᠤ ᠪᠡᠶ᠎ᠡ ᠶᠢᠨ ᠪᠠᠶᠢᠴᠠᠭᠠᠯᠲᠠ ᠬᠢᠵᠦ᠂ ᠬᠠᠮᠲᠤᠷᠠᠨ ᠣᠨᠣᠰᠢᠯᠠᠪᠠ᠃
图片1.png
    2 ᠰᠠᠷ᠎ᠠ ᠶᠢᠨ ᠰᠡᠭᠦᠯᠴᠢ ᠪᠠᠷ᠂ 202 ᠡᠮᠨᠡᠯᠭᠡ ᠶᠢᠨ ᠬᠤᠷᠢᠶᠠᠨ ᠤ 5 ᠡᠮᠴᠢ ᠰᠤᠪᠢᠯᠠᠭᠴᠢ ᠲᠣᠨᠤᠭ ᠲᠥᠬᠦᠭᠡᠷᠦᠮᠵᠢ ᠪᠠᠨ ᠠᠪᠴᠤ ᠰᠤᠳᠤᠯᠭᠠᠨ ᠤ ᠭᠠᠵᠠᠷ ᠲᠤ ᠬᠦᠷᠴᠦ᠂ ᠴᠢᠩᠱᠠᠨ ᠲᠣᠭᠤᠷᠢᠭ ᠤᠨ ᠬᠤᠷᠢᠭᠤᠯ ᠤᠨ ᠭᠠᠵᠠᠷ ᠤᠨ ᠴᠠᠭᠳᠠᠭ᠎ᠠ ᠶᠢᠨ ᠬᠠᠮᠵᠢᠯᠴᠠᠭ᠎ᠠ ᠪᠠᠷ᠂ ᠬᠤᠶᠠᠷ ᠡᠳᠦᠷ ᠤᠨ ᠴᠠᠭ ᠢ ᠠᠰᠢᠭᠯᠠᠨ᠂ ᠪᠡᠶ᠎ᠡ ᠶᠢᠨ ᠪᠠᠶᠢᠴᠠᠭᠠᠯᠲᠠ ᠶᠢᠨ ᠬᠤᠷᠢᠭᠳᠠᠵᠤ ᠪᠠᠶᠢᠭ᠎ᠠ ᠬᠥᠮᠦᠰ ᠲᠤ ᠡᠩ ᠤᠨ ᠭᠠᠳᠠᠷ ᠰᠠᠯᠠᠭᠠᠨ ᠤ ᠪᠠᠶᠢᠴᠠᠭᠠᠯᠲᠠ᠂ ᠴᠢᠰᠤᠨ ᠤ ᠪᠠᠶᠢᠴᠠᠭᠠᠯᠲᠠ᠂ ᠰᠢᠭᠡᠰᠦᠨ ᠤ ᠪᠠᠶᠢᠴᠠᠭᠠᠯᠲᠠ᠂ ᠡᠯᠢᠭᠡᠨ ᠤ ᠠᠵᠢᠯ᠂ ᠪᠥᠭᠡᠷ᠎ᠡ ᠶᠢᠨ ᠠᠵᠢᠯ᠂ ᠵᠢᠷᠦᠬᠡᠨ ᠤ ᠯᠤᠭᠰᠢᠯᠲᠠ ᠶᠢᠨ ᠵᠢᠷᠤᠭ᠂ B ᠬᠡᠲᠦ ᠳᠣᠯᠭᠢᠶᠠᠨ ᠤ ᠪᠠᠶᠢᠴᠠᠭᠠᠯᠲᠠ ᠵᠡᠷᠭᠡ ᠵᠦᠢᠯᠡᠰ ᠢ ᠪᠠᠭᠲᠠᠭᠠᠭᠰᠠᠨ ᠪᠡᠶ᠎ᠡ ᠶᠢᠨ ᠪᠠᠶᠢᠴᠠᠭᠠᠯᠲᠠ ᠬᠢᠵᠡᠶ᠃ ᠪᠠᠶᠢᠴᠠᠭᠠᠯᠲᠠ ᠶᠢᠨ ᠳᠤᠮᠳᠠ᠂ ᠡᠮᠴᠢ ᠬᠤᠷᠢᠭᠳᠠᠵᠤ ᠪᠠᠶᠢᠭ᠎ᠠ ᠬᠥᠮᠦᠨ ᠤ ᠪᠡᠶ᠎ᠡ ᠶᠢᠨ ᠪᠠᠶᠢᠳᠠᠯ᠂ ᠡᠮ ᠳᠤ ᠬᠠᠷᠰᠢᠬᠤ ᠵᠢᠴᠢ ᠬᠡᠷ ᠪᠦᠯᠢ ᠶᠢᠨ ᠡᠪᠡᠳᠴᠢᠨ ᠤ ᠲᠡᠤᠬᠡ ᠵᠡᠷᠭᠡ ᠶᠢ ᠨᠠᠷᠢᠨ ᠠᠰᠠᠭᠤᠨ ᠯᠠᠪᠯᠠᠬᠤ ᠶᠢᠨ ᠬᠠᠮᠲᠤ ᠰᠠᠭᠤᠭ᠎ᠠ ᠡᠮᠨᠡᠯᠭᠡ ᠶᠢᠨ ᠲᠠᠰᠤᠭ ᠤᠨ ᠬᠤᠪᠢ ᠬᠥᠮᠦᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠ ᠡᠮᠨᠡᠨ ᠵᠠᠰᠠᠭᠰᠠᠨ ᠲᠡᠮᠳᠡᠭᠯᠡᠯ ᠲᠠᠢ ᠤᠶᠠᠯᠳᠤᠭᠤᠯᠤᠨ᠂ ᠭᠤᠤᠯᠳᠠᠯᠭ᠎ᠠ ᠲᠠᠢ ᠡᠪᠡᠳᠴᠢᠲᠡᠨ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠬᠦ ᠶᠢᠨ ᠬᠠᠮᠲᠤ ᠡᠮᠨᠡᠨ ᠵᠠᠰᠠᠬᠤ ᠰᠠᠨᠠᠭᠤᠯᠭ᠎ᠠ ᠳᠤᠷᠠᠳᠪᠠ᠃ ᠠᠷᠠᠳ ᠤᠨ ᠴᠠᠭᠳᠠᠭ᠎ᠠ ᠪᠣᠯᠤᠨ ᠡᠮᠴᠢ ᠰᠤᠪᠢᠯᠠᠭᠴᠢ ᠶᠢᠨ ᠨᠢᠭᠲᠠ ᠬᠠᠮᠵᠢᠯᠴᠠᠭ᠎ᠠ ᠳᠣᠣᠷ᠎ᠠ᠂ ᠬᠤᠷᠢᠭᠳᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢᠨ ᠠᠵᠢᠯ ᠢ ᠠᠮᠤᠷ ᠲᠦᠪᠰᠢᠨ ᠢᠶᠠᠷ ᠤᠷᠤᠭᠰᠢᠲᠠᠶ ᠪᠡᠶᠡᠯᠡᠭᠦᠯᠵᠡᠶ᠃    ᠲᠤᠰ ᠤᠳᠠᠭᠠᠨ ᠤ ᠪᠡᠶ᠎ᠡ ᠶᠢᠨ ᠪᠠᠶᠢᠴᠠᠭᠠᠯᠲᠠ ᠳᠤ᠂ ᠬᠤᠷᠢᠭᠳᠠᠵᠤ ᠪᠠᠶᠢᠭ᠎ᠠ ᠬᠥᠮᠦᠰ ᠤᠨ ᠪᠡᠶ᠎ᠡ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠭᠰᠡᠨ ᠢᠶᠠᠷ ᠪᠠᠷᠠᠬᠤ ᠦᠭᠡᠶ᠂ ᠭᠤᠤᠯᠳᠠᠯᠭ᠎ᠠ ᠲᠠᠢ ᠠᠶᠤᠯ ᠲᠦᠭᠰᠢᠭᠦᠷᠢ ᠲᠠᠢ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ ᠦᠨᠡᠨ ᠬᠦ ᠪᠡᠶᠡᠯᠡᠭᠦᠯᠬᠦ᠂ ᠬᠤᠷᠢᠭᠤᠯ ᠤᠨ ᠭᠠᠵᠠᠷ ᠤᠨ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠪᠠᠭᠤᠷᠠᠭᠤᠯᠬᠤ᠂ ᠭᠢᠨᠳᠠᠨ ᠬᠤᠷᠢᠭᠤᠯ ᠤᠨ ᠭᠠᠵᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠠᠬᠢᠭᠤᠯᠬᠤ ᠳᠤ ᠦᠨᠳᠦᠰᠦᠯᠡᠯ ᠬᠠᠩᠭᠠᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠬᠤᠷᠢᠭᠤᠯ ᠤᠨ ᠭᠠᠵᠠᠷ ᠤᠨ ᠬᠥᠮᠦᠨᠴᠢ ᠴᠢᠨᠠᠷ ᠤᠨ ᠬᠠᠯᠠᠮᠵᠢᠯᠠᠯ ᠢ ᠢᠯᠡᠷᠡᠭᠦᠯᠵᠦ᠂ ᠬᠤᠷᠢᠭᠳᠠᠵᠤ ᠪᠠᠶᠢᠭ᠎ᠠ ᠬᠥᠮᠦᠰ ᠤᠨ ᠠᠮᠢ ᠨᠠᠰᠤ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠪᠠᠲᠤᠯᠠᠵᠤ᠂ ᠡᠶ᠎ᠡ ᠵᠣᠬᠢᠴᠠᠯ ᠲᠠᠢ ᠬᠤᠷᠢᠭᠤᠯ ᠤᠨ ᠭᠠᠵᠠᠷ ᠢ ᠪᠠᠶᠢᠭᠤᠯᠬᠤ ᠳᠤ ᠮᠠᠰᠢ ᠰᠠᠶᠢᠨ ᠦᠢᠯᠡᠳᠦᠯ ᠦᠵᠡᠭᠦᠯᠪᠡ᠃
ᠢᠷᠡᠯᠲᠡ᠄ ᠪᠤᠭᠤᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ