ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ 160 ᠭᠠᠷᠤᠢ ᠬᠠᠷ᠎ᠠ ᠪᠦᠯᠦᠭᠲᠡᠨ ᠬᠠᠷᠭᠢᠰ ᠬᠦᠴᠦᠨ ᠤ ᠵᠣᠬᠢᠶᠠᠨ ᠪᠠᠶᠢᠭᠤᠯᠤᠯᠲᠠ᠂ 1520 ᠭᠠᠷᠤᠢ ᠬᠠᠷᠭᠢᠰ ᠬᠦᠴᠦᠨ ᠤ ᠶᠠᠯᠠᠲᠤ ᠪᠦᠯᠦᠭᠯᠡᠯ ᠢ ᠴᠣᠬᠢᠨ ᠰᠦᠢᠷᠡᠭᠦᠯᠪᠡ
ᠨᠡᠶᠢᠲᠡᠯᠡᠭᠰᠡᠨ ᠴᠠᠭ᠄
2023/3/2
     ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ ᠶᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ︽ᠵᠠᠭᠤᠨ ᠡᠳᠦᠷ ᠤᠨ ᠠᠵᠢᠯᠯᠠᠭ᠎ᠠ︾ ᠪᠠᠷ ᠭᠠᠷᠳᠠᠴᠠ ᠪᠣᠯᠭᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠦᠷᠭᠦᠯᠵᠢᠯᠡᠨ ᠠᠬᠢᠭᠤᠯᠵᠤ᠂ 2022 ᠣᠨ ᠳᠤ 160 ᠭᠠᠷᠤᠢ ᠬᠠᠷ᠎ᠠ ᠪᠦᠯᠦᠭᠲᠡᠨ ᠬᠠᠷᠭᠢᠰ ᠬᠦᠴᠦᠨ ᠤ ᠵᠣᠬᠢᠶᠠᠨ ᠪᠠᠶᠢᠭᠤᠯᠤᠯᠲᠠ᠂ 1520 ᠭᠠᠷᠤᠢ ᠬᠠᠷᠭᠢᠰ ᠬᠦᠴᠦᠨ ᠤ ᠶᠠᠯᠠᠲᠤ ᠪᠦᠯᠦᠭᠯᠡᠯ ᠢ ᠴᠣᠬᠢᠨ ᠰᠦᠢᠷᠡᠭᠦᠯᠵᠦ᠂ ᠡᠯ᠎ᠡ ᠲᠦᠷᠦᠯ ᠤᠨ ᠡᠷᠡᠭᠦᠦ ᠶᠢᠨ ᠬᠡᠷᠡᠭ ᠢ 2 ᠲᠦᠮᠡ ᠭᠠᠷᠤᠢ ᠢᠯᠡᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠦᠷ᠎ᠡ ᠪᠦᠳᠦᠮᠵᠢ ᠶᠢ ᠬᠦᠴᠦᠲᠡᠢ ᠪᠠᠬᠢᠵᠢᠭᠦᠯᠪᠡ᠃     — ᠬᠠᠤᠯᠢ ᠴᠠᠭᠠᠵᠠ ᠶᠢᠨ ᠲᠤᠯᠭᠠᠭᠤᠷᠢᠯᠠᠯ ᠢ ᠴᠢᠩᠭᠠᠳᠬᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠠᠵᠢᠯ ᠤᠨ ᠲᠣᠭᠲᠠᠭᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠤᠯᠢ ᠴᠠᠭᠠᠵᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠪᠦᠲᠦᠮᠵᠢᠲᠡᠶ ᠪᠠᠷ ᠵᠣᠯᠭᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠬᠤ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠠᠵᠢᠯ ᠤᠨ ᠳᠤᠮᠳᠠ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠡᠷᠡᠭ ᠰᠢᠢᠳᠪᠦᠷᠢᠯᠡᠬᠦ ᠳᠤ ᠴᠢᠬᠤᠯᠠ ᠦᠨᠳᠦᠰᠦ ᠪᠠᠷᠢᠮᠲᠠ ᠬᠠᠩᠭᠠᠪᠠ᠃     — ᠰᠦᠪᠡᠭᠴᠢ ᠶᠢ ᠣᠶᠢᠯᠠᠭᠠᠵᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠪᠠ᠃ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠶᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠴᠢᠨᠠᠷᠲᠠᠢ ᠲᠡᠮᠡᠴᠡᠯ ᠤᠨ ᠤᠳᠤᠷᠢᠳᠤᠮᠵᠢ ᠶᠢᠨ ᠴᠢᠨᠠᠷᠲᠠᠢ ᠪᠠ ᠰᠠᠭᠤᠷᠢ ᠴᠢᠨᠠᠷᠲᠠᠢ ᠠᠵᠢᠯ ᠪᠣᠯᠭᠠᠵᠤ᠂ ᠠᠷᠭ᠎ᠠ ᠵᠠᠮ ᠢ ᠰᠢᠯᠤᠭᠤᠳᠬᠠᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠨ ᠵᠢᠯᠣᠭᠤᠳᠬᠤ ᠶᠢ ᠴᠢᠩᠭᠠᠳᠬᠠᠵᠤ᠂ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠳᠣᠲᠣᠭᠠᠳᠤ ᠶᠢ ᠬᠠᠮᠠᠭᠠᠯᠠᠬᠤ ᠶᠠᠮᠤᠨ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠨᠡᠶᠢᠳᠡ 1.2 ᠲᠦᠮᠡᠨ ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠨᠢᠭᠡ ᠪᠦᠯᠦᠭ ᠬᠡᠷᠡᠭ ᠢ ᠪᠠᠶᠢᠴᠠᠭᠠᠨ ᠲᠤᠳᠤᠯᠠᠬᠤ ᠶᠢ ᠠᠬᠢᠭᠤᠯᠪᠠ᠃     — ᠥᠨᠳᠥᠷ ᠳᠠᠷᠤᠯᠲᠠ ᠲᠠᠢ ᠪᠠᠶᠢᠳᠠᠯ ᠢ ᠪᠠᠳᠤᠯᠠᠪᠠ᠃ ᠳᠣᠲᠣᠭᠠᠳᠤ ᠶᠢ ᠬᠠᠮᠠᠭᠠᠯᠠᠬᠤ ᠶᠠᠮᠤᠨ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 42 ᠬᠦᠨᠳᠦ ᠶᠡᠭᠡ ᠬᠡᠷᠡᠭ ᠢ ᠫᠠᠶᠢᠰᠠ ᠡᠯᠭᠦᠨ ᠰᠢᠪᠠᠳᠠᠨ ᠰᠢᠢᠳᠪᠦᠷᠢᠯᠡᠵᠦ᠂ ᠶᠡᠷᠥᠩᠬᠡᠶᠢᠯᠡᠭᠰᠡᠨ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠦᠴᠦᠲᠡᠢ ᠠᠬᠢᠭᠤᠯᠪᠠ︔ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠤᠳᠤᠯᠭ᠎ᠠ ᠲᠠᠢ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠤ ᠬᠠᠷ᠎ᠠ ᠨᠡᠶᠢᠭᠡᠮ ᠳᠤ ᠬᠤᠯᠪᠣᠭᠳᠠᠭᠰᠠᠨ 28 ᠵᠣᠬᠢᠶᠠᠨ ᠪᠠᠶᠢᠭᠤᠯᠤᠯᠲᠠ᠂ 229 ᠬᠠᠷᠭᠢᠰ ᠬᠦᠴᠦᠨ ᠤ ᠶᠠᠯᠠᠲᠤ ᠪᠦᠯᠦᠭᠯᠡᠯ ᠢ ᠴᠡᠪᠡᠷᠯᠡᠨ ᠠᠷᠢᠯᠭᠠᠵᠤ᠂ ᠬᠥᠳᠡᠭᠡ ᠲᠣᠰᠬᠤᠨ ᠤ ᠨᠡᠶᠢᠭᠡᠮ ᠤᠨ ᠠᠮᠤᠷ ᠲᠣᠭᠲᠠᠭᠤᠨ ᠢ ᠪᠦᠲᠦᠮᠵᠢᠲᠡᠢ ᠬᠠᠮᠠᠭᠠᠯᠠᠪᠠ︔ ︽ᠡᠯᠡᠰᠦᠨ ᠤ ᠡᠵᠡᠷᠬᠡᠭᠴᠢ︾᠂ ︽ᠠᠭᠤᠷᠬᠠᠶ ᠶᠢᠨ ᠡᠵᠡᠷᠬᠡᠭᠴᠢ︾ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠬᠠᠷ᠎ᠠ ᠬᠠᠷᠭᠢᠰ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠲᠡᠭᠦᠰ ᠠᠮᠵᠢᠯᠲᠠ ᠲᠠᠢ ᠪᠠᠷ ᠲᠡᠭᠦᠰᠴᠦ᠂ ᠬᠤᠯᠪᠣᠭᠳᠠᠯ ᠪᠦᠬᠦᠢ ᠬᠠᠷ᠎ᠠ ᠬᠠᠷᠭᠢᠰ ᠪᠦᠯᠦᠭ ᠢ 310 ᠴᠣᠬᠢᠨ ᠰᠦᠢᠷᠡᠭᠦᠯᠵᠦ᠂ 5040 ᠭᠠᠷᠤᠶ ᠬᠡᠷᠡᠭ ᠢ ᠢᠯᠡᠷᠡᠭᠦᠯᠪᠡ︔ ︽ᠭᠤᠭᠤᠵᠢᠭᠳᠠᠭᠰᠠᠳ︾ ᠢ ᠨᠡᠬᠡᠮᠵᠢᠯᠡᠨ ᠪᠠᠷᠢᠪᠴᠢᠯᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 180 ᠭᠠᠷᠤᠶ ᠣᠷᠭᠤᠳᠠᠭᠤᠯ ᠬᠡᠷᠡᠭᠲᠡᠨ ᠢ ᠨᠡᠬᠡᠮᠵᠢᠯᠡᠨ ᠪᠠᠷᠢᠪᠴᠢᠯᠠᠪᠠ᠃     — ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠪᠠ᠃ ᠵᠠᠮ ᠨᠡᠭᠡᠭᠡᠬᠦ᠂ ᠴᠣᠬᠢᠯᠲᠠ ᠥᠭᠬᠦ ᠪᠠ ᠪᠥᠲᠥᠭᠡᠨ ᠪᠠᠶᠢᠭᠤᠯᠬᠤ ᠶᠢ ᠤᠶᠠᠯᠳᠤᠭᠤᠯᠤᠨ᠂ ᠰᠤᠷᠭᠠᠨ ᠬᠥᠮᠦᠵᠢᠯ᠂ ᠮᠥᠩᠭᠦᠨ ᠭᠦᠢᠯᠭᠡᠭᠡᠨ ᠤ ᠵᠢᠭᠡᠯᠡᠯᠭᠡ ᠲᠠᠯᠪᠢᠬᠤ᠂ ᠵᠠᠬ᠎ᠠ ᠳᠡᠯᠭᠡᠭᠦᠷ ᠤᠨ ᠭᠦᠢᠯᠭᠡᠭᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠶᠢᠨ ᠰᠣᠯᠪᠢᠴᠠᠨ ᠳᠡᠯᠭᠡᠷᠡᠬᠦ ᠶᠢ ᠪᠥᠬᠦ ᠬᠦᠴᠦᠨ ᠢᠶᠠᠷ ᠢᠶᠠᠨ ᠬᠤᠷᠢᠭᠯᠠᠪᠠ᠃ ᠬᠡᠷᠡᠭ ᠰᠢᠢᠳᠪᠦᠷᠢᠯᠡᠬᠦ ᠶᠠᠪᠤᠴᠠ ᠳᠤ ᠢᠯᠡᠷᠡᠭᠦᠯᠦᠭᠰᠡᠨ ᠠᠵᠢᠯ ᠲᠦᠷᠦᠯ ᠤᠨ ᠬᠠᠮᠢᠶᠠᠷᠤᠯᠲᠠ ᠶᠢᠨ ᠳᠤᠲᠠᠭᠳᠠᠯ ᠳᠤ ᠴᠢᠭᠯᠡᠭᠦᠯᠦᠨ᠂ ︽ᠨᠢᠭᠡ ᠬᠡᠷᠡᠭ ᠲᠤ ᠨᠢᠭᠡ ᠴᠡᠭᠴᠡᠯᠡᠨ ᠵᠠᠰᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠬᠦ ᠦᠨᠳᠦᠰᠦ ᠰᠣᠷᠪᠤᠯᠵᠢ ᠶᠢ ᠡᠷᠡᠰ ᠢᠶᠠᠷ ᠠᠷᠢᠯᠭᠠᠪᠠ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠣᠬᠢᠯᠲᠠ ᠥᠭᠬᠦ ᠬᠤᠷᠴᠠ ᠦᠵᠦᠭᠦᠷ ᠢᠶᠠᠨ ᠤᠯᠠᠨ ᠲᠦᠮᠡᠨ ᠤ ᠲᠤᠰᠬᠠᠯ ᠬᠠᠮᠤᠭ ᠤᠨ ᠴᠢᠩᠭ᠎ᠠ᠂ ᠬᠠᠮᠤᠭ ᠠᠴᠠ ᠵᠢᠭᠰᠢᠳᠡᠭ ᠡᠯ᠎ᠡ ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠢᠮᠠᠭᠲᠠ ᠬᠠᠨᠳᠤᠭᠤᠯᠵᠤ᠂ ᠡᠷᠲᠡ ᠠᠴᠠ ᠴᠣᠬᠢᠯᠲᠠ ᠥᠭᠴᠦ ᠪᠠᠭ᠎ᠠ ᠳᠤ ᠨᠢ ᠠᠷᠢᠯᠭᠠᠵᠤ᠂ ᠬᠠᠷᠭᠢᠰ ᠬᠦᠴᠦᠨ ᠢ ᠬᠤᠭ ᠦᠭᠡᠢ ᠠᠷᠢᠯᠭᠠᠬᠤ ᠶᠢ ᠪᠠᠷᠢᠮᠲᠠᠯᠠᠵᠤ᠂ ᠲᠤᠰᠬᠠᠢ ᠲᠡᠮᠡᠴᠡᠯ ᠤᠨ ᠦᠷ᠎ᠡ ᠪᠦᠳᠦᠮᠵᠢ ᠶᠢ ᠪᠠᠬᠢᠵᠢᠭᠦᠯᠦᠨ ᠥᠷᠭᠡᠳᠬᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ 
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶ᠎ᠡ