ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ
ᠨᠡᠶᠢᠲᠡᠯᠡᠭᠰᠡᠨ ᠴᠠᠭ᠄
2023/3/6
      3 ᠰᠠᠷ᠎ᠠ ᠶᠢᠨ 2 ᠤᠨ ᠡᠳᠦᠷ᠂ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠮᠦᠵᠢᠯ ᠪᠣᠯᠪᠠᠰᠤᠷᠠᠯ ᠤᠨ ᠲᠥᠪ ᠤᠨ ᠳᠡᠳ᠋ ᠡᠷᠬᠢᠯᠡᠭᠴᠢ ᠵᠠᠩ ᠯᠢ ᠴᠢᠩ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠳᠠᠭᠠᠭᠤᠯᠤᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠡᠷ ᠲᠤ ᠪᠠᠨ ᠪᠠᠶᠢᠭ᠎ᠠ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠪᠦᠷᠢᠯᠳᠦᠬᠦᠨ᠂ ᠡᠯ᠎ᠡ ᠭᠠᠵᠠᠷ ᠠᠩᠭᠢ ᠲᠠᠰᠤᠭ ᠤᠨ ᠬᠠᠷᠢᠭᠤᠴᠠᠯᠭᠠᠲᠠᠨ᠂ ᠲᠣᠪᠴᠢᠶ᠎ᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠥᠬᠦ ᠠᠷᠠᠳ ᠤᠨ ᠴᠠᠭᠳᠠᠭ᠎ᠠ ᠬᠠᠪᠰᠤᠭᠴᠢ ᠴᠠᠭᠳᠠᠭ᠎ᠠ ᠠᠵᠢᠯᠯᠠᠭ᠎ᠠ ᠳᠤ ᠣᠷᠣᠯᠴᠠᠵᠠᠶ᠃
微信图片_20230305173910.jpg
     ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠥᠮᠦᠵᠢᠯ ᠤᠨ ᠪᠣᠯᠪᠠᠰᠤᠷᠠᠯ ᠤᠨ ᠲᠥᠪ ᠤᠨ ᠤᠯᠤᠰ ᠲᠥᠷᠥ ᠶᠢᠨ ᠣᠨᠣᠯ ᠤᠨ ᠵᠢᠭᠠᠨ ᠰᠤᠳᠤᠯᠬᠤ ᠲᠠᠰᠤᠭ ᠤᠨ ᠰᠤᠷᠭᠠᠭᠴᠢ ᠳ᠋ᠤᠸᠠᠨ ᠵᠢᠶᠠ ᠴᠢᠩ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 〈 ᠬᠤᠶᠠᠷ ᠬᠠᠯᠬᠠᠪᠴᠢ 〉 ᠶᠢᠨ ᠰᠢᠳᠤᠷᠭᠤ ᠬᠠᠮᠠᠭᠠᠯᠠᠭᠴᠢ ᠪᠣᠯᠬᠤ ᠡᠭᠦᠷᠭᠡ ᠬᠠᠷᠢᠭᠤᠴᠠᠯᠭ᠎ᠠ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠵᠢᠴᠢ ᠭᠤᠣᠯ ᠦᠷ᠎ᠡ ᠪᠦᠲᠦᠭᠡᠯ ᠠᠴᠠ ᠥᠩᠭᠡᠷᠡᠭᠰᠡᠨ 5 ᠵᠢᠯ ᠤᠨ ᠠᠵᠢᠯ ᠪᠣᠯᠤᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠳᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠪᠠᠶᠢᠳᠠᠯ ᠢ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠡᠭᠦᠷᠭᠡ ᠬᠠᠷᠢᠭᠤᠴᠠᠯᠭ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠶᠢ ᠭᠤᠶᠢᠪᠢᠰᠢ ᠦᠭᠡᠢ ᠠᠬᠢᠭᠤᠯᠵᠤ᠂ ᠨᠤᠭᠤᠷᠠᠰᠢ ᠦᠭᠡᠢ ᠲᠡᠮᠡᠴᠡᠯ ᠢᠶᠠᠷ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠬᠤ ᠵᠡᠷᠭᠡ ᠲᠠᠯ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠭᠰᠠᠨ ᠨᠢ ᠥᠷᠭᠡᠨ ᠤᠯᠠᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠳᠤ ᠲᠦᠢᠯ ᠤᠨ ᠴᠢᠬᠤᠯᠠ ᠵᠢᠯᠣᠭᠤᠳᠬᠤ ᠦᠢᠯᠡᠳᠦᠯ ᠲᠠᠢ ᠶᠤᠮ᠃     ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠡᠯᠪᠡᠭ ᠪᠠᠶᠠᠯᠢᠭ ᠠᠭᠤᠯᠤᠭᠳᠠᠬᠤᠨ ᠲᠠᠢ᠂ ᠴᠢᠩᠭ᠎ᠠ ᠨᠢᠮᠪᠠᠶ᠂ ᠦᠵᠡᠯ ᠰᠠᠨᠠᠭ᠎ᠠ ᠭᠦᠨᠵᠡᠭᠡᠢ᠃ ᠠᠷᠠᠳ ᠤᠨ ᠴᠠᠭᠳᠠᠭ᠎ᠠ ᠬᠠᠪᠰᠤᠷᠤᠭᠴᠢ ᠴᠡᠷᠢᠭ ᠤᠨ ᠪᠦᠬᠦ ᠴᠠᠭᠳᠠᠭ᠎ᠠ ᠨᠠᠷ ᠨᠠᠷᠢᠨ ᠬᠢᠨᠠᠮᠠᠭᠠᠶ ᠰᠣᠨᠣᠰᠴᠤ᠂ ᠭᠦᠨ ᠭᠦᠨᠵᠡᠭᠡᠶ ᠨᠠᠮᠴᠢ ᠴᠢᠨᠠᠷ ᠤᠨ ᠬᠥᠮᠦᠵᠢᠯ ᠪᠣᠯᠤᠨ ᠦᠵᠡᠯ ᠰᠠᠨᠠᠭᠠᠨ ᠤ ᠳᠠᠪᠲᠠᠯᠲᠠ ᠶᠢ ᠭᠥᠷᠳᠡᠵᠦ᠂ ᠲᠤᠰ ᠤᠳᠠᠭᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠰᠤᠷᠤᠯᠴᠠᠬᠤ ᠳᠤ ᠰᠡᠳᠬᠢᠮᠵᠢ ᠲᠠᠢ᠂ ᠰᠤᠷᠤᠯᠴᠠᠬᠤ ᠳᠤ ᠤᠬᠠᠮᠰᠠᠷ ᠲᠠᠢ᠂ ᠰᠤᠷᠤᠯᠴᠠᠬᠤ ᠳᠤ ᠣᠯᠤᠯᠲᠠ ᠲᠠᠢ ᠪᠠᠶᠢᠬᠤ ᠶᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠳᠣᠲᠣᠭᠠᠳᠤ ᠶᠢ ᠬᠠᠮᠠᠭᠠᠯᠠᠬᠤ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠯᠠᠪᠳᠠᠭᠤᠨ ᠢᠶᠠᠷ ᠤᠷᠤᠭᠰᠢᠯᠠᠨ ᠳᠡᠪᠰᠢᠵᠦ᠂ ᠠᠮᠤᠷ ᠲᠠᠶᠢᠪᠤᠩ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃
ᠢᠷᠡᠯᠲᠡ᠄ ᠤᠯᠠᠭᠠᠨᠴᠠᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ