︽ᠨᠠᠮ ᠤᠨ ᠪᠠᠶᠢᠭᠤᠯᠤᠯᠲᠠ ᠶᠢ ᠠᠳᠬᠤᠬᠤ᠂ ᠰᠤᠷᠲᠠᠯ ᠢ ᠴᠡᠭᠴᠡᠯᠡᠬᠦ᠂ ᠬᠡᠪ ᠴᠢᠨᠠᠷ ᠢ ᠴᠢᠩᠭᠠᠳᠬᠠᠬᠤ᠂ ᠲᠦᠷᠢ ᠲᠥᠷᠬᠦ ᠶᠢ ᠪᠤᠢ ᠪᠣᠯᠭᠠᠬᠤ︾ ︽ᠪᠠᠭ᠎ᠠ ᠺᠠᠷᠲ ᠶᠡᠭᠡ ᠦᠢᠯᠡᠳᠦᠯ︾ — ᠴᠠᠭᠳᠠᠭ᠎ᠠ ᠠᠷᠠᠳ ᠲᠠᠢ ᠬᠠᠷᠢᠯᠴᠠᠬᠤ ᠺᠠᠷᠲ ᠴᠠᠭᠳᠠᠭ᠎ᠠ ᠠᠷᠠᠳ ᠤᠨ ᠰᠡᠳᠬᠢᠯ ᠢ ᠨᠢᠭᠲᠠ ᠬᠤᠯᠪᠣᠪᠠ
ᠨᠡᠶᠢᠲᠡᠯᠡᠭᠰᠡᠨ ᠴᠠᠭ᠄
2023/3/2
      ᠣᠶᠢᠷ᠎ᠠ ᠳᠤ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠣᠮᠢᠯᠠᠭᠰᠠᠨ ᠰᠠᠯᠪᠤᠷᠢ ᠶᠢᠨ ᠦᠨᠳᠦᠰᠦᠨ ᠱᠠᠲᠤᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ᠂ ᠴᠠᠭᠳᠠᠭ᠎ᠠ ᠠᠷᠠᠳ ᠤᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠤ ᠲᠠᠶᠢᠪᠤᠩᠲᠤ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠠᠯᠠᠭᠠᠷᠭᠤᠤᠯ ᠤᠨ ᠲᠣᠮᠢᠯᠠᠭᠰᠠᠨ ᠰᠠᠯᠪᠤᠷᠢ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠵᠢᠯᠲᠠᠳ ᠲᠤ ᠨᠠᠷᠢᠯᠢᠭ ᠰᠠᠶᠢᠬᠠᠨ ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠢ ᠵᠢᠷᠤᠵᠤ ᠲᠥᠯᠥᠪᠯᠡᠨ ᠵᠣᠬᠢᠶᠠᠵᠤ ᠥᠭᠴᠡᠶ᠃ ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠨᠢ ᠬᠥᠩᠭᠡᠨ ᠠᠪᠰᠠᠷᠬᠠᠨ᠂ ᠠᠪᠴᠤ ᠶᠠᠪᠤᠬᠤ ᠳᠤ ᠳᠥᠭᠦᠮ᠂ ᠬᠡᠪ ᠪᠠᠷᠢᠮᠵᠢᠶ᠎ᠠ ᠨᠢ ᠨᠢᠭᠡᠳᠦᠯᠲᠡᠶ᠂ ᠠᠭᠤᠯᠭ᠎ᠠ ᠨᠢ ᠨᠠᠷᠢᠨ ᠪᠣᠳᠠᠲᠠᠶ ᠪᠠᠶᠢᠳᠠᠭ᠃ ᠺᠠᠷᠲ ᠲᠤ ᠠᠷᠠᠳ ᠤᠨ ᠴᠠᠭᠳᠠᠭ᠎ᠠ ᠶᠢᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ᠂ ᠲᠣᠮᠢᠯᠠᠭᠰᠠᠨ ᠰᠠᠯᠪᠤᠷᠢ ᠶᠢᠨ 24 ᠴᠠᠭ ᠤᠨ ᠲᠦᠭᠰᠢᠭᠦᠷᠢ ᠮᠡᠳᠡᠭᠦᠯᠬᠦ ᠤᠲᠠᠰᠤ ᠵᠡᠷᠭᠡ ᠮᠡᠳᠡᠭᠡ ᠵᠠᠩᠭᠢ ᠶᠢ ᠵᠥᠪ ᠲᠠᠯ᠎ᠠ ᠳᠤ ᠨᠢ ᠲᠣᠳᠣᠷᠬᠠᠶᠢᠯᠠᠭᠰᠠᠨ ᠪᠥᠭᠡᠳ ᠪᠠᠰᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠤᠬᠠᠭᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠰᠠᠨᠠᠭᠤᠯᠤᠮᠵᠢ᠂ ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP ᠶᠢᠨ ᠠᠯᠪᠠᠨ ᠤ ᠲᠠᠯ᠎ᠠ ᠶᠢᠨ ᠬᠤᠶᠠᠷ ᠬᠡᠮᠵᠢᠯᠳᠦ ᠺᠣᠳ᠋ ᠵᠢᠴᠢ ᠵᠥᠷᠢᠴᠡᠯ ᠵᠠᠭᠤᠷᠠᠯᠳᠤᠭᠠᠨ ᠢ ᠨᠠᠮᠳᠠᠭᠤᠯᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠵᠡᠷᠭᠡ ᠠᠭᠤᠯᠭ᠎ᠠ ᠶᠢ ᠠᠭᠤᠰᠬᠠᠭᠰᠠᠨ ᠪᠠᠶᠢᠨ᠎ᠠ᠃
320dc0ac2aa61e6cf909f8b8c075412.jpg
      ᠴᠠᠭᠳᠠᠭ᠎ᠠ ᠠᠷᠠᠳ ᠤᠨ ᠬᠠᠷᠢᠯᠴᠠᠬᠤ ᠺᠠᠷᠲ ᠲᠠᠷᠬᠠᠭᠠᠬᠤ ᠪᠠᠷ ᠳᠠᠮᠵᠢᠭᠤᠯᠤᠨ᠂ ᠡᠯ᠎ᠡ  ᠵᠦᠢᠯ  ᠤᠨ  ᠬᠦᠴᠢᠷᠳᠡᠯ  ᠳᠤ  ᠲᠤᠯᠭᠠᠷᠠᠪᠠᠯ  ᠴᠠᠭ  ᠲᠤᠬᠠᠶ ᠳᠤ ᠨᠢ ︽ᠴᠠᠭᠳᠠᠭ᠎ᠠ ᠠᠷᠠᠳ ᠤᠨ ᠬᠠᠷᠢᠯᠴᠠᠬᠤ ᠺᠠᠷᠲ︾ ᠳᠡᠭᠡᠷᠡᠬᠢ ᠤᠲᠠᠰᠤ ᠪᠠᠷ ᠠᠰᠠᠭᠤᠨ ᠯᠠᠪᠯᠠᠵᠤ ᠪᠣᠯᠤᠨ᠎ᠠ᠂ ᠠᠷᠠᠳ ᠤᠨ ᠴᠠᠭᠳᠠᠭ᠎ᠠ ᠲᠡᠷᠡ ᠳᠠᠷᠤᠶ ᠳᠤ ᠨᠢ ᠬᠠᠪᠰᠤᠷᠤᠯᠭ᠎ᠠ ᠦᠵᠡᠭᠦᠯᠬᠦ ᠶᠢ ᠥᠷᠭᠡᠨ ᠣᠯᠠᠨ ᠠᠷᠠᠳ ᠲᠦᠮᠡᠨ ᠳᠤ ᠰᠠᠨᠠᠭᠤᠯᠵᠤ ᠪᠠᠶᠢᠨ᠎ᠠ᠃ ᠡᠭᠦᠨ ᠤ ᠬᠠᠮᠲᠤ ᠪᠠᠰᠠ ᠤᠯᠠᠨ ᠲᠦᠮᠡᠨ ᠤ ᠴᠠᠭ ᠲᠤᠬᠠᠶ ᠳᠤ ᠨᠢ ᠠᠷᠠᠳ ᠤᠨ ᠴᠠᠭᠳᠠᠭ᠎ᠠ ᠳᠤ ᠪᠠᠶᠢᠳᠠᠯ ᠢ ᠲᠤᠰᠬᠠᠬᠤ᠂ ᠰᠦᠪᠡᠭᠴᠢ ᠬᠠᠩᠭᠠᠬᠤ ᠳᠤ ᠲᠦᠬᠦᠮ ᠦᠵᠡᠭᠦᠯᠵᠦ᠂ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠶ ᠳᠤ ᠨᠢ ᠡᠵᠡᠮᠰᠢᠵᠦ᠂ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠨ᠎ᠡ᠃
6a2746cae5eccf99a20da29f51e8afd.jpg
      ᠪᠠᠭ᠎ᠠ ᠶᠠᠪᠤᠳᠠᠯ ᠠᠴᠠ ᠡᠬᠢᠯᠡᠵᠦ᠂ ᠵᠢᠵᠢᠭ ᠰᠠᠵᠢᠭ ᠵᠦᠢᠯ ᠠᠴᠠ ᠡᠬᠢᠯᠡᠨ ᠠᠳᠬᠤᠵᠤ᠂ ︽ᠴᠠᠭᠳᠠᠭ᠎ᠠ ᠠᠷᠠᠳ ᠤᠨ ᠬᠠᠷᠢᠯᠴᠠᠬᠤ ᠺᠠᠷᠲ︾ ᠢᠶᠠᠷ ᠳᠠᠮᠵᠢᠭᠤᠯᠤᠨ᠂ ᠠᠷᠠᠳ ᠤᠨ ᠠᠮᠢᠳᠤᠷᠠᠯ ᠢ ᠰᠤᠷᠪᠤᠯᠵᠢᠯᠠᠵᠤ᠂ ᠠᠮᠤᠷ ᠠᠮᠤᠭᠤᠯᠠᠩ ᠢ ᠠᠰᠠᠭᠤᠵᠤ᠂ ᠵᠠᠭᠤᠷᠠᠯᠳᠤᠭᠠᠨ ᠢ ᠡᠶᠡᠳᠡᠭᠦᠯᠵᠦ᠂ ᠰᠡᠷᠭᠡᠶᠢᠯᠡᠯᠲᠡ ᠶᠢ ᠠᠬᠢᠭᠤᠯᠵᠤ᠂ ᠠᠷᠠᠳ ᠤᠨ ᠴᠠᠭᠳᠠᠭ᠎ᠠ ᠶᠢ ᠣᠯᠠᠨ ᠲᠦᠮᠡᠨ ᠲᠠᠢ ︽ᠵᠠᠶ ᠵᠠᠪᠰᠠᠷ ᠥᠬᠡᠶ︾ ᠰᠣᠯᠢᠯᠴᠠᠭᠤᠯᠵᠤ᠂ ᠦᠨᠳᠦᠰᠦᠨ ᠱᠠᠲᠤᠨ ᠤ ᠰᠠᠭᠤᠷᠢ ᠠᠵᠢᠯ ᠢ ᠪᠠᠲᠤᠵᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ︽ᠦᠢᠯᠡᠴᠢᠯᠡᠭᠡ ᠶᠢ ᠰᠤᠯᠠᠷᠠᠭᠤᠯᠬᠤ ᠦᠭᠡᠢ︾ ᠰᠢᠨ᠎ᠡ ᠴᠠᠭ ᠦᠶ᠎ᠡ ᠶᠢᠨ ︽ᠹᠧᠩᠴᠢᠶᠣᠣ ᠶᠢᠨ ᠲᠤᠷᠰᠢᠯᠭ᠎ᠠ︾ ᠶᠢᠨ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠠᠷᠠᠳ ᠤᠨ ᠴᠠᠭᠳᠠᠭ᠎ᠠ ᠳᠡᠷᠭᠡᠳᠡ ᠨᠢ ᠪᠠᠶᠢᠬᠤ ᠶᠢ ᠦᠨᠡᠨ ᠬᠦ ᠮᠡᠳᠡᠷᠡᠭᠦᠯᠵᠦ᠂ ︽24 ᠴᠠᠭ ᠤᠨ ᠵᠠᠶ ᠵᠠᠪᠰᠠᠷ ᠥᠬᠡᠶ︾ ᠪᠠᠷ ᠣᠯᠠᠨ ᠲᠦᠮᠡᠨ ᠳᠤ ᠦᠢᠯᠡᠴᠢᠯᠡᠬᠦ ᠶᠢ ᠪᠡᠶᠡᠯᠡᠭᠦᠯᠬᠦ ᠶᠢᠨ ᠤᠯᠠᠮ ᠠᠴᠠ ᠠᠷᠠᠳ ᠣᠯᠠᠨ ᠤ ᠲᠠᠶᠢᠪᠤᠩᠲᠤ ᠲᠦᠷᠦᠭᠳᠡᠯ᠂ ᠣᠯᠣᠯᠲᠠ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ