2022 ᠣᠨ ᠤ 11 ᠰᠠᠷ᠎ᠠ ᠶᠢᠨ 16 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ | ᠡᠰᠡᠷᠭᠦᠴᠡᠬᠦ ᠪᠠ ᠣᠨᠴᠠ ᠲᠦᠷᠦᠯ ᠤᠨ ᠴᠠᠭᠳᠠᠭ᠎ᠠ ᠶᠢᠨ ᠶᠡᠭᠡ ᠠᠩᠭᠢ ᠲᠦᠷᠦᠭᠦᠯᠡᠨ ᠰᠢᠯᠢ ᠶᠢᠨ ᠭᠤᠤᠯ ᠠᠶᠢᠮᠠᠭ ᠤᠨ ᠵᠡᠭᠦᠨ ᠬᠡᠰᠡᠭ ᠤᠨ ᠬᠤᠰᠢᠭᠤ ᠬᠤᠲᠠ | ᠲᠣᠭᠤᠷᠢᠭ ᠤᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠥᠷᠦᠯ ᠤᠨ ᠴᠠᠭᠳᠠᠭ᠎ᠠ ᠶᠢᠨ ᠲᠠᠶᠢᠴᠢᠯᠠᠯᠲᠠ ᠶᠢᠨ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | | | | | | | ᠲᠣᠰ ᠤᠳᠠᠭᠠᠨ ᠤ ᠣᠷᠣᠨ ᠪᠦᠰᠡ ᠠᠯᠤᠰᠯᠠᠨ ᠲᠠᠶᠢᠴᠢᠯᠠᠯᠲᠠ ᠶᠢᠨ ᠰᠣᠷᠢᠯᠲᠠ ᠶᠢᠨ ᠠᠵᠢᠯᠯᠠᠭ᠎ᠠ ᠳᠤ ᠰᠢᠯᠢᠩᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠤᠯᠠᠭᠠᠶ ᠬᠠᠮᠢᠶᠠᠷᠤᠯᠲᠠ ᠶᠢᠨ ᠣᠷᠣᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠲᠦᠷᠦᠯ ᠤᠨ | ᠴᠠᠭᠳᠠᠭ᠎ᠠ ᠶᠢᠨ ᠶᠡᠭᠡ ᠠᠩᠭᠢ ᠣᠷᠤᠯᠴᠠᠪᠠ᠃ | | | | ᠰᠣᠷᠢᠯᠲᠠ ᠶᠢᠨ ᠠᠵᠢᠯᠯᠠᠭ᠎ᠠ ᠰᠦᠷ ᠵᠢᠪᠬᠤᠯᠠᠩᠲᠤ ᠤᠯᠤᠰ ᠤᠨ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠡᠯ᠎ᠡ ᠰᠣᠷᠢᠯᠲᠠ ᠳᠤ | ᠣᠷᠣᠯᠴᠠᠬᠤ ᠨᠢᠭᠡᠴᠢ ᠠᠵᠢᠯᠯᠠᠭ᠎ᠠ ᠶᠢᠨ ᠶᠠᠪᠤᠴᠠ ᠶᠣᠰᠣᠭᠠᠷ ᠬᠠᠷᠢᠭᠤ ᠮᠡᠳᠡᠭᠦᠯᠦᠯᠲᠡ ᠶᠢᠨ ᠪᠣᠯᠪᠠᠰᠤᠷᠠᠯ ᠤᠨ ᠲᠥᠷᠥᠯ ᠢ ᠪᠡᠶᠡᠯᠡᠭᠦᠯᠵᠦ᠂ ᠬᠠᠮᠤᠭ ᠰᠡᠭᠦᠯ ᠳᠤ ᠡᠯ᠎ᠡ | ᠰᠣᠷᠢᠯᠲᠠ ᠳᠤ ᠣᠷᠣᠯᠴᠠᠬᠤ ᠨᠢᠭᠡᠴᠢ᠂ ᠬᠠᠮᠲᠤ ᠶᠢᠨ ᠴᠢᠨᠠᠷᠲᠠᠶ ᠬᠡᠷᠡᠭ ᠶᠠᠪᠤᠳᠠᠯ ᠢ ᠰᠢᠢᠳᠪᠦᠷᠢᠯᠡᠬᠦ ᠰᠣᠷᠢᠯᠲᠠ ᠶᠢᠨ ᠬᠢᠴᠢᠶᠡᠯ ᠲᠥᠷᠥᠯ ᠢ ᠨᠢᠭᠡᠳᠦᠯᠲᠡᠶ ᠥᠷᠨᠢᠭᠦᠯᠵᠦ᠂ | ᠠᠯᠤᠰ ᠵᠠᠶ ᠶᠢᠨ ᠬᠥᠳᠡᠯᠦᠩᠭᠦᠶ ᠲᠦᠷᠭᠡᠨ ᠲᠤᠰᠬᠠᠯ ᠤᠨ ᠵᠡᠪᠰᠡᠭᠲᠦ ᠬᠦᠴᠦᠨ ᠢᠶᠠᠷ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠣᠳᠠᠲᠤ ᠪᠠᠶᠢᠯᠳᠤᠭᠠᠨᠴᠢᠯᠠᠯᠲᠠ ᠶᠢᠨ | ᠴᠢᠳᠠᠪᠤᠷᠢ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ | | ᠮᠡᠳᠡᠭᠡᠯᠡᠭᠴᠢ᠄ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠭᠳᠠᠭᠤᠨᠪᠠᠶᠠᠷ᠂ ᠬᠡᠰᠢᠭ | | |