ᠨᠡᠭᠦᠳᠡᠯ ᠤᠨ ᠰᠢᠪᠠᠭᠤ ᠬᠢᠯᠢ ᠪᠠᠷ ᠥᠩᠭᠡᠷᠡᠬᠦ ᠳᠤ ᠴᠠᠭᠳᠠᠭ᠎ᠠ ᠲᠡᠭᠦᠨ ᠤ  ︽ᠰᠠᠬᠢᠨ ᠬᠠᠮᠠᠭᠠᠯᠠᠭᠴᠢ︾ ᠪᠣᠯᠪᠠ
ᠨᠡᠶᠢᠲᠡᠯᠡᠭᠰᠡᠨ ᠴᠠᠭ᠄
2023/3/1
     ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠣᠷᠴᠢᠨ ᠲᠤᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠪᠤᠷᠢ ᠠᠩᠭᠢ ᠶᠢᠨ ᠴᠠᠭᠳᠠᠭ᠎ᠠ ᠨᠠᠷ ᠦᠬᠠᠢ ᠬᠤᠳᠠ ᠶᠢᠨ ᠤᠢ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠪᠠ ᠬᠡᠭᠡᠷ᠎ᠡ ᠶᠢᠨ ᠠᠮᠢᠳᠠᠨ ᠤᠷᠭᠤᠮᠠᠯ ᠢ ᠬᠠᠮᠠᠭᠠᠯᠠᠬᠤ ᠲᠥᠪ ᠤᠨ ᠠᠵᠢᠯᠲᠠᠳ ᠲᠠᠢ ᠬᠠᠮᠲᠤᠷᠠᠨ ᠨᠡᠭᠦᠳᠡᠯ ᠤᠨ ᠰᠢᠪᠠᠭᠤ ᠶᠢᠨ ᠲᠥᠪᠯᠡᠷᠡᠨ ᠠᠮᠢᠳᠤᠷᠠᠬᠤ ᠭᠠᠵᠠᠷ ᠪᠣᠯᠣᠨ ᠨᠡᠭᠦᠳᠡᠯ ᠤᠨ ᠵᠠᠮ ᠢ ᠲᠣᠭᠤᠷᠢᠨ ᠪᠠᠶᠢᠴᠠᠭᠠᠵᠠᠢ᠃
 微信图片_20221201115052.jpg 
      ᠲᠣᠭᠤᠷᠢᠨ ᠪᠠᠶᠢᠴᠠᠭᠠᠬᠤ ᠶᠠᠪᠤᠴᠠ ᠳᠤ᠂ ᠬᠤᠨ ᠭᠠᠯᠠᠭᠤ᠂ ᠯᠠᠮᠠ ᠭᠠᠯᠠᠭᠤ᠂ ᠱᠠᠩᠬᠤᠲᠤ ᠭᠠᠯᠠᠭᠤ ᠵᠡᠷᠭᠡ ᠨᠡᠭᠦᠳᠡᠯ ᠤᠨ ᠰᠢᠪᠠᠭᠤ ᠬᠠᠲᠤᠨ ᠭᠤᠣᠯ ᠤᠨ ᠡᠷᠭᠢ ᠳᠠᠭᠠᠤ ᠵᠣᠭᠰᠣᠵᠤ ᠢᠳᠡᠰᠢ ᠡᠷᠢᠬᠦ ᠶᠢ ᠣᠯᠵᠤ ᠬᠠᠷᠠᠭᠠᠳ᠂ ᠠᠷᠠᠳ ᠤᠨ ᠴᠠᠭᠳᠠᠭ᠎ᠠ ᠳᠤᠷᠠᠨ ᠢᠶᠠᠷ ᠠᠵᠢᠭᠯᠠᠨ ᠬᠡᠮᠵᠢᠬᠦ᠂ ᠰᠡᠭᠦᠳᠡᠷᠯᠡᠨ ᠲᠡᠮᠳᠡᠭᠯᠡᠬᠦ ᠵᠡᠷᠭᠡ ᠠᠷᠭ᠎ᠠ ᠮᠠᠶ᠋ᠢᠭ ᠢᠶᠠᠷ ᠨᠡᠭᠦᠳᠡᠯ ᠤᠨ ᠰᠢᠪᠠᠭᠤᠨ ᠤ ᠠᠵᠢᠯᠯᠠᠭᠠᠨ ᠤ ᠪᠣᠳᠠᠲᠠᠢ ᠪᠠᠶᠢᠳᠠᠯ ᠢ ᠡᠵᠡᠮᠰᠢᠪᠡ᠃ ᠡᠭᠦᠨ ᠤ ᠵᠡᠷᠭᠡ ᠳᠤ ᠨᠡᠭᠦᠳᠡᠯ ᠤᠨ ᠰᠢᠪᠠᠭᠤ ᠶᠢ ᠰᠣᠨᠢᠷᠬᠠᠬᠤ ᠪᠠᠷ ᠢᠷᠡᠭᠰᠡᠨ ᠬᠤᠲᠠ ᠶᠢᠨ ᠠᠷᠠᠳ ᠲᠤ ᠨᠡᠭᠦᠳᠡᠯ ᠤᠨ ᠰᠢᠪᠠᠭᠤ ᠶᠢ ᠬᠠᠮᠠᠭᠠᠯᠠᠬᠤ ᠬᠠᠮᠢᠶ᠎ᠠ ᠪᠦᠬᠦᠢ ᠤᠬᠠᠭᠤᠯᠭ᠎ᠠ ᠶᠢ ᠥᠷᠨᠢᠭᠦᠯᠵᠦ᠂ ᠰᠢᠪᠠᠭᠤ ᠶᠢ ᠬᠠᠶᠢᠷᠠᠯᠠᠵᠤ ᠰᠢᠪᠠᠭᠤ ᠶᠢ ᠬᠠᠮᠠᠭᠠᠯᠠᠬᠤ ᠮᠡᠳᠡᠯᠭᠡ ᠶᠢ ᠲᠠᠶᠢᠯᠪᠤᠷᠢᠯᠠᠨ ᠥᠭᠴᠦ᠂ ᠣᠯᠠᠨ ᠲᠦᠮᠡᠨ ᠢ ᠳᠠᠶᠢᠴᠢᠯᠠᠨ ᠬᠠᠤᠯᠢ ᠪᠤᠰᠤ ᠪᠠᠷ ᠬᠡᠭᠡᠷ᠎ᠡ ᠶᠢᠨ ᠠᠮᠢᠲᠠᠨ ᠢ ᠠᠩᠨᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠷᠡᠭᠦᠯᠪᠡᠯ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂ ᠣᠯᠠᠨ ᠢᠶᠠᠷ ᠢᠶᠠᠨ ᠬᠠᠮᠲᠤ ᠪᠠᠷ ᠰᠢᠪᠠᠭᠤ ᠶᠢ ᠬᠠᠶᠢᠷᠠᠯᠠᠵᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠰᠤᠭᠠᠢ ᠭᠡᠪᠡ᠃
 微信图片_20221201115434.jpg 
      ᠲᠠᠷᠠᠭᠠᠴᠢ ᠶᠢᠨ ᠠᠯᠬᠤᠮ ᠳᠤ᠂ ᠦᠬᠠᠢ ᠶᠢᠨ ᠳᠣᠲᠣᠭᠠᠳᠤ ᠶᠢ ᠬᠠᠮᠠᠭᠠᠯᠠᠬᠤ ᠡᠯ᠎ᠡ ᠱᠠᠲᠤᠨ ᠤ ᠠᠮᠢ ᠠᠬᠤᠢ ᠣᠷᠴᠢᠨ ᠲᠤᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠤᠨ ᠬᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠢᠳᠡᠪᠬᠢᠲᠡᠢ ᠪᠠᠷ ᠴᠢᠩᠭᠠᠷᠠᠭᠤᠯᠤᠨ᠂ ᠨᠡᠭᠦᠳᠡᠯ ᠤᠨ ᠰᠢᠪᠠᠭᠤ ᠶᠢᠨ ᠣᠷᠣᠰᠢᠨ ᠰᠠᠭᠤᠵᠤ ᠪᠠᠶᠢᠭ᠎ᠠ ᠪᠠᠶᠢᠳᠠᠯ ᠢ ᠨᠢᠭᠲᠠ ᠬᠢᠨᠠᠨ ᠬᠡᠮᠵᠢᠵᠦ᠂ ᠬᠠᠤᠯᠢ ᠪᠤᠰᠤ ᠡᠲᠡᠭᠡᠳ ᠤᠨ ᠳᠤᠷ᠎ᠠ ᠪᠠᠷ ᠢᠶᠠᠨ ᠠᠩᠨᠠᠨ ᠠᠯᠠᠬᠤ ᠶᠢ ᠡᠷᠡᠰ ᠰᠡᠷᠭᠡᠶᠢᠯᠡᠵᠦ᠂ ᠦᠬᠠᠢ ᠬᠤᠲᠠ ᠶᠢᠨ ᠬᠢᠯᠢ ᠳᠣᠲᠣᠷ᠎ᠠ ᠠᠴᠠ ᠢᠳᠡᠰᠢ ᠡᠷᠢᠬᠦ ᠪᠠ ᠠᠮᠤᠷ ᠲᠦᠪᠰᠢᠨ ᠢᠶᠠᠷ ᠰᠠᠭᠠᠲᠠᠬᠤ ᠶᠢ ᠦᠨᠡᠨ ᠬᠦ ᠪᠠᠳᠤᠯᠠᠪᠠ᠃    ᠮᠡᠳᠡᠭᠡᠯᠡᠭᠴᠢ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠯᠠᠩᠭᠤᠷᠪᠠ 
ᠢᠷᠡᠯᠲᠡ᠄ ᠦᠬᠠᠢ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ