ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠠᠴᠠ ᠡᠮᠦᠨᠡᠬᠡᠨ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ 30 ᠭᠠᠷᠤᠶ ᠪᠠᠭᠰᠢ ᠰᠤᠷᠤᠭᠴᠢᠳ ᠢ ᠤᠷᠢᠵᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠥᠪ ᠲᠤ ᠴᠠᠭᠳᠠᠭᠠᠨ ᠤ ᠬᠤᠸᠠᠷᠠᠨ ᠤ ᠨᠡᠭᠡᠭᠡᠯᠲᠡ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠦᠰᠦᠨ ᠪᠤᠶᠢᠵᠢᠯᠲᠠ ᠶᠢᠨ ᠣᠨᠴᠠᠯᠢᠭ ᠲᠤ ᠴᠢᠭᠯᠡᠭᠦᠯᠦᠨ᠂ ᠣᠶᠢᠷ᠎ᠠ ᠶᠢᠨ ᠵᠢᠯ ᠳᠤ ᠡᠭᠦᠰᠦᠭᠰᠡᠨ ᠵᠠᠯᠠᠭᠤᠴᠤᠳ ᠪᠠᠭᠠᠴᠤᠳ ᠤᠨ | ᠬᠠᠤᠯᠢ ᠶᠢ ᠵᠥᠷᠢᠴᠡᠵᠦ ᠶᠠᠯ᠎ᠠ ᠬᠢᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠤ᠂ ᠬᠠᠤᠯᠢ ᠴᠠᠭᠠᠵᠠ ᠪᠠᠷ | ᠶᠣᠰᠣ ᠶᠢ ᠣᠶᠢᠯᠠᠭᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠡᠰᠡᠷᠭᠦᠴᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ | ᠰᠡᠷᠭᠡᠶᠢᠯᠡᠬᠦ ᠵᠡᠷᠭᠡ ᠠᠮᠤᠷ ᠲᠦᠪᠰᠢᠨ ᠤ ᠮᠡᠳᠡᠯᠭᠡ ᠶᠢ ᠪᠠᠭᠰᠢ ᠰᠤᠷᠤᠭᠴᠢᠳ ᠲᠤ ᠲᠠᠶᠢᠯᠪᠤᠷᠢᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ | ᠬᠠᠤᠯᠢ ᠪᠠᠷ ᠵᠠᠰᠠᠬᠤ ᠦᠵᠡᠯᠲᠡ᠂ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠴᠢᠩᠭᠠᠷᠠᠭᠤᠯᠪᠠ᠃ | | |