ᠬᠥᠯᠥᠨ ᠪᠤᠶᠢᠷ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠤᠷᠭᠠᠭᠤᠯᠢ ᠶᠢᠨ ᠬᠦᠷᠢᠶᠡᠨ ᠤ ︽ᠰᠤᠷᠤᠯᠭ᠎ᠠ ᠬᠠᠮᠠᠭᠠᠯᠠᠬᠤ︾ ᠰᠢᠨ᠎ᠡ ᠠᠶᠠᠨ ᠵᠠᠮ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/4/14
    ᠬᠥᠯᠥᠨ ᠪᠦᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠢ ᠢᠮᠠᠭᠲᠠ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠪᠠ᠃ ᠰᠤᠷᠭᠠᠭᠤᠯᠢ ᠡᠬᠢᠯᠡᠬᠦ ᠦᠶ᠎ᠡ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠶᠢᠨ ᠬᠠᠮᠲᠤ ᠭᠤᠤᠯᠳᠠᠯᠭ᠎ᠠ ᠲᠠᠢ ᠠᠵᠢᠯ ᠤᠨ ᠬᠤᠷᠠᠯ ᠳᠡᠭᠡᠷ᠎ᠡ ᠳᠠᠬᠢᠨ ᠳᠠᠪᠲᠠᠨ ᠴᠢᠬᠤᠯᠠᠴᠢᠯᠠᠨ ᠪᠠᠶᠢᠷᠢᠯᠠᠭᠤᠯᠪᠠ᠃
2.jpg   
5.jpg
    ︽ᠠᠮᠤᠷ ᠠᠮᠤᠭᠤᠯᠠᠩᠲᠤ ᠰᠤᠷᠭᠠᠭᠤᠯᠢ ᠶᠢᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ︾ ᠲᠤᠰᠬᠠᠶ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠠᠮᠤᠷ ᠢ ᠬᠠᠮᠠᠭᠠᠯᠠᠬᠤ᠂ ᠲᠣᠮᠢᠯᠠᠭᠰᠠᠨ ᠰᠠᠯᠪᠤᠷᠢ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠰᠤᠷᠭᠠᠭᠤᠯᠢ ᠳᠤ ︽ᠲᠣᠤᠷ ᠲᠠᠲᠠᠬᠤ ᠮᠠᠶ᠋ᠢᠭ︾ ᠤᠨ ᠪᠠᠶᠢᠴᠠᠭᠠᠯᠲᠠ ᠶᠢ ᠥᠷᠨᠢᠭᠦᠯᠵᠦ᠂ ︽ᠰᠤᠷᠭᠠᠭᠤᠯᠢ ᠶᠢᠨ ᠲᠡᠷᠭᠡ ᠶᠢᠨ ᠠᠶᠤᠯ ᠦᠭᠡᠢ᠂ ᠠᠮᠤᠷ ᠢ ᠬᠠᠮᠠᠭᠠᠯᠠᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ᠂ ᠨᠢᠭᠡ ᠳᠠᠷᠤᠪᠴᠢᠲᠤ ᠲᠦᠭᠰᠢᠭᠦᠷᠢ ᠮᠡᠳᠡᠭᠦᠯᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠡᠯᠡᠳᠬᠡᠮᠵᠢ ᠶᠢᠨ ᠠᠵᠢᠯᠯᠠᠭᠠᠨ ᠵᠡᠷᠭᠡ ᠲᠥᠷᠪᠡᠨ 100% ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠵᠤ᠂ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠬᠦᠨ ᠢ ᠵᠢᠭᠰᠠᠭᠠᠵᠤ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠥᠷᠭᠡᠳᠭᠡᠵᠦ᠂ ᠰᠤᠷᠭᠠᠭᠤᠯᠢ ᠡᠬᠢᠯᠡᠬᠦ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠪᠠ᠃ 
ᠢᠷᠡᠯᠲᠡ᠄ ᠭᠦᠯᠦᠨ ᠪᠤᠶᠢᠷ ᠬᠤᠲᠠ ᠶᠢᠨ ᠲᠣᠳᠤᠭᠠᠳᠤ ᠶᠢ ᠬᠠᠮᠠᠭᠠᠯᠠᠬᠤ ᠲᠣᠪᠴᠢᠶ᠎ᠠ