ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠥᠬᠡᠮᠥ᠋ᠷᠡᠨ ᠤ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠭᠰᠡᠨ ᠦᠷ᠎ᠡ ᠪᠦᠲᠦᠮᠵᠢ ᠢᠯᠡᠳᠲᠡ ᠪᠣᠯᠵᠤ 2022 ᠣᠨ ᠳᠤ ᠲᠣᠰ ᠲᠥᠷᠥᠯ ᠤᠨ ᠬᠡᠷᠡᠭ ᠢ 270 ᠭᠠᠷᠤᠶ ᠳᠡᠩᠨᠡᠨ ᠢᠯᠡᠷᠡᠭᠦᠯᠦᠨ᠂ ᠶᠠᠯᠠᠲᠤ ᠪᠦᠯᠬᠦᠮ ᠢ 90 ᠭᠠᠷᠤᠶ ᠴᠣᠬᠢᠨ ᠰᠦᠢᠷᠡᠭᠦᠯᠪᠡ
ᠨᠡᠶᠢᠲᠡᠯᠡᠭᠰᠡᠨ ᠴᠠᠭ᠄
2023/3/2
   ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠬᠤ᠂ ᠬᠥᠬᠡᠮᠥ᠋ᠷᠡᠨ ᠤ ᠶᠡᠭᠡ ᠬᠠᠮᠠᠭᠠᠯᠠᠯᠲᠠ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠲᠡᠶ ᠪᠠᠳᠤᠯᠠᠬᠤ ᠶᠢᠨ ᠲᠦᠯᠦᠭᠡ᠂ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠱᠠᠩᠬᠠᠶ᠂ ᠵᠢᠶᠠᠩᠰᠦ᠂ ᠵᠧᠵᠢᠶᠠᠩ᠂ ᠠᠨᠾᠦ᠋ᠢ᠂ ᠵᠢᠶᠠᠩᠰᠢ᠂ ᠬᠤᠪᠸᠢ᠂ ᠬᠤᠨᠠᠨ᠂ ᠴᠦᠩᠴᠢᠩ᠂ ᠰᠧᠴᠤᠸᠠᠨ᠂ ᠭᠦᠢᠵᠧᠦ᠂ ᠶᠦᠨᠨᠠᠨ ᠵᠡᠷᠭᠡ ᠬᠥᠬᠡᠮᠥ᠋ᠷᠡᠨ ᠤ ᠰᠠᠪᠠ ᠭᠠᠵᠠᠷ ᠤᠨ 11 ᠮᠤᠵᠢ ︵ᠬᠤᠳᠠ︶ ᠪᠣᠯᠤᠨ ᠬᠥᠬᠡᠮᠥ᠋ᠷᠡᠨ ᠤ ᠤᠰᠤᠨ ᠵᠠᠮ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢ ᠵᠣᠬᠢᠶᠠᠨ ᠪᠠᠶᠢᠭᠤᠯᠵᠤ ᠬᠥᠬᠡᠮᠥ᠋ᠷᠡᠨ ᠤ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃ ᠡᠯᠡᠰᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠦᠷᠭᠦᠯᠵᠢᠯᠡᠨ ᠰᠢᠷᠦᠭᠦᠨ ᠲᠠᠭᠠᠷᠢᠯᠲᠠ ᠶᠠᠪᠤᠭᠤᠯᠵᠤ᠂ 2022 ᠣᠨ ᠳᠤ ᠡᠶᠢᠮᠦᠷᠬᠦ ᠬᠡᠷᠡᠭ ᠢ 270 ᠭᠠᠷᠤᠶ ᠲᠠᠩᠨᠠᠨ ᠢᠯᠡᠷᠡᠭᠦᠯᠵᠦ᠂ ᠬᠥᠬᠡᠮᠥ᠋ᠷᠡᠨ ᠤ ᠤᠰᠤᠨ ᠣᠷᠣᠨ ᠤ ᠬᠡᠪᠴᠢᠶᠡᠲᠦ ᠴᠢᠨᠠᠷᠲᠠᠶ ᠬᠠᠤᠯᠢ ᠪᠤᠰᠤ ᠪᠠᠷ ᠡᠯᠡᠰᠦ ᠮᠠᠯᠲᠠᠬᠤ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠪᠠ᠃     ᠳᠣᠲᠣᠭᠠᠳᠤ ᠶᠢ ᠬᠠᠮᠠᠭᠠᠯᠠᠬᠤ ᠶᠠᠮᠤᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠥᠷᠡᠨ ᠳᠠᠭᠠᠤ ᠶᠢᠨ ᠡᠯ᠎ᠡ ᠭᠠᠵᠠᠷ ᠪᠣᠯᠤᠨ ᠬᠥᠬᠡᠮᠥ᠋ᠷᠡᠨ ᠤ ᠤᠰᠤᠨ ᠵᠠᠮ ᠤᠨ ᠲᠡᠭᠡᠭᠡᠪᠦᠷᠢ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠥᠭᠡᠷᠡᠴᠢᠯᠡᠬᠦ᠂ ᠮᠠᠯᠲᠠᠬᠤ᠂ ᠴᠢᠷᠬᠦ᠂ ᠵᠥᠭᠡᠭᠡᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ︾ ᠵᠡᠷᠭᠡ ᠡᠯᠡᠰᠦ ᠮᠠᠯᠲᠠᠭᠰᠠᠨ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠵᠣᠬᠢᠶᠠᠨ ᠪᠠᠶᠢᠭᠤᠯᠤᠯᠴᠠᠭᠰᠠᠨ᠂ ᠪᠦᠯᠦᠭᠵᠢᠭᠰᠡᠨ᠂ ᠬᠠᠷ᠎ᠠ ᠬᠠᠷᠬᠢᠰᠴᠢᠯᠠᠨ ᠬᠠᠤᠯᠢ ᠪᠤᠰᠤ ᠪᠠᠷ ᠡᠯᠡᠰᠦ ᠮᠠᠯᠲᠠᠭᠰᠠᠨ ᠭᠤᠤᠯᠳᠠᠯᠭ᠎ᠠ ᠲᠠᠢ ᠬᠡᠷᠡᠭ ᠵᠢᠴᠢ ᠬᠡᠰᠡᠭ ᠭᠤᠤᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰᠬᠠᠶ ᠬᠡᠷᠡᠭ ᠢᠶᠠᠷ ᠲᠠᠩᠨᠠᠨ ᠰᠢᠢᠳᠪᠦᠷᠢᠯᠡᠬᠦ᠂ ᠣᠨᠳᠣᠤ ᠭᠠᠵᠠᠷ ᠲᠤ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠨᠢᠭᠤᠭᠳᠠᠮᠠᠯ ᠬᠡᠷᠡᠭ ᠪᠠ ᠳᠠᠷᠤᠭᠳᠠᠮᠠᠯ ᠬᠡᠷᠡᠭ ᠢ ᠭᠦᠨ ᠮᠦᠷᠳᠡᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠡᠲᠡᠭᠡᠳ ᠢ ᠬᠠᠤᠯᠢ ᠶᠣᠰᠣᠭᠠᠷ ᠴᠢᠩᠭ᠎ᠠ ᠰᠢᠢᠳᠭᠡᠪᠡ᠃ 2022 ᠣᠨ ᠳᠤ ᠥᠷᠨᠢᠭᠦᠯᠦᠭᠰᠡᠨ ᠲᠤᠰᠬᠠᠶ ᠠᠵᠢᠯᠯᠠᠭ᠎ᠠ ᠶᠢᠨ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 90 ᠭᠠᠷᠤᠶ ᠶᠠᠯᠠᠲᠤ ᠪᠦᠯᠦᠭ ᠢ ᠴᠣᠬᠢᠨ ᠰᠦᠢᠷᠡᠭᠦᠯᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ᠂ ᠡᠯᠡᠰᠦ ᠲᠡᠭᠡᠭᠡᠪᠦᠷᠢᠯᠡᠭᠰᠡᠨ 190 ᠭᠠᠷᠤᠶ ᠣᠩᠭᠤᠴᠠ ᠰᠠᠯ ᠢ ᠪᠠᠶᠢᠴᠠᠭᠠᠨ ᠦᠯᠡᠳᠡᠭᠡᠵᠦ᠂ ᠬᠡᠷᠡᠭ ᠲᠤ ᠬᠤᠯᠪᠣᠭᠳᠠᠭᠰᠠᠨ 220 ᠭᠠᠷᠤᠶ ᠲᠦᠮᠡᠨ ᠲᠣᠨ ᠮᠥᠷᠡᠨ ᠤ ᠡᠯᠡᠰᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ 3.2 ᠳ᠋ᠦᠩᠰᠢᠭᠤᠷ ᠲᠥᠭᠦᠷᠢᠭ ᠢ ᠪᠠᠶᠢᠴᠠᠭᠠᠨ ᠳᠣᠲᠣᠯᠠᠵᠤ᠂ ᠡᠶᠢᠮᠦᠷᠬᠦ ᠶᠠᠯᠠᠲᠤ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠵᠣ᠂ 2022 ᠣᠨ ᠤ ᠵᠢᠯ ᠰᠠᠷ᠎ᠠ ᠶᠢᠨ ᠡᠷᠡᠭᠦᠤ ᠶᠢᠨ ᠬᠡᠷᠡᠭ ᠭᠠᠷᠤᠭᠰᠠᠨ ᠳᠤᠮᠳᠠᠴᠢ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ 36% ᠪᠠᠷ ᠪᠠᠭᠤᠷᠠᠪᠠ᠃     ᠳᠣᠲᠣᠭᠠᠳᠤ ᠶᠢ ᠬᠠᠮᠠᠭᠠᠯᠠᠬᠤ ᠶᠠᠮᠤᠨ ︽ᠬᠥᠬᠡᠮᠥ᠋ᠷᠡᠨ ᠤ ᠶᠡᠭᠡ ᠬᠠᠮᠠᠭᠠᠯᠠᠯᠲᠠ︾ ᠶᠢᠨ 24 ᠴᠠᠭ ᠤᠨ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠵᠤ᠂ ᠤᠯᠠᠨ ᠲᠦᠮᠡᠨ ᠤ ᠡᠯᠡᠰᠦᠨ ᠳᠤ ᠬᠤᠯᠪᠣᠭᠳᠠᠭᠰᠠᠨ ᠪᠦᠲᠦᠮᠵᠢᠲᠡᠢ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠢᠭᠡᠳ ᠨᠢᠭᠡ ᠪᠠᠷ ᠬᠢᠨᠠᠨ ᠪᠠᠶᠢᠴᠠᠭᠠᠬᠤ ᠶᠢ ᠨᠠᠶᠢᠳᠠᠪᠤᠷᠢᠵᠢᠭᠤᠯᠵᠤ᠂ ᠮᠥᠷᠡᠨ ᠳᠠᠭᠠᠤ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠥᠬᠡᠮᠥ᠋ᠷᠡᠨ ᠤ ᠡᠯᠡᠰᠦᠨ ᠳᠤ ᠬᠤᠯᠪᠣᠭᠳᠠᠭᠰᠠᠨ 37 ᠬᠡᠷᠡᠭ ᠢ ᠠᠮᠵᠢᠯᠲᠠ ᠲᠠᠢ ᠳᠡᠩᠨᠡᠨ ᠢᠯᠡᠷᠡᠭᠦᠯᠵᠦ᠂ ᠳᠠᠯᠳᠠ ᠳᠠᠷᠤᠭᠳᠠᠮᠠᠯ 96 ᠬᠡᠷᠡᠭ ᠢ ᠢᠯᠡᠷᠡᠭᠦᠯᠬᠦ ᠶᠢ ᠤᠨᠢᠨ ᠳᠡᠭᠡᠷ᠎ᠡ ᠨᠢ ᠵᠢᠭᠠᠨ ᠵᠢᠯᠣᠭᠤᠳᠪᠠ᠃ ᠡᠭᠦᠨ ᠤ ᠬᠠᠮᠲᠤ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠨᠢᠭᠲᠠᠷᠠᠭᠤᠯᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠶᠠᠯᠠᠲᠤ ᠠᠵᠢᠯᠯᠠᠭ᠎ᠠ ᠶᠢᠨ ᠡᠭᠦᠰᠦᠭᠰᠡᠨ ᠡᠬᠢ ᠡᠭᠦᠰᠦᠯ ᠢ ᠴᠡᠪᠡᠷᠯᠡᠨ ᠠᠷᠢᠯᠭᠠᠪᠠ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡᠪᠡᠷ ᠠᠳᠬᠤᠵᠤ᠂ ᠴᠣᠬᠢᠯᠲᠠ ᠥᠭᠬᠦ ᠪᠠᠷ ᠵᠠᠰᠠᠬᠤ ᠶᠢ ᠠᠬᠢᠭᠤᠯᠬᠤ︾ ᠰᠡᠳᠬᠢᠴᠡ ᠪᠠᠷ᠂ ᠳᠡᠭᠡᠳᠦ ᠳᠣᠣᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠬᠠᠯ ᠤᠨ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠬᠥᠬᠡᠮᠥ᠋ᠷᠡᠨ ᠤ ᠡᠯᠡᠰᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ ᠬᠠᠤᠯᠢ ᠪᠤᠰᠤ ᠪᠠᠷ ᠣᠩᠭᠤᠴᠠ ᠰᠠᠯ ᠢ ᠥᠭᠡᠷᠡᠴᠢᠯᠡᠨ ᠤᠭᠰᠠᠷᠠᠭᠰᠠᠨ᠂ ᠬᠤᠯᠠᠭᠠᠶᠢᠯᠠᠨ ᠮᠠᠯᠲᠠᠭᠰᠠᠨ᠂ ᠴᠢᠷᠦᠭᠰᠡᠨ᠂ ᠵᠥᠭᠡᠭᠡᠪᠦᠷᠢᠯᠡᠭᠰᠡᠨ᠂ ᠪᠣᠷᠣᠯᠠᠭᠤᠯᠤᠭᠰᠠᠨ᠂ ᠬᠡᠷᠡᠭᠯᠡᠭᠰᠡᠨ ᠭᠠᠵᠠᠷ ᠳᠣᠣᠷᠠᠬᠢ ᠠᠵᠤ ᠦᠢᠯᠡᠰ ᠤᠨ ᠬᠡᠯᠬᠢᠶ᠎ᠡ ᠶᠢ ᠡᠷᠡᠰ ᠲᠠᠰᠤᠯᠵᠤ᠂ ᠬᠥᠬᠡᠮᠥ᠋ᠷᠡᠨ ᠤ ᠠᠮᠢ ᠠᠬᠤᠢ ᠶᠢᠨ ᠠᠮᠤᠷ ᠲᠦᠪᠰᠢᠨ᠂ ᠤᠰᠤᠨ ᠵᠠᠮ ᠤᠨ ᠠᠮᠤᠷ ᠲᠦᠪᠰᠢᠨ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠬᠥᠬᠡᠮᠥ᠋ᠷᠡᠨ ᠤ ᠶᠡᠭᠡ ᠬᠠᠮᠠᠭᠠᠯᠠᠯᠲᠠ ᠳᠤ ᠦᠨᠡᠨ ᠬᠦ ᠬᠦᠴᠦᠲᠡᠢ ᠪᠠᠲᠤᠯᠠᠭ᠎ᠠ ᠬᠠᠩᠭᠠᠪᠠ᠃ 
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶ᠎ᠡ