ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 122 ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/1
     2022 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠪᠣᠯ ᠠᠷᠪᠠᠨ ᠨᠢᠭᠡᠳᠡᠬᠢ ︽ᠪᠥᠬᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ︾ ᠪᠣᠯᠣᠨ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠥᠭᠡᠮᠡᠯᠵᠢᠯᠡᠭᠦᠯᠬᠦ᠂ ᠥᠷᠭᠡᠨ ᠣᠯᠠᠨ ᠵᠠᠮ ᠬᠠᠷᠢᠯᠴᠠᠭᠠᠨ ᠳᠤ ᠣᠷᠣᠯᠴᠠᠭᠰᠠᠳ ᠤᠨ ᠪᠣᠯᠪᠠᠰᠤᠨ ᠢᠶᠠᠷ ᠬᠠᠤᠯᠢ ᠶᠢ ᠰᠠᠬᠢᠵᠤ ᠭᠠᠳᠠᠭᠰᠢ ᠭᠠᠷᠬᠤ ᠶᠢ ᠰᠠᠨᠠᠭᠠᠴᠢᠯᠠᠬᠤ ᠶᠢᠨ ᠲᠥᠯᠥᠭᠡ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠭᠠᠵᠠᠷ ᠣᠷᠣᠨ ᠤ ᠪᠠᠶᠢᠳᠠᠯ ᠳᠤ ᠪᠠᠨ ᠵᠣᠬᠢᠴᠠᠭᠤᠯᠤᠨ᠂ ᠴᠠᠭ ᠤᠨ ᠪᠠᠶᠢᠳᠠᠯ ᠳᠤ ᠨᠢ ᠲᠣᠬᠢᠷᠠᠭᠤᠯᠤᠨ᠂ ᠪᠦᠬᠦ ᠲᠠᠯ᠎ᠠ ᠪᠠᠷ ᠵᠡᠷᠭᠡᠪᠡᠷ ᠬᠥᠳᠡᠯᠦᠯᠴᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠠᠮᠤᠷ ᠲᠦᠪᠰᠢᠨ ᠢ ᠡᠷᠬᠢᠮᠯᠡᠨ᠂ ᠬᠠᠷᠢᠶ᠎ᠠ ᠣᠷᠣᠨ ᠳᠤ ᠪᠠᠨ ︽ᠪᠣᠯᠪᠠᠰᠤᠨ ᠢᠶᠠᠷ ᠬᠠᠤᠯᠢ ᠶᠢ ᠰᠠᠬᠢᠵᠤ ᠠᠮᠤᠷ ᠲᠦᠪᠰᠢᠨ ᠢᠶᠠᠷ ᠭᠡᠷ ᠲᠤ ᠪᠠᠨ ᠬᠠᠷᠢᠬᠤ︾ ᠭᠡᠬᠦ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃
微信图片_20221205102200.jpg  
      ᠨᠢᠭᠡ ᠳᠤ᠂ ᠡᠯ᠎ᠡ ᠲᠦᠷᠦᠯ ᠤᠨ ᠳᠡᠯᠭᠡᠴᠡ ᠶᠢ ᠭᠡᠷᠡᠯᠳᠦᠭᠦᠯᠪᠡ᠃ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠬᠢᠨ ᠪᠦᠬᠦ ᠬᠤᠳᠠ ᠶᠢᠨ ᠬᠡᠪᠴᠢᠶᠡᠨ ᠳᠤ ︽ᠭᠡᠷ ᠤᠨ ᠭᠠᠳᠠᠨᠠᠬᠢ ᠳᠡᠯᠭᠡᠴᠡ + ᠭᠠᠷ ᠤᠲᠠᠰᠤᠨ ᠤ ᠳᠡᠯᠭᠡᠴᠡ︾ ︽ᠲᠣᠮᠣ ᠳᠡᠯᠭᠡᠴᠡ + ᠵᠢᠵᠢᠭ ᠳᠡᠯᠭᠡᠴᠡ︾ ᠶᠢᠨ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠠᠪᠴᠤ᠂ ᠪᠥᠬᠦ ᠬᠤᠲᠠ ᠶᠢᠨ ᠬᠡᠪᠴᠢᠶᠡᠨ ᠳᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃
微信图片_20221205102657.jpg   
      ᠬᠤᠶᠠᠷ ᠲᠤ᠂ ᠪᠦᠬᠦ ᠬᠤᠲᠠ ᠶᠢᠨ ᠡᠯ᠎ᠡ ᠲᠠᠯᠠᠪᠠᠢ ᠨᠡᠶᠢᠭᠡᠮ ᠲᠣᠭᠤᠷᠢᠭ ᠲᠤ ᠲᠥᠪᠯᠡᠷᠡᠭᠦᠯᠦᠨ ᠤᠬᠠᠭᠤᠯᠪᠠ᠃ ᠵᠠᠮ ᠬᠠᠷᠢᠯᠴᠠᠭᠠᠨ ᠤ ᠴᠠᠭᠳᠠᠭ᠎ᠠ ᠬᠠᠷᠢᠶ᠎ᠠ ᠣᠷᠣᠨ ᠤ ᠠᠭᠤᠳᠠᠮ ᠲᠠᠯᠠᠪᠠᠢ᠂ ᠨᠡᠶᠢᠭᠡᠮ ᠲᠣᠭᠤᠷᠢᠭ ᠲᠤ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠷᠯᠠᠯ ᠨᠠᠭᠠᠬᠤ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠯᠠᠨ ᠲᠦᠮᠡᠨ ᠤ ᠠᠰᠠᠭᠤᠯᠲᠠ ᠶᠢ ᠬᠠᠷᠢᠭᠤᠯᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠶᠠᠷᠢᠵᠤ᠂ ᠠᠮᠤᠷ ᠲᠦᠪᠰᠢᠨ ᠢᠶᠠᠷ ᠶᠠᠪᠤᠵᠤ ᠰᠠᠭᠤᠬᠤ ᠣᠶᠢᠯᠠᠭᠠᠭᠳᠠᠬᠤᠨ ᠢ ᠰᠠᠨᠠᠭᠠᠴᠢᠯᠠᠪᠠ᠃
 微信图片_20221205103042.jpg  
     ᠭᠤᠷᠪᠠ ᠳᠤ᠂ ᠭᠤᠣᠯᠳᠠᠯᠭ᠎ᠠ ᠲᠠᠢ ᠲᠠᠯᠠᠪᠤᠷ ᠲᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠰᠤᠯᠠᠷᠠᠭᠤᠯᠤᠯ ᠦᠭᠡᠢ ᠠᠮᠤᠷ ᠲᠦᠪᠰᠢᠨ ᠤ ᠤᠬᠠᠭᠤᠯᠭ᠎ᠠ ᠦᠷᠨᠢᠭᠦᠯᠪᠡ᠃ ᠵᠢᠯᠣᠭᠤᠴᠢ ᠶᠢᠨ ᠠᠮᠤᠷ ᠲᠦᠪᠰᠢᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠡᠭᠦᠨ ᠤ ᠤᠯᠠᠮ ᠠᠴᠠ ᠵᠠᠮ ᠬᠠᠷᠢᠯᠴᠠᠭᠠᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠪᠠ ᠪᠠᠭᠠᠰᠬᠠᠬᠤ ᠶᠢ ᠭᠤᠣᠯᠳᠠᠯᠭ᠎ᠠ ᠲᠠᠢ ᠤᠬᠠᠭᠤᠯᠪᠠ᠃     ᠮᠡᠳᠡᠭᠡᠯᠡᠭᠴᠢ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠯᠠᠩᠭᠤᠷᠪᠠ 
ᠢᠷᠡᠯᠲᠡ᠄ ᠦᠬᠠᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ