ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠵᠤ  ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠰᠠᠶᠢᠲᠤᠷ ᠭᠦᠢᠴᠡᠳᠬᠡᠭᠴᠢ᠂ ᠠᠵᠢᠯᠯᠠᠭᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ  ᠰᠢᠨ᠎ᠡ ᠭᠠᠷᠤᠭ᠎ᠠ ᠠᠴᠠ ᠡᠯ᠎ᠡ ᠵᠦᠢᠯ ᠤᠨ ᠠᠵᠢᠯ ᠢᠶᠠᠨ ᠰᠠᠶᠢᠲᠤᠷ ᠡᠬᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/3/22
      ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 17 ᠤ ᠡᠳᠦᠷ ᠤᠨ ᠮᠡᠳᠡᠭᠡ   3 ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ ᠬᠤᠷᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠡᠶᠢᠲᠡᠯᠡᠵᠦ ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠥᠷᠥ  ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢ ᠬᠢᠨᠠᠨ ᠵᠥᠪᠯᠡᠵᠦ ᠪᠠᠲᠤᠯᠠᠭᠠᠳ ᠂ ᠵᠠᠰᠠᠭ ᠤᠨ ᠣᠷᠳᠣᠨ ᠤ ᠠᠵᠢᠯ ᠳᠤ ᠪᠠᠶᠢᠷᠢᠯᠠᠭᠤᠯᠤᠯᠲᠠ ᠬᠢᠵᠡᠢ ᠃ ᠯᠢ ᠴᠢᠶᠠᠩ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ ᠃      ᠯᠢ ᠴᠢᠶᠠᠩ ᠵᠢᠭᠠᠬᠤ ᠳᠤ ᠪᠠᠨ ᠂ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠮᠥᠨ ᠃ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠬᠤ ᠶᠠᠪᠤᠳᠠᠯ ᠶᠤᠮ ᠂ ᠮᠠᠨ ᠤ ᠨᠥᠬᠦᠳ ᠨᠢᠭᠡᠪᠦᠷᠢ ᠴᠥᠮ ᠰᠠᠶᠢᠲᠤᠷ ᠭᠦᠢᠴᠡᠳᠬᠡᠭᠴᠢ᠂ ᠠᠵᠢᠯᠯᠠᠭᠠᠴᠢ ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠃ ᠭᠦᠢᠴᠡᠳᠬᠡᠭᠴᠢ  ᠨᠢ ᠳᠠᠷᠤᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠨ ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠨᠤᠭᠤᠳ ᠢ ᠭᠤᠶᠢᠪᠢᠰᠢ ᠦᠭᠡᠢ ᠨᠠᠶᠢᠳᠠᠪᠤᠷᠢᠵᠢᠭᠤᠯᠬᠤ ᠶᠢᠨ ᠬᠠᠮᠲᠤ ᠪᠦᠲᠦᠭᠡᠯᠴᠢ ᠪᠠᠷ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠃ ᠠᠵᠢᠯᠯᠠᠭᠠᠴᠢ  ᠨᠢ ᠳᠠᠷᠤᠢ ᠦᠢᠯᠡ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ  ᠲᠠᠭᠠᠨ ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠡᠷᠬᠡᠪᠰᠢ ᠪᠤᠰᠢᠭᠤ ᠱᠠᠯᠠᠮᠠᠭᠠᠢ ᠪᠥᠭᠡᠳ ᠡᠷᠡᠰ ᠰᠢᠭᠤᠷᠬᠠᠢ ᠪᠠᠶᠢᠵᠤ ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠤᠷᠤᠭᠰᠢᠲᠠᠢ ᠶᠠᠪᠤᠭᠳᠠᠬᠤ ᠂ ᠵᠠᠷᠯᠢᠭ ᠴᠠᠭᠠᠵᠠ ᠶᠢ ᠴᠢᠩᠭ᠎ᠠ ᠲᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠪᠣᠳᠠᠲᠠᠢ ᠠᠵᠢᠯᠯᠠᠭᠴᠢ ᠨᠢ ᠳᠠᠷᠤᠢ ᠦᠨᠡᠨ ᠬᠦ ᠠᠳᠬᠤᠨ ᠪᠣᠳᠠᠲᠠᠢ ᠬᠢᠵᠦ ᠰᠢᠷᠭᠠᠭᠤ ᠬᠠᠲᠠᠭᠤᠵᠢᠯᠲᠠᠢ ᠠᠵᠢᠯᠯᠠᠬᠤ ᠪᠠᠷ ᠦᠯᠦ ᠪᠠᠷᠠᠮ ᠴᠢᠳᠠᠮᠠᠭᠠᠢ ᠪᠠᠷ ᠬᠢᠵᠦ ᠪᠦᠲᠦᠭᠡᠨ ᠂ ᠲᠡᠦᠬᠡ ᠂ ᠦᠢᠯᠡᠳᠦᠯᠭᠡ ᠪᠠ ᠠᠷᠠᠳ ᠲᠦᠮᠡᠨ ᠤ ᠰᠢᠯᠭᠠᠯᠲᠠ ᠶᠢ ᠳᠠᠪᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ  ᠡᠭᠦᠳᠬᠦ ᠬᠡᠷᠡᠭᠲᠡᠢ ᠭᠡᠵᠡᠢ᠃      ᠯᠢ ᠴᠢᠶᠠᠩ ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠂ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ ᠂ ᠰᠢᠨ᠎ᠡ ᠭᠠᠷᠤᠭ᠎ᠠ ᠠᠴᠠ  ᠡᠯ᠎ᠡ ᠵᠦᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠨ ᠂ ᠲᠣᠭᠲᠠᠭᠤᠨ ᠢ ᠲᠡᠷᠢᠭᠦᠨ ᠳᠤ ᠲᠠᠯᠪᠢᠬᠤ ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠨ ᠂ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠢ ᠪᠠᠷ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠠᠷᠭ᠎ᠠ ᠪᠣᠳᠣᠯᠭ᠎ᠠ ᠨᠤᠭᠤᠳ ᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠳᠣᠲᠣᠭᠠᠳᠤ ᠬᠡᠷᠡᠭᠴᠡᠭᠡᠨ ᠤ ᠳᠠᠯᠳᠠ ᠬᠦᠴᠦᠨ ᠢ ᠪᠠᠳᠠᠷᠠᠭᠤᠯᠤᠨ ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠪᠠᠷ ᠢᠶᠠᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠠᠵᠤ ᠠᠬᠤᠢ ᠶᠢ ᠬᠥᠭᠵᠢᠭᠦᠯᠬᠦ ᠬᠦᠴᠦᠯᠡᠴᠡ ᠶᠢ ᠪᠣᠳᠠᠲᠤ ᠴᠣᠭᠴᠠᠲᠤ ᠠᠵᠤ ᠠᠬᠤᠢ ᠳᠡᠭᠡᠷ᠎ᠡ ᠲᠠᠯᠪᠢᠨ ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠦᠨ ᠬᠡᠷᠡᠭᠵᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ ᠠᠬᠢᠭᠤᠯᠤᠨ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠃ ᠨᠡᠶᠢᠭᠡᠮ ᠤᠨ ᠦᠢᠯᠡᠰ ᠤᠨ ᠬᠥᠭᠵᠢᠯᠲᠡ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠠᠯ᠎ᠠ ᠶᠢᠨ ᠠᠵᠢᠯ ᠤᠳ ᠢ ᠰᠠᠶᠢᠲᠤᠷ ᠬᠢᠵᠦ ᠂ ᠠᠷᠠᠳ ᠲᠦᠮᠡᠨ ᠤ ᠬᠦᠷᠲᠡᠭᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ ᠃      ᠯᠢ ᠴᠢᠶᠠᠩ ᠴᠢᠬᠤᠯᠠᠴᠢᠯᠠᠬᠤ ᠳᠤ ᠪᠠᠨ ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠂ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠤᠨ ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭ᠎ᠠ ᠪᠠᠷᠢᠮᠲᠠᠯᠠᠨ ᠂ ᠪᠦᠲᠦᠭᠡᠯᠴᠢ ᠪᠠᠷ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠨᠥᠬᠦᠳ ᠲᠦᠷᠦᠭᠦᠯᠡᠨ ᠤᠯᠤᠰ ᠲᠦᠷᠦ ᠶᠢ ᠡᠷᠬᠢᠮᠯᠡᠬᠦ ᠂ ᠶᠣᠰᠣ ᠳᠦᠷᠢᠮ ᠢ ᠰᠠᠬᠢᠬᠤ ᠂ ᠪᠡᠶ᠎ᠡ ᠪᠠᠨ ᠴᠢᠩᠭ᠎ᠠ ᠱᠠᠭᠠᠷᠳᠠᠬᠤ ᠂ ᠬᠤᠪᠢ ᠶᠢᠨ ᠠᠰᠢᠭ ᠢ ᠬᠥᠭᠡᠭᠡᠴᠡᠯᠳᠦᠬᠦ ᠦᠭᠡᠢ ᠂ ᠠᠵᠢᠯᠴᠢ ᠬᠢᠴᠢᠶᠡᠩᠭᠦᠢ ᠪᠠᠷ ᠠᠵᠢᠯᠯᠠᠬᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠂ ᠰᠤᠷᠲᠠᠯ ᠴᠢᠬᠡᠴᠢ ᠣᠪᠣᠷ ᠲᠥᠪ ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ ᠃      ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠤᠰᠤᠳ ᠰᠠᠯᠠᠭ᠎ᠠ ᠮᠥᠴᠢᠷ ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠭᠰᠠᠨ ᠪᠠᠶᠢᠨ᠎ᠠ ᠃ 
ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ