ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠡᠷᠡᠬᠡᠢ ᠪᠦᠪᠠᠢ ᠴᠡᠩᠭᠡᠯ ᠤᠨ ᠬᠦᠷᠢᠶᠡᠯᠡᠩ ᠳᠤ ︽ᠴᠠᠭᠳᠠᠭᠠᠨ ᠤ ᠡᠷᠡᠬᠡᠢ ᠪᠦᠪᠠᠢ ᠪᠠᠶᠠᠷᠲᠤ ᠥᠯᠵᠡᠶᠢᠲᠦ ᠡᠳᠦᠷ ᠢ ᠪᠡᠯᠭᠡᠯᠡᠬᠦ︾ ᠭᠤᠤᠯ ᠰᠡᠳᠦᠪᠲᠦ ᠥᠯᠵᠡᠶᠢᠲᠦ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/1
      2 ᠳ᠋ᠤᠭᠠᠷ ᠰᠠᠷ᠎ᠠ ᠶᠢᠨ 3 ᠤ ᠡᠳᠦᠷ᠂ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠡᠷᠡᠬᠡᠢ ᠪᠦᠪᠠᠢ ᠴᠡᠩᠭᠡᠯ ᠤᠨ ᠬᠦᠷᠢᠶᠡᠯᠡᠩ ᠳᠤ ︽ᠴᠠᠭᠳᠠᠭᠠᠨ ᠤ ᠡᠷᠡᠬᠡᠢ ᠪᠦᠪᠠᠢ ᠪᠠᠶᠠᠷᠲᠤ ᠥᠯᠵᠡᠶᠢᠲᠦ ᠡᠳᠦᠷ ᠢ ᠪᠡᠯᠭᠡᠯᠡᠬᠦ︾ ᠭᠤᠤᠯ ᠰᠡᠳᠦᠪᠲᠦ ᠥᠯᠵᠡᠶᠢᠲᠦ ᠡᠳᠦᠷ ᠤᠨ ᠠᠵᠢᠯᠯᠠᠭ᠎ᠠ ᠥᠷᠨᠢᠭᠦᠯᠵᠦ᠂ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠵᠢᠴᠢ ᠬᠡᠤᠬᠡᠳ ᠨᠡᠶᠢᠲᠡ 40 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃
微信图片_20230213171938.jpg   
      ᠲᠣᠰ ᠠᠵᠢᠯᠯᠠᠭ᠎ᠠ ᠳᠤ ᠬᠡᠤᠬᠡᠳ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠭᠰᠢ ᠶᠢ ᠤᠷᠢᠵᠤ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠣᠭᠤᠯᠵᠤ᠂ ᠥᠯᠵᠡᠶᠢᠲᠦ ᠡᠳᠦᠷ ᠤᠨ ᠪᠠᠶᠠᠷ ᠤᠨ ᠢᠷᠡᠯᠲᠡ ᠶᠢ ᠨᠠᠷᠢᠨ ᠲᠠᠶᠢᠯᠪᠤᠷᠢᠯᠠᠵᠤ᠂ ᠴᠠᠭᠳᠠᠭᠠᠨ ᠤ ᠬᠡᠥᠬᠡᠳ ᠤᠳ ᠭᠠᠷ ᠲᠠᠬᠢ ᠵᠢᠷᠤᠭ ᠤᠨ ᠪᠢᠷ ᠢᠶᠠᠷ ᠢᠶᠠᠨ ᠠᠯᠢ ᠣᠯᠠᠨ ᠬᠥᠭᠡᠷᠦᠬᠦᠨ ᠭᠤᠤᠯ ᠰᠡᠳᠦᠪᠲᠦ ᠵᠢᠷᠤᠭ ᠤᠳ ᠢ ᠵᠢᠷᠤᠭᠯᠠᠨ᠂ ᠰᠡᠳᠬᠢᠯ ᠤᠨ ᠬᠦᠰᠡᠯ ᠡᠷᠡᠮᠡᠯᠵᠡᠯ ᠪᠠ ᠵᠥᠩᠨᠡᠯ ᠢᠶᠠᠨ ᠢᠯᠡᠳᠬᠡᠨ᠂ ᠣᠯᠠᠨ ᠢᠶᠠᠷ ᠢᠶᠠᠨ ᠠᠵᠢᠯᠯᠠᠭ᠎ᠠ ᠳᠤᠮᠳᠠ ᠪᠠᠨ ᠮᠦᠷᠦᠶᠢᠴᠡᠨ᠂ ᠣᠨᠢᠰᠤᠭ᠎ᠠ ᠳᠠᠭᠠᠵᠤ ᠮᠥᠷᠦ᠋ᠢᠴᠡᠵᠦ᠂ ᠡᠷᠲᠡᠨ ᠤ ᠰᠢᠯᠦᠭ ᠢ ᠤᠶᠠᠩᠭᠠᠯᠠᠨ ᠤᠩᠰᠢᠵᠤ᠂ ᠪᠠᠶᠠᠷ ᠬᠥᠷ ᠲᠠᠢ ᠥᠯᠵᠡᠶᠢᠲᠦ ᠡᠳᠦᠷ ᠤᠨ ᠥᠯᠵᠡᠶᠢᠲᠦ ᠡᠳᠦᠷ ᠢ ᠥᠩᠭᠡᠷᠡᠭᠦᠯᠪᠡ᠃
微信图片_20230213172003.jpg   
      ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ᠂ ᠪᠠᠶᠠᠷ ᠪᠠᠶᠠᠰᠬᠤᠯᠠᠩᠲᠤ ᠴᠠᠭᠳᠠᠭ᠎ᠠ ᠶᠢᠨ ᠬᠤᠸᠠᠷᠠᠨ᠂ ᠣᠯᠠᠨ ᠢᠶᠠᠷ ᠢᠶᠠᠨ ᠬᠦᠷ ᠬᠦᠭᠵᠢᠶᠡᠨ ᠲᠠᠢ ᠪᠠᠶᠠᠷ ᠤᠨ ᠡᠳᠦᠷ ᠢ ᠤᠭᠳᠤᠯ᠎ᠠ᠃ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠠᠵᠢᠯ ᠤᠨ ᠣᠨᠴᠠᠭᠠᠶ ᠴᠢᠨᠠᠷ ᠠᠴᠠ ᠪᠣᠯᠵᠣ᠂ ᠬᠡᠤᠬᠡᠳ ᠤᠨ ᠤᠳᠠᠭ᠎ᠠ ᠪᠦᠷᠢ ᠶᠢᠨ ᠦᠰᠦᠨ ᠪᠤᠶᠢᠵᠢᠯᠲᠠ ᠶᠢ ᠭᠡᠷᠡᠴᠢᠯᠡᠬᠦ ᠶᠢᠨ ᠠᠷᠭ᠎ᠠ ᠥᠬᠡᠶ᠂ ᠬᠡᠷ ᠤᠨ ᠬᠥᠮᠦᠰ ᠤᠨ ᠢᠶᠠᠨ ᠤᠳᠠᠭ᠎ᠠ ᠪᠦᠷᠢ ᠶᠢᠨ ᠠᠮᠠᠯᠠᠯᠲᠠ ᠶᠢ ᠪᠡᠶᠡᠯᠡᠭᠦᠯᠬᠦ ᠶᠢᠨ ᠠᠷᠭ᠎ᠠ ᠥᠬᠡᠶ ᠪᠠᠶᠢᠵᠤ᠂ ᠲᠠᠳᠠ ᠬᠡᠳᠦ᠋ᠢᠪᠡᠷ ᠬᠡᠷ ᠪᠦᠯᠢ ᠳᠤ ᠪᠠᠨ ᠳᠤᠲᠠᠭᠳᠠᠵᠤ ᠪᠠᠶᠢᠭ᠎ᠠ ᠪᠣᠯᠪᠠᠴᠤ ᠳᠣᠲᠣᠭᠠᠳᠤ ᠰᠡᠳᠬᠢᠯ ᠤᠨ ᠬᠠᠶᠢᠷ᠎ᠠ ᠬᠠᠯᠠᠮᠵᠢ ᠨᠢ ᠶᠡᠷᠦ ᠠᠴᠠ ᠳᠤᠲᠠᠭᠳᠠᠵᠤ ᠪᠣᠯᠤᠰᠢ ᠥᠬᠡᠶ ᠶᠤᠮ᠃ ᠡᠨᠡ ᠤᠳᠠᠭᠠᠨ ᠤ ᠠᠵᠢᠯᠯᠠᠭ᠎ᠠ ᠨᠢ ᠣᠯᠠᠨ ᠳᠤ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠭᠦᠨ ᠠᠭᠤᠯᠬᠤᠨ ᠢ ᠮᠡᠳᠡᠷᠡᠭᠦᠯᠵᠦ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠠᠷᠠᠳ ᠤᠨ ᠴᠠᠭᠳᠠᠭ᠎ᠠ ᠶᠢᠨ ᠭᠡᠷ ᠪᠦᠯᠢ ᠶᠢᠨ ᠬᠢᠨ ᠤ ᠣᠶᠢᠯᠠᠭᠠᠯᠲᠠ ᠪᠠ ᠳᠡᠮᠵᠢᠯᠭᠡ ᠶᠢ ᠨᠡᠮᠡᠭᠳᠡᠭᠦᠯᠵᠦ᠂ ᠴᠠᠭᠳᠠᠭᠠᠨ ᠤ ᠬᠤᠸᠠᠷᠠᠨ ᠤ ︽ᠮᠠᠶᠢᠬᠠᠨ︾ ᠤ ᠬᠠᠯᠠᠭᠤᠨ ᠳᠤᠯᠠᠭᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃
 微信图片_20230213172024.jpg 
      ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠡᠷᠡᠬᠡᠢ ᠪᠦᠪᠡᠢ ᠴᠡᠩᠭᠡᠯ ᠤᠨ ᠬᠦᠷᠢᠶᠡᠯᠡᠩ ᠢ 2022 ᠣᠨ ᠤ ᠵᠢᠯ ᠤᠨ ᠡᠴᠦᠰ ᠲᠤ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ 180 ᠲᠡᠭᠰᠢ ᠳᠥᠷᠪᠡᠯᠵᠢᠨ ᠮᠧᠲᠷ ᠤᠨ ᠲᠠᠯᠠᠪᠠᠶ ᠲᠠᠢ᠂ ᠬᠡᠤᠬᠡᠳ ᠤᠨ ᠰᠤᠷᠭᠠᠨ ᠬᠥᠮᠦᠵᠢᠯ ᠤᠨ ᠲᠤᠰᠬᠠᠶ ᠪᠠᠶᠢᠭᠤᠯᠤᠮᠵᠢ ᠲᠠᠢ ᠬᠠᠮᠲᠤᠷᠠᠨ᠂ ᠡᠪᠦᠯ ᠵᠣᠨ ᠤ ᠠᠮᠠᠷᠠᠯᠲᠠ ᠳᠤ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠦᠷ᠎ᠡ ᠬᠡᠤᠬᠡᠳ ᠢ ᠨᠠᠶᠢᠳᠠᠨ ᠬᠠᠮᠢᠶᠠᠷᠤᠭᠤᠯᠵᠤ᠂ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠠᠵᠢᠯ ᠶᠠᠭᠠᠷᠠᠤ ᠠᠴᠠ ᠪᠣᠯᠵᠣ ᠥᠪᠡᠷ ᠤᠨ ᠬᠡᠤᠬᠡᠳ ᠢᠶᠠᠨ ᠬᠠᠷᠠᠭᠠᠯᠵᠠᠵᠤ ᠳᠡᠶᠢᠯᠬᠦ ᠥᠬᠡᠶ ᠪᠠᠶᠢᠬᠤ ᠪᠣᠳᠠᠲᠠᠶ ᠬᠦᠴᠢᠷᠳᠡᠯ ᠢ ᠰᠢᠢᠳᠪᠦᠷᠢᠯᠡᠵᠡᠢ᠃ ᠴᠡᠴᠡᠷᠯᠢᠭ ᠲᠤ ᠵᠢᠷᠤᠭ ᠤᠨ ᠳᠡᠪᠲᠡᠷ᠂ ᠲᠣᠭᠯᠠᠭᠠᠮ᠂ ᠣᠶᠤᠨ ᠢ ᠰᠠᠶᠢᠵᠢᠷᠠᠭᠤᠯᠬᠤ᠂ ᠵᠣᠬᠢᠶᠠᠨ ᠪᠦᠲᠦᠭᠡᠬᠦ᠂ ᠵᠢᠷᠤᠭ ᠵᠢᠷᠤᠬᠤ ᠵᠡᠷᠭᠡ ᠠᠵᠢᠯᠯᠠᠭᠠᠨ ᠤ ᠣᠷᠣᠨ ᠢ ᠲᠣᠬᠢᠷᠠᠭᠤᠯᠤᠭᠰᠠᠨ ᠤ ᠬᠠᠮᠲᠤ 30 ᠭᠠᠷᠤᠶ ᠴᠠᠭᠳᠠᠭᠠᠨ ᠤ ᠦᠷ᠎ᠡ ᠬᠡᠥᠬᠡᠳ ᠢ ᠴᠡᠴᠡᠷᠯᠢᠭ ᠲᠤ ᠣᠷᠣᠭᠤᠯᠵᠤ᠂ ᠬᠡᠤᠬᠡᠳ ᠤᠳ ᠲᠤ ᠦᠨᠡᠨ ᠬᠦ ᠬᠠᠯᠠᠭᠤᠨ ᠳᠤᠯᠠᠭᠠᠨ᠂ ᠰᠣᠨᠢᠷᠬᠠᠯᠲᠠᠶ᠂ ᠪᠠᠶᠠᠯᠢᠭ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠭᠰᠡᠨ ᠪᠠᠶᠢᠨ᠎ᠠ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭ᠎ᠠ ᠶᠢ ᠬᠠᠶᠢᠷᠠᠯᠠᠵᠤ ᠴᠠᠭᠳᠠᠭ᠎ᠠ ᠶᠢ ᠬᠠᠯᠠᠮᠵᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠴᠠᠭᠳᠠᠭ᠎ᠠ ᠶᠢ ᠬᠠᠷᠠᠭᠠᠯᠵᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠬᠦᠴᠢᠷᠳᠡᠯ ᠲᠠᠢ ᠪᠣᠯ ᠵᠣᠬᠢᠶᠠᠨ ᠪᠠᠶᠢᠭᠤᠯᠤᠯᠲᠠ ᠶᠢ ᠡᠷᠢᠬᠦ︾ ᠶᠢ ᠦᠨᠡᠨ ᠬᠦ ᠥᠷᠭᠡᠨ ᠣᠯᠠᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠲᠡᠷᠢᠭᠦᠨ ᠰᠣᠩᠭᠤᠯᠲᠠ ᠪᠣᠯᠭᠠᠵᠤ᠂ ᠠᠵᠢᠯ ᠮᠡᠷᠭᠡᠵᠢᠯ ᠤᠨ ᠢᠷᠠᠭᠤ ᠠᠯᠳᠠᠷ ᠤᠨ ᠰᠡᠳᠬᠢᠯᠭᠡ᠂ ᠣᠮᠤᠭ ᠪᠠᠭ᠋ᠠᠳᠤᠯᠲᠤ ᠰᠡᠳᠬᠢᠯᠭᠡ᠂ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠨ᠂ ᠡᠩᠨᠡᠭᠡ ᠶᠢᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ᠂ ᠳᠠᠶᠢᠴᠢᠨ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃       ᠮᠡᠳᠡᠭᠡᠯᠡᠭᠴᠢ᠄ ᠣᠷᠳᠤᠰ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠯᠢᠦ ᠢᠦᠢ ᠡᠾᠧ 
ᠢᠷᠡᠯᠲᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ