ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠲᠣᠮᠣ ᠬᠡᠯᠪᠡᠷᠢ ᠶᠢᠨ ᠤᠬᠢᠶᠠᠯᠭ᠎ᠠ ᠶᠢᠨ ᠲᠠᠯᠠᠪᠤᠷ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/3/1
     ᠠᠵᠢᠯ ᠲᠥᠷᠥᠯ ᠤᠨ ᠲᠠᠯᠠᠪᠤᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ︽ᠱᠠᠯᠢᠭ ᠵᠠᠪᠬᠠᠢ ᠵᠦᠢᠯᠡᠰ᠂ ᠵᠣᠭᠤᠰ ᠮᠦᠷᠦᠶᠢᠴᠡᠬᠦ︾ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠠᠮᠠᠷᠬᠠᠨ ᠡᠭᠦᠰᠬᠡᠳᠡᠭ ᠤᠬᠢᠶᠠᠯᠭ᠎ᠠ ᠶᠢᠨ ᠲᠠᠯᠠᠪᠤᠷ ᠢ ᠲᠥᠪᠯᠡᠷᠡᠭᠦᠯᠦᠨ ᠪᠠᠶᠢᠴᠠᠭᠠᠵᠤ᠂ ᠤᠬᠢᠶᠠᠯᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠱᠠᠯᠢᠭ ᠵᠠᠪᠬᠠᠢ ᠵᠦᠢᠯᠡᠰ᠂ ᠵᠣᠭᠤᠰ ᠮᠦᠷᠦᠶᠢᠴᠡᠬᠦ ᠠᠵᠢᠯᠯᠠᠭ᠎ᠠ ᠶᠢᠨ ᠪᠣᠶ ᠪᠣᠯᠬᠤ ᠥᠨᠳᠦᠰᠦ ᠰᠣᠷᠪᠤᠯᠵᠢ ᠶᠢ ᠠᠷᠢᠯᠭᠠᠨ ᠴᠡᠭᠴᠡᠯᠡᠪᠡ᠃
 6f2cf9f790042f5e5d49148969c1523.jpg 
e4597046ed536cb1f1a283659d8dbca.jpg
     ᠲᠣᠰ ᠤᠳᠠᠭᠠᠨ ᠤ ᠠᠵᠢᠯᠯᠠᠭ᠎ᠠ ᠳᠤ᠂ ᠲᠣᠮᠣ ᠬᠡᠯᠪᠡᠷᠢ ᠶᠢᠨ ᠤᠬᠢᠶᠠᠯᠭ᠎ᠠ ᠶᠢᠨ ᠭᠠᠵᠠᠷ ᠢ ᠨᠡᠶᠢᠲᠡ 10 ᠪᠠᠶᠢᠴᠠᠭᠠᠵᠤ᠂ ᠲᠤᠬᠠᠢ ᠶᠢᠨ ᠲᠠᠯᠠᠪᠤᠷ ᠲᠤ 4 ᠤᠬᠢᠶᠠᠯᠭ᠎ᠠ ᠶᠢᠨ ᠭᠠᠵᠠᠷ ᠢ ᠰᠢᠢᠳᠭᠡᠨ ᠳᠣᠷᠭᠠᠪᠠ᠃ ᠲᠣᠰ ᠤᠳᠠᠭᠠᠨ ᠤ ᠪᠠᠶᠢᠴᠠᠭᠠᠨ ᠴᠡᠭᠴᠡᠯᠡᠬᠦ ᠪᠠᠷ ᠳᠠᠮᠵᠢᠭᠤᠯᠤᠨ᠂ ᠤᠬᠢᠶᠠᠯᠭ᠎ᠠ ᠶᠢᠨ ᠭᠠᠵᠠᠷ ᠤᠨ ᠡᠵᠡᠩᠨᠡᠭᠴᠢ᠂ ᠠᠵᠢᠯᠯᠠᠭᠴᠢᠳ ᠢ ᠤᠯᠠᠮ ᠨᠢᠭᠡ ᠠᠯᠬᠤᠮ ᠰᠢᠪᠠᠳᠠᠨ ᠵᠢᠯᠤᠭᠤᠳᠴᠤ ᠪᠠᠶᠢᠭᠠᠳ ᠬᠠᠤᠯᠢ ᠶᠢ ᠰᠠᠬᠢᠵᠤ ᠡᠵᠡᠩᠨᠡᠬᠦ ᠪᠠ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠳᠤ ᠬᠠᠮᠵᠢᠯᠴᠠᠬᠤ ᠤᠬᠠᠮᠰᠠᠷᠲᠤ ᠴᠢᠨᠠᠷ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠡᠮᠬᠢ ᠵᠢᠷᠤᠮ ᠢ ᠪᠦᠲᠦᠮᠵᠢᠲᠡᠶ ᠵᠢᠷᠤᠮᠵᠢᠭᠤᠯᠤᠨ᠂ ᠤᠬᠢᠶᠠᠯᠭ᠎ᠠ ᠶᠢᠨ ᠭᠠᠵᠠᠷ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠵᠦ᠂ ᠨᠡᠶᠢᠭᠡᠮ ᠤᠨ ᠠᠮᠤᠷ ᠳᠣᠭᠳᠠᠭᠤᠨ ᠪᠠᠶᠢᠬᠤ ᠶᠢ ᠦᠨᠡᠨ ᠬᠦ ᠪᠠᠲᠤᠯᠠᠪᠠ᠃ 
ᠢᠷᠡᠯᠲᠡ᠄ ᠬᠢᠩᠭᠠᠨ ᠠᠶᠢᠮᠠᠭ ᠤᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ