ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ 6 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/7
         ᠲᠣᠳᠤᠭᠠᠳᠤ ᠵᠠᠮ ᠬᠠᠮᠢᠶᠠᠷᠤᠯᠲᠠ ︹2023︺ 11 ᠳ᠋ᠦ᠋ᠭᠡᠷ ᠲᠣᠭᠠᠲᠤ       ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ 6 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠬᠦ ᠲᠤᠬᠠᠶ ᠮᠡᠳᠡᠭᠳᠡᠯ       ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠣᠪᠴᠢᠶ᠎ᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ᠄     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠪᠡᠶ᠎ᠡ ᠶᠢᠨ ᠦᠨᠡᠮᠯᠡᠯ᠂ ᠵᠢᠯᠣᠭᠤᠴᠢ ᠶᠢᠨ ᠦᠨᠡᠮᠯᠡᠯ ᠵᠡᠷᠭᠡ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠳᠣᠲᠣᠭᠠᠳᠤ ᠶᠢ ᠬᠠᠮᠠᠭᠠᠯᠠᠬᠤ ᠶᠠᠮᠤᠨ 2023 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠬᠦ 6 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠰᠤᠳᠤᠯᠤᠨ ᠲᠣᠭᠲᠠᠭᠠᠪᠠ᠃ ᠡᠳᠦᠭᠡ ᠬᠤᠯᠪᠣᠭᠳᠠᠯ ᠪᠥᠬᠦᠢ ᠪᠣᠳᠠᠲᠠᠶ ᠵᠦᠢᠯ ᠢ ᠳᠣᠣᠷᠠᠬᠢ ᠮᠡᠲᠦ ᠮᠡᠳᠡᠭᠳᠡᠶ᠎ᠡ᠄     ᠨᠢᠭᠡ᠂ ᠵᠢᠯᠣᠭᠤᠴᠢ ᠶᠢᠨ ᠦᠨᠡᠮᠯᠡᠯ ᠢ ᠬᠤᠶᠢᠰᠢᠯᠠᠭᠤᠯᠤᠨ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠶᠠᠮᠠᠷ ᠨᠢᠭᠡᠨ ᠰᠢᠯᠲᠠᠭᠠᠨ ᠠᠴᠠ ᠪᠣᠯᠵᠣ ᠤᠯᠤᠰ ᠲᠤ ᠪᠠᠨ ᠪᠤᠴᠠᠨ ᠢᠷᠡᠵᠦ ︵ᠬᠢᠯᠢ ᠳᠤ ᠣᠷᠣᠵᠤ ᠢᠷᠡᠬᠦ︶ ᠲᠡᠶᠢᠯᠬᠦ ᠦᠭᠡᠢ ᠠᠴᠠ ᠪᠣᠯᠤᠭᠠᠳ᠂ ᠵᠢᠯᠣᠭᠤᠴᠢ ᠶᠢᠨ ᠦᠨᠡᠮᠯᠡᠯ ᠤᠨ ᠬᠤᠭᠤᠴᠠᠭ᠎ᠠ ᠨᠢ ᠳᠦᠭᠦᠷᠦᠭᠡᠳ ᠦᠨᠡᠮᠯᠡᠯ ᠢᠶᠠᠨ ᠰᠣᠯᠢᠬᠤ᠂ ᠬᠢᠨᠠᠨ ᠰᠢᠯᠭᠠᠬᠤ᠂ ᠪᠡᠶ᠎ᠡ ᠶᠢᠨ ᠨᠥᠬᠦᠴᠡᠯ ᠤᠨ ᠭᠡᠷᠡᠴᠢ ᠪᠠᠨ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠠᠷᠭ᠎ᠠ ᠥᠬᠡᠶ ᠪᠣᠯ᠂ ᠤᠯᠤᠰ ︵ᠬᠢᠯᠢ︶ ᠤᠨ ᠳᠣᠲᠣᠷᠠᠬᠢ ᠬᠥᠮᠦᠰ ᠲᠤ ᠨᠠᠶᠢᠳᠠᠵᠤ ᠪᠡᠶ᠎ᠡ ᠶᠢᠨ ᠦᠨᠡᠮᠯᠡᠯ᠂ ᠨᠠᠶᠢᠳᠠᠯᠭ᠎ᠠ ᠶᠢᠨ ᠪᠢᠴᠢᠭ ᠢᠶᠠᠷ ᠢᠶᠠᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠤᠭᠤᠴᠠᠭ᠎ᠠ ᠤᠷᠲᠤᠳᠬᠠᠨ ᠬᠢᠯᠭᠡᠬᠦ ᠪᠠᠷ ᠭᠤᠶᠤᠴᠢᠯᠠᠵᠤ ᠪᠣᠯᠤᠨ᠎ᠠ᠂ ᠲᠣᠰ ᠬᠥᠮᠦᠨ ᠨᠢ ᠤᠯᠤᠰ ᠲᠤ ᠪᠠᠨ ᠪᠤᠴᠠᠨ ᠢᠷᠡᠬᠦ ︵ᠬᠢᠯᠢ ᠳᠤ ᠣᠷᠣᠵᠤ ᠢᠷᠡᠬᠦ︶ ᠴᠢᠬᠤᠯᠠ ᠥᠬᠡᠶ᠃ ᠪᠡᠶ᠎ᠡ ᠶᠢᠨ ᠦᠨᠡᠮᠯᠡᠯ᠂ ᠨᠠᠶᠢᠳᠠᠯᠭ᠎ᠠ ᠶᠢᠨ ᠪᠢᠴᠢᠭ ᠤᠨ ᠣᠭ ᠮᠠᠲ᠋ᠧᠷᠢᠶᠠᠯ ᠢ ᠲᠤᠰᠢᠶᠠᠬᠤ ᠶᠢᠨ ᠠᠷᠭ᠎ᠠ ᠥᠬᠡᠶ ᠪᠠᠶᠢᠪᠠᠯ᠂ ᠪᠠᠭᠤᠯᠭᠠᠪᠤᠷᠢ ᠪᠤᠶᠤ ᠬᠡᠷᠡᠯ ᠵᠢᠷᠤᠭ ᠤᠨ ᠳᠠᠷᠤᠮᠠᠯᠯᠠᠭᠰᠠᠨ ᠮᠠᠲ᠋ᠧᠷᠢᠶᠠᠯ ᠢᠶᠠᠷ ᠢᠶᠠᠨ ᠬᠤᠭᠤᠴᠠᠭ᠎ᠠ ᠤᠷᠲᠤᠳᠬᠠᠬᠤ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃     ᠬᠤᠶᠠᠷ᠂ ᠤᠯᠤᠰ ᠲᠤ ᠪᠠᠨ ᠪᠤᠴᠠᠨ ᠢᠷᠡᠵᠦ ᠵᠢᠯᠣᠭᠤᠴᠢ ᠶᠢᠨ ᠦᠨᠡᠮᠯᠡᠯ ᠢᠶᠠᠨ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠶᠠᠮᠠᠷ ᠨᠢᠭᠡᠨ ᠰᠢᠯᠲᠠᠭᠠᠨ ᠠᠴᠠ ᠪᠣᠯᠵᠣ 2023 ᠣᠨ ᠤ ᠵᠢᠯ ᠤᠨ ᠡᠴᠦᠰ ᠠᠴᠠ ᠡᠮᠦᠨ᠎ᠡ ᠤᠯᠤᠰ ᠲᠤ ᠪᠠᠨ ᠪᠤᠴᠠᠬᠤ ︵ᠬᠢᠯᠢ ᠳᠤ ᠣᠷᠣᠵᠤ ᠢᠷᠡᠬᠦ︶ ᠠᠷᠭ᠎ᠠ ᠥᠬᠡᠶ ᠠᠴᠠ ᠪᠣᠯᠵᠣ᠂ ᠵᠢᠯᠣᠭᠤᠴᠢ ᠶᠢᠨ ᠦᠨᠡᠮᠯᠡᠯ ᠢᠶᠠᠨ ᠬᠤᠭᠤᠴᠠᠭ᠎ᠠ ᠬᠡᠲᠦᠷᠡᠲᠡᠯ᠎ᠡ ᠰᠣᠯᠢᠭᠰᠠᠨ ᠥᠬᠡᠶ᠂ ᠬᠢᠨᠠᠨ ᠰᠢᠯᠭᠠᠭᠰᠠᠨ ᠥᠬᠡᠶ ᠪᠠᠶᠢᠪᠠᠯ᠂ ᠤᠯᠤᠰ ᠲᠤ ᠪᠠᠨ ᠪᠤᠴᠠᠨ ᠢᠷᠡᠭᠰᠡᠨ ︵ᠬᠢᠯᠢ ᠳᠤ ᠣᠷᠣᠵᠤ ᠢᠷᠡᠬᠦ︶ ᠤ ᠳᠠᠷᠠᠭᠠᠬᠢ 6 ᠰᠠᠷ᠎ᠠ ᠶᠢᠨ ᠳᠣᠲᠣᠷ᠎ᠠ ᠭᠠᠷ ᠭᠦᠢᠴᠡᠳᠭᠡᠯ ᠢᠶᠠᠨ ᠨᠥᠬᠦᠨ ᠭᠦᠢᠴᠡᠳᠭᠡᠵᠦ᠂ ᠵᠢᠯᠣᠭᠤᠴᠢ ᠶᠢᠨ ᠬᠢᠷᠢ ᠬᠡᠮ ᠢᠶᠠᠨ ᠰᠡᠷᠭᠦᠭᠡᠵᠦ ᠪᠣᠯᠤᠨ᠎ᠠ᠃     ᠭᠤᠷᠪᠠ᠂ ᠬᠢᠯᠢ ᠶᠢᠨ ᠭᠠᠳᠠᠨᠠᠬᠢ ᠵᠢᠯᠣᠭᠤᠴᠢ ᠶᠢᠨ ᠦᠨᠡᠮᠯᠡᠯ ᠢᠶᠠᠷ ᠢᠶᠠᠨ ᠳᠤᠮᠳᠠᠳᠤ ᠤᠯᠤᠰ ᠤᠨ ᠵᠢᠯᠣᠭᠤᠴᠢ ᠶᠢᠨ ᠦᠨᠡᠮᠯᠡᠯ ᠢ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠤᠯᠤᠰ ᠲᠤ ᠪᠠᠨ ᠪᠤᠴᠠᠵᠤ ︵ᠬᠢᠯᠢ ᠳᠤ ᠣᠷᠣᠵᠤ︶ ᠢᠷᠡᠭᠰᠡᠨ ᠤ ᠳᠠᠷᠠᠭ᠎ᠠ ᠬᠢᠯᠢ ᠶᠢᠨ ᠭᠠᠳᠠᠨᠠᠬᠢ ᠵᠢᠯᠣᠭᠤᠴᠢ ᠶᠢᠨ ᠦᠨᠡᠮᠯᠡᠯ ᠢᠶᠠᠷ ᠢᠶᠠᠨ ᠳᠤᠮᠳᠠᠳᠤ ᠤᠯᠤᠰ ᠤᠨ ᠵᠢᠯᠣᠭᠤᠴᠢ ᠶᠢᠨ ᠦᠨᠡᠮᠯᠡᠯ ᠢ ᠰᠣᠯᠢᠵᠤ ᠠᠪᠬᠤ ᠳᠤ᠂ ᠬᠢᠯᠢ ᠶᠢᠨ ᠭᠠᠳᠠᠨᠠᠬᠢ ᠵᠢᠯᠣᠭᠤᠴᠢ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠠᠴᠠ ᠬᠡᠲᠦᠷᠡᠭᠰᠡᠨ ᠥᠬᠡᠶ ᠪᠠᠶᠢᠪᠠᠯ᠂ ᠳᠤᠮᠳᠠᠳᠤ ᠤᠯᠤᠰ ᠤᠨ ᠵᠢᠯᠣᠭᠤᠴᠢ ᠶᠢᠨ ᠦᠨᠡᠮᠯᠡᠯ ᠢ ᠰᠣᠯᠢᠵᠤ ᠠᠪᠬᠤ ᠪᠠᠷ ᠬᠡᠪ ᠤᠨ ᠶᠣᠰᠣᠭᠠᠷ ᠭᠤᠶᠤᠴᠢᠯᠠᠵᠤ ᠪᠣᠯᠤᠨ᠎ᠠ᠃     ᠳᠥᠷᠪᠡ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠨᠠᠶᠢᠳᠠᠵᠤ ᠣᠷᠣᠯᠠᠨ ᠬᠢᠯᠭᠡᠬᠦ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠰᠢᠨ᠎ᠡ ᠬᠢᠵᠢᠭ ᠤᠨ ᠪᠠᠶᠢᠳᠠᠯ ᠠᠴᠠ ᠪᠣᠯᠵᠤ ᠴᠠᠭ ᠲᠤᠬᠠᠶ ᠳᠤ ᠨᠢ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠳᠦᠭᠦᠷᠦᠭᠡᠳ ᠦᠨᠡᠮᠯᠡᠯ ᠢᠶᠠᠨ ᠰᠣᠯᠢᠵᠤ ᠳᠡᠶᠢᠯᠦᠭᠰᠡᠨ ᠦᠭᠡᠶ ᠪᠣᠯ ᠤᠯᠤᠰ ᠤᠨ ᠳᠣᠲᠣᠭᠠᠳᠤ ᠶᠢᠨ ᠣᠶᠢᠷ᠎ᠠ ᠲᠥᠷᠥᠯ ᠰᠠᠳᠤᠨ ᠳᠤ ᠨᠠᠶᠢᠳᠠᠵᠤ ᠪᠠᠶᠢᠩᠭᠤ ᠶᠢᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠪᠤᠶᠤ ᠡᠷᠦᠬᠡ ᠠᠮᠠ ᠶᠢᠨ ᠶᠠᠪᠤᠳᠠᠯ ᠤᠨ ᠦᠨᠡᠮᠯᠡᠯ ᠭᠦᠢᠴᠡᠳᠭᠡᠬᠦ ᠶᠡᠭᠡ ᠲᠢᠩᠬᠢᠮ ᠳᠤ ᠦᠨᠡᠮᠯᠡᠯ ᠰᠣᠯᠢᠬᠤ ᠭᠤᠶᠤᠴᠢᠯᠠᠯ ᠢ ᠣᠷᠣᠯᠠᠨ ᠭᠠᠷᠳᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠬᠡᠮ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠭᠡᠷᠡᠴᠢᠯᠡᠬᠦ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠦᠨᠡᠮᠯᠡᠯ ᠢ ᠭᠥᠯᠢᠶᠡᠨ ᠠᠪᠴᠤ᠂ ᠭᠠᠷ ᠤᠨ ᠥᠰᠥᠭ ᠵᠢᠷᠤᠵᠤ᠂ ᠦᠢᠯᠡᠳᠬᠦ ᠪᠠ ᠣᠯᠭᠤᠵᠤ ᠪᠣᠯᠤᠨ᠎ᠠ᠃     ᠲᠠᠪᠤ᠂ ᠤᠯᠤᠰ ᠲᠤ ᠪᠠᠨ ᠪᠣᠴᠠᠨ ᠢᠷᠡᠵᠦ ᠣᠶᠢᠷ᠎ᠠ ᠬᠠᠪᠢ ᠳᠤ ᠪᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠰᠣᠯᠢᠵᠤ ᠠᠪᠬᠤ ᠳᠤ ᠲᠥᠬᠦᠮ ᠦᠵᠡᠭᠦᠯᠦᠨ᠎ᠡ᠃ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠠᠴᠠ ᠪᠣᠯᠵᠣ ᠪᠡᠶ᠎ᠡ ᠶᠢᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠦᠭᠡᠳ ᠦᠨᠡᠮᠯᠡᠯ ᠢᠶᠠᠨ ᠰᠣᠯᠢᠵᠤ ᠳᠡᠶᠢᠯᠬᠦ ᠥᠬᠡᠶ ᠪᠣᠯ᠂ ᠤᠯᠤᠰ ᠲᠤ ᠪᠠᠨ ᠪᠤᠴᠠᠵᠤ ︵ᠬᠢᠯᠢ ᠳᠤ ᠣᠷᠣᠵᠤ︶ ᠢᠷᠡᠭᠰᠡᠨ ᠤ ᠳᠠᠷᠠᠭ᠎ᠠ ᠪᠥᠬᠦ ᠤᠯᠤᠰ ᠤᠨ ᠶᠠᠮᠠᠷᠪᠠ ᠨᠢᠭᠡᠨ ᠡᠷᠦᠬᠡ ᠠᠮᠠ ᠶᠢᠨ ᠲᠣᠮᠢᠯᠠᠭᠰᠠᠨ ᠰᠠᠯᠪᠤᠷᠢ ᠳᠤ ᠪᠡᠶ᠎ᠡ ᠶᠢᠨ ᠦᠨᠡᠮᠯᠡᠯ ᠢᠶᠠᠨ ᠰᠣᠯᠢᠵᠤ ᠠᠪᠬᠤ ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠤ ᠪᠠᠨ ᠭᠦᠢᠴᠡᠳᠭᠡᠵᠦ ᠪᠣᠯᠤᠨ᠎ᠠ᠃     ᠵᠢᠷᠭᠤᠭ᠎ᠠ᠂ ᠬᠢᠯᠢ ᠪᠠᠷ ᠣᠷᠣᠵᠤ ᠭᠠᠷᠬᠤ ᠲᠤᠬᠠᠶᠢᠯᠠᠭᠰᠠᠨ ᠠᠵᠢᠯ ᠪᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠪᠠᠶᠢᠴᠠᠭᠠᠨ ᠯᠠᠪᠯᠠᠬᠤ ᠳᠤ ᠲᠦᠭᠦᠮ ᠦᠵᠡᠭᠦᠯᠦᠨ᠎ᠡ᠃ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠲᠤ ᠬᠢᠯᠢ ᠪᠠᠷ ᠣᠷᠣᠵᠤ ᠭᠠᠷᠬᠤ ᠭᠡᠷᠡᠴᠢ ᠦᠨᠡᠮᠯᠡᠯ᠂ ᠬᠢᠯᠢ ᠪᠠᠷ ᠣᠷᠣᠵᠤ ᠭᠠᠷᠤᠭᠰᠠᠨ ᠲᠡᠮᠳᠡᠭᠯᠡᠯ ᠵᠡᠷᠭᠡ ᠮᠡᠳᠡᠭᠡ ᠵᠠᠩᠭᠢ ᠶᠢᠨ ᠰᠦᠯᠵᠢᠶᠡᠨ ᠳᠡᠭᠡᠷᠡᠬᠢ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠵᠤ᠂ 12367 ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠲᠤ ᠳᠤᠮᠳᠠᠳᠤ ᠠᠩᠭ᠍ᠯᠢ ᠬᠤᠤᠰ ᠬᠡᠯᠡ᠂ ︽7 × 24︾ ᠴᠠᠭ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠨ᠎ᠠ᠃     ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ 6 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠵᠤ᠂ ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠣᠳᠠᠲᠠᠢ ᠠᠵᠢᠯᠯᠠᠭ᠎ᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠨ᠂ ᠬᠡᠷᠡᠭᠵᠢᠭᠦᠯᠬᠦ ᠲᠥᠰᠦᠯ ᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠪᠠᠲᠤᠲᠠᠢ ᠪᠠᠷ ᠠᠬᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠢᠵᠢ ᠪᠦᠷᠢᠳᠦᠭᠦᠯᠬᠦ ᠪᠠᠲᠤᠯᠠᠭ᠎ᠠ ᠶᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠢᠵᠢ ᠪᠦᠷᠢᠳᠦᠭᠦᠯᠬᠦ ᠪᠠᠲᠤᠯᠠᠭ᠎ᠠ ᠶᠢ ᠤᠷᠢᠳᠴᠢᠯᠠᠨ ᠨᠠᠶᠢᠳᠠᠪᠤᠷᠢᠵᠢᠭᠤᠯᠵᠤ᠂ ᠰᠢᠰᠲ᠋ᠧᠮ ᠢ ᠲᠡᠰ ᠳᠡᠪᠰᠢᠭᠦᠯᠬᠦ᠂ ᠲᠦᠷᠢᠮ ᠢ ᠲᠡᠭᠦᠯᠳᠡᠷᠵᠢᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠶᠢ ᠬᠡᠷᠡᠭᠵᠢᠭᠦᠯᠬᠦ ᠪᠡᠯᠡᠳᠬᠡᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠪᠦᠬᠦᠨ ᠢ ᠬᠠᠮᠤᠷᠬᠤ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠰᠢᠮᠳᠠᠭᠤᠯᠤᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤ ᠨᠢ ᠵᠠᠷᠯᠠᠨ ᠮᠡᠳᠡᠭᠳᠡᠵᠦ᠂ ᠴᠠᠭ ᠲᠤᠬᠠᠶ ᠳᠤ ᠨᠢ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ᠂ ᠦᠷ᠎ᠡ ᠪᠦᠲᠦᠮᠵᠢ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠤᠨ᠂ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠯᠠᠪᠳᠠᠭᠤᠨ ᠢᠶᠠᠷ ᠤᠬᠠᠭᠤᠯᠵᠤ ᠬᠦᠳᠦᠯᠦᠨ ᠵᠢᠯᠣᠭᠤᠳᠴᠤ᠂ ᠨᠢᠭᠡᠨᠲᠡ ᠨᠡᠶᠢᠲᠡᠯᠡᠭᠰᠡᠨ ᠬᠢᠯᠢ ᠶᠢᠨ ᠳᠣᠲᠣᠷ᠎ᠠ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠤᠶᠢᠰᠢᠯᠠᠭᠤᠯᠤᠨ ᠭᠦᠢᠴᠡᠳᠬᠡᠬᠦ᠂ ᠳᠤᠲᠠᠭᠤ ᠶᠢ ᠠᠭᠤᠴᠢᠯᠠᠨ ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠶᠢ ᠤᠬᠠᠭᠤᠯᠬᠤ ᠲᠠᠢ ᠤᠶᠠᠯᠳᠤᠭᠤᠯᠵᠤ᠂ ᠬᠢᠯᠢ ᠶᠢᠨ ᠭᠠᠳᠠᠨᠠᠬᠢ ᠳᠤᠮᠳᠠᠳᠤ ᠤᠯᠤᠰ ᠤᠨ ᠠᠷᠠᠳ ᠢᠷᠭᠡᠳ ᠤᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠲᠦᠬᠦᠮ ᠦᠵᠡᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠰᠠᠶᠢᠨ ᠰᠠᠶᠢᠬᠠᠨ ᠬᠡᠷᠡᠭᠵᠢᠭᠦᠯᠬᠦ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠳᠥᠭᠦᠮ ᠦᠭᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠲᠤ ᠲᠦᠭᠦᠮ ᠦᠵᠡᠭᠦᠯᠵᠦ ᠠᠰᠢᠭ ᠬᠦᠷᠲᠡᠭᠡᠬᠦ ᠨᠡᠩ ᠤᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠭᠠᠷᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃                               ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ                                2023 ᠣᠨ ᠤ 1 ᠰᠠᠷ᠎ᠠ ᠶᠢᠨ 12 ᠤᠨ ᠡᠳᠦᠷ 
ᠢᠷᠡᠯᠲᠡ᠄ ᠲᠣᠳᠤᠭᠠᠳᠤ ᠶᠢ ᠬᠠᠮᠠᠭᠠᠯᠠᠬᠤ ᠶᠠᠮᠤᠨ ᠤ ᠰᠦᠯᠵᠢᠶ᠎ᠡ