ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠶᠢᠮᠠᠭ ᠤᠨ ᠲᠣᠪᠴᠢᠶ᠎ᠠ ᠠᠴᠠ ᠰᠢᠪᠠᠳᠠᠨ ᠰᠢᠢᠳᠪᠦᠷᠢᠯᠡᠭᠦᠯᠵᠦ ᠪᠠᠶᠢᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠨᠢᠭᠡ ᠬᠡᠷᠡᠭ ᠢ ᠠᠮᠵᠢᠯᠲᠠᠲᠠᠶ ᠢᠯᠡᠷᠡᠭᠦᠯᠪᠡ
ᠨᠡᠶᠢᠲᠡᠯᠡᠭᠰᠡᠨ ᠴᠠᠭ᠄
2023/3/3
      ᠰᠢᠨ᠎ᠡ ᠮᠠᠶ᠋ᠢᠭ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠡᠳᠦᠷ ᠢᠷᠡᠬᠦᠶ᠎ᠡ ᠣᠯᠠᠰᠢᠷᠠᠵᠤ᠂ ᠠᠷᠠᠳ ᠤᠨ ᠠᠮᠢᠳᠤᠷᠠᠯ ᠢ ᠬᠦᠨᠳᠦ ᠨᠣᠴᠢᠲᠠᠶ ᠨᠦᠯᠦᠭᠡᠯᠡᠵᠦ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠨᠢᠭᠡᠨᠲᠡ ᠬᠦᠨᠳᠦ ᠨᠣᠴᠢᠲᠠᠶ ᠰᠦᠷᠳᠡᠭᠦᠯᠦᠯ ᠳᠤ ᠤᠴᠠᠷᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠣᠬᠢᠯᠲᠠ ᠥᠭᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠣᠶᠢᠷ᠎ᠠ ᠶᠢᠨ ᠡᠳᠦᠷ ᠲᠤ᠂ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠰᠢᠪᠠᠳᠠᠨ ᠰᠢᠢᠳᠪᠦᠷᠢᠯᠡᠭᠦᠯᠵᠦ ᠪᠠᠶᠢᠭ᠎ᠠ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠢᠯᠡᠷᠡᠭᠦᠯᠵᠦ᠂ ᠶᠠᠯ᠎ᠠ ᠬᠢᠭᠰᠡᠨ 2 ᠰᠡᠵᠢᠭᠳᠡᠨ ᠢ ᠪᠠᠷᠢᠪᠴᠢᠯᠠᠪᠠ᠃
d8851d3122078cefab0d97759e40a3c.jpg
     2023 ᠣᠨ ᠤ 2 ᠰᠠᠷ᠎ᠠ ᠶᠢᠨ 11 ᠤ ᠡᠳᠦᠷ ᠪᠠᠷᠠᠭᠤᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠤ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠬᠠᠷᠢᠶᠠᠲᠤ ᠣᠷᠣᠨ ᠤ ᠰᠠᠭᠤᠭᠠᠯᠢ ᠠᠷᠠᠳ ᠬᠤ᠋ ᠣᠪᠣᠭᠲᠤ ᠶᠢᠨ ᠰᠦᠯᠵᠢᠶᠡᠨ ᠳᠡᠭᠡᠷ᠎ᠡ ᠮᠡᠬᠡᠯᠡᠭᠳᠡᠭᠡᠳ ᠮᠡᠬᠡᠯᠡᠭᠳᠡᠭᠰᠡᠨ ᠵᠣᠭᠤᠰ ᠤᠨ ᠲᠤᠭ᠎ᠠ ᠨᠢ ᠳᠥᠴᠢ ᠭᠠᠷᠤᠶ ᠲᠦᠮᠡᠨ ᠲᠥᠭᠦᠷᠢᠭ ᠲᠤ ᠬᠦᠷᠴᠡᠶ ᠭᠡᠰᠡᠨ ᠬᠡᠷᠡᠭ ᠤᠨ ᠮᠡᠳᠡᠭᠦᠯᠦᠯᠲᠡ ᠶᠢ ᠲᠤᠰᠪᠠ᠃ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠬᠠᠮᠤᠭ ᠲᠡᠷᠢᠭᠦᠨ ᠳᠤ ᠪᠠᠶᠢᠳᠠᠯ ᠢᠶᠠᠨ ᠲᠣᠪᠴᠢᠶᠠᠨ ᠤ ᠨᠠᠮ ᠤᠨ ᠬᠤᠷᠢᠶ᠎ᠠ ᠳᠤ ᠬᠠᠷᠢᠭᠤ ᠮᠡᠳᠡᠭᠦᠯᠵᠦ᠂ ᠲᠣᠪᠴᠢᠶᠠᠨ ᠤ ᠨᠠᠮ ᠤᠨ ᠬᠤᠷᠢᠶ᠎ᠠ ᠠᠴᠠ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠬᠢ ᠰᠢᠯᠢᠳᠡᠭ ᠴᠠᠭᠳᠠᠭᠠᠨ ᠤ ᠬᠦᠴᠦᠨ ᠢ ᠴᠤᠭᠯᠠᠭᠤᠯᠤᠨ᠂ ᠲᠤᠰ ᠬᠡᠷᠡᠭ ᠢ ᠬᠠᠮᠤᠭ ᠤᠨ ᠣᠬᠤᠷᠬᠠᠨ ᠬᠤᠭᠤᠴᠠᠭᠠᠨ ᠳᠤ ᠢᠯᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃ ᠳᠠᠷᠠᠭ᠎ᠠ ᠳᠤ ᠨᠢ᠂ ᠡᠷᠡᠭᠦᠦ ᠶᠢᠨ ᠬᠡᠷᠡᠭ ᠤᠨ ᠲᠤᠷᠰᠢᠨ ᠪᠠᠶᠢᠴᠠᠭᠠᠬᠤ ᠶᠡᠭᠡ ᠠᠩᠭᠢ ᠶᠢᠨ ᠠᠷᠠᠳ ᠤᠨ ᠴᠠᠭᠳᠠᠭ᠎ᠠ ᠬᠡᠷᠡᠭ ᠲᠤ ᠬᠤᠯᠪᠣᠭᠳᠠᠭᠰᠠᠨ ᠳᠠᠩᠰᠠᠨ ᠡᠷᠦᠬᠡ ᠳᠤ ᠵᠣᠭᠤᠰ ᠥᠭᠬᠦ ᠶᠢ ᠪᠠᠴᠢᠮ ᠵᠣᠭᠰᠣᠭᠠᠬᠤ ᠪᠠ ᠥᠯᠥ ᠬᠥᠳᠡᠯᠭᠡᠯᠭᠡᠬᠦ ᠠᠵᠢᠯ ᠢ ᠬᠢᠵᠦ᠂ ᠶᠡᠭᠡ ᠬᠡᠮᠵᠢᠶᠡᠨ ᠤ ᠪᠠᠶᠢᠴᠠᠭᠠᠯᠲᠠ ᠪᠠᠷ ᠳᠠᠮᠵᠢᠭᠠᠳ᠂ ᠶᠠᠯ᠎ᠠ ᠬᠢᠭᠰᠡᠨ ᠬᠤᠶᠠᠷ ᠰᠡᠵᠢᠭᠳᠡᠨ ᠤ ᠶᠠᠪᠤᠵᠤ ᠰᠠᠭᠤᠭᠰᠠᠨ ᠮᠥᠷ ᠢ ᠠᠩᠬ᠎ᠠ ᠠᠯᠬᠤᠮ ᠳᠣᠲᠣᠯᠠᠵᠠᠶ᠂ ᠠᠷᠠᠳ ᠤᠨ ᠴᠠᠭᠳᠠᠭ᠎ᠠ ᠳᠣᠪᠲᠤᠯᠤᠭ᠎ᠠ ᠪᠠᠷ ᠣᠯᠠᠨ ᠭᠠᠵᠠᠷ ᠲᠤ ᠬᠦᠷᠴᠦ ᠲᠤᠬᠠᠶ ᠶᠢᠨ ᠭᠠᠵᠠᠷ ᠤᠨ ᠴᠠᠭᠳᠠᠭᠠᠨ ᠤ ᠲᠠᠯ᠎ᠠ ᠶᠢᠨ ᠬᠦᠴᠦᠲᠡᠶ ᠬᠠᠮᠵᠢᠯᠴᠠᠭ᠎ᠠ ᠳᠣᠣᠷ᠎ᠠ᠂ ᠬᠡᠳᠦᠨ ᠡᠳᠦᠷ ᠡᠷᠡᠯᠬᠡᠭᠯᠡᠨ ᠪᠠᠶᠢᠯᠳᠤᠭᠠᠳ ᠠᠮᠵᠢᠯᠲᠠ ᠲᠠᠢ ᠪᠠᠷ ᠶᠠᠯ᠎ᠠ ᠬᠢᠭᠰᠡᠨ ᠰᠡᠵᠢᠭᠳᠡᠨ ᠭᠤᠣ ᠣᠪᠣᠭᠲᠤ᠂ ᠯᠢᠦ ᠣᠪᠣᠭᠲᠤ ᠶᠢ ᠪᠠᠷᠢᠪᠴᠢᠯᠠᠪᠠ᠃     ᠰᠢᠭᠦᠨ ᠠᠰᠠᠭᠤᠬᠤ ᠪᠠᠷ ᠳᠠᠮᠵᠢᠭᠠᠳ ᠶᠠᠯ᠎ᠠ ᠬᠢᠭᠰᠡᠨ ᠰᠡᠵᠢᠭᠳᠡᠨ ᠭᠤᠣ ᠣᠪᠣᠭᠲᠤ᠂ ᠯᠢᠦ ᠣᠪᠣᠭᠲᠤ ᠥᠪᠡᠷ ᠤᠨ ᠶᠠᠯ᠎ᠠ ᠬᠢᠭᠰᠡᠨ ᠪᠣᠳᠠᠲᠤ ᠶᠠᠪᠤᠳᠠᠯ ᠢᠶᠠᠨ ᠥᠴᠢᠭᠯᠡᠨ ᠮᠡᠳᠡᠷᠡᠵᠦ᠂ ᠣᠳᠣᠬᠠᠨ ᠳᠤ ᠲᠤᠰ ᠬᠡᠷᠡᠭ ᠢ ᠤᠯᠠᠮ ᠨᠢᠭᠡ ᠠᠯᠬᠤᠮ ᠳᠡᠩᠨᠡᠨ ᠰᠢᠢᠳᠪᠦᠷᠢᠯᠡᠵᠦ ᠪᠠᠶᠢᠨ᠎ᠠ᠃
ᠢᠷᠡᠯᠲᠡ᠄ ᠰᠢᠯᠢ ᠶᠢᠨ ᠭᠣᠣᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ