3 ᠳ᠋ᠤᠭᠠᠷ ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ ᠨᠢᠳᠤᠨᠤᠨ ᠠᠴᠠ ᠨᠠᠭᠠᠰᠢᠬᠢ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠲᠤᠨ ᠭᠤᠤᠯ ᠤᠨ ᠰᠠᠪᠠ | ᠭᠠᠵᠠᠷ ᠤᠨ ᠬᠠᠤᠯᠢ ᠪᠤᠰᠤ ᠪᠠᠷ ᠠᠩᠨᠠᠵᠤ ᠱᠦᠭᠦᠭᠰᠡᠨ ᠶᠠᠯᠠᠲᠤ ᠠᠵᠢᠯᠯᠠᠭ᠎ᠠ ᠪᠣᠯᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠲᠦᠢᠮᠡᠷ ᠲᠤ ᠬᠤᠯᠪᠣᠭᠳᠠᠭᠰᠠᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠭᠰᠡᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠪᠡ᠃ ᠳᠣᠲᠣᠭᠠᠳᠤ ᠶᠢ ᠬᠠᠮᠠᠭᠠᠯᠠᠬᠤ | ᠲᠢᠩᠬᠢᠮ ᠤᠨ ᠠᠮᠢ ᠠᠬᠤᠢ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠷᠦᠩᠬᠡᠶ ᠠᠩᠭᠢ ᠶᠢᠨ | ᠬᠤᠶᠠᠳᠤᠭᠠᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠵᠠᠩ ᠴᠢᠤᠸᠠᠨ ᠸᠧᠶ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ | ᠰᠠᠯᠪᠤᠷᠢ ᠠᠩᠭᠢ ᠶᠢᠨ ᠳᠠᠷᠤᠭ᠎ᠠ ᠪᠥᠬᠡ᠂ ᠠᠮᠢ ᠠᠬᠤᠶ ᠣᠷᠴᠢᠨ ᠲᠣᠭᠤᠷᠢᠨ ᠪᠠ ᠠᠮᠢᠳᠤ ᠪᠣᠳᠠᠰ ᠤᠨ ᠠᠮᠤᠷ ᠲᠦᠪᠰᠢᠨ ᠤ ᠶᠠᠯᠠᠲᠤ ᠠᠵᠢᠯᠯᠠᠭ᠎ᠠ ᠶᠢ ᠲᠤᠷᠰᠢᠨ | ᠪᠠᠶᠢᠴᠠᠭᠠᠬᠤ ᠰᠠᠯᠪᠤᠷᠢ ᠠᠩᠭᠢ ᠶᠢᠨ ᠳᠠᠷᠤᠭ᠎ᠠ ᠲᠤᠩ ᠹᠸᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | | | | ᠬᠠᠲᠤᠨ ᠭᠤᠤᠯ ᠤᠨ ᠰᠠᠪᠠ ᠭᠠᠵᠠᠷ ᠤᠨ ᠬᠠᠤᠯᠢ ᠪᠤᠰᠤ ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠪᠡ | ︽ᠬᠠᠲᠤᠨ ᠭᠤᠤᠯ ᠳᠤ ᠵᠢᠭᠠᠰᠤ ᠠᠩᠨᠠᠬᠤ ᠶᠢ ᠴᠠᠭᠠᠵᠠᠯᠠᠬᠤ︾ ᠪᠣᠯ ᠪᠥᠬᠦ ᠲᠠᠯ᠎ᠠ ᠶᠢ ᠪᠣᠳᠣᠯᠬᠢᠯᠠᠬᠤ᠂ ᠦᠷ᠎ᠡ ᠬᠤᠶᠢᠴᠢᠰ ᠲᠠᠭᠠᠨ ᠠᠷᠭ᠎ᠠ ᠤᠬᠠᠭᠠᠨ | ᠰᠦᠪᠡᠭᠴᠢᠯᠡᠬᠦ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠤᠰᠤᠨ ᠤ ᠠᠮᠢ ᠠᠬᠤᠶ ᠶᠢ ᠰᠡᠷᠭᠦᠭᠡᠬᠦ᠂ ᠤᠰᠤᠨ ᠤ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠪᠠᠲᠤᠯᠠᠬᠤ ᠪᠦᠲᠦᠮᠵᠢᠲᠡᠶ ᠠᠷᠭ᠎ᠠ ᠪᠠᠷᠢᠯ ᠮᠥᠨ᠃ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠳᠡᠭᠡᠳᠦ ᠬᠡᠮᠵᠢᠶ᠎ᠡ ᠪᠠᠷ ᠰᠠᠨᠠᠭᠠᠰᠢᠷᠠᠵᠤ᠂ ᠠᠯᠢ ᠣᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠥᠭᠴᠦ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠠᠲᠤᠨ | ᠭᠤᠣᠯ ᠤᠨ ᠬᠠᠮᠠᠭᠠᠯᠠᠯᠲᠠ ᠶᠢᠨ ᠬᠠᠤᠯᠢ︾ ᠶᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ︽ᠬᠠᠲᠤᠨ ᠭᠤᠣᠯ ᠤᠨ ᠵᠢᠭᠠᠰᠤ ᠠᠩᠨᠠᠬᠤ ᠶᠢ ᠴᠠᠭᠠᠵᠠᠯᠠᠬᠤ︾ | ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠤᠯᠢ ᠶᠣᠰᠣᠭᠠᠷ ᠡᠷᠡᠰ | ᠬᠠᠮᠠᠭᠠᠯᠠᠪᠠ᠃ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ︽ᠬᠠᠲᠤᠨ ᠭᠤᠣᠯ ᠢ ᠬᠠᠮᠠᠭᠠᠯᠠᠬᠤ︾ ᠲᠤᠰᠬᠠᠶ ᠠᠵᠢᠯᠯᠠᠭ᠎ᠠ ᠶᠢ | ᠦᠷᠭᠦᠯᠵᠢᠯᠡᠨ ᠭᠦᠨᠵᠡᠭᠡᠶ ᠥᠷᠨᠢᠭᠦᠯᠵᠦ᠂ ᠵᠢᠭᠠᠰᠤ ᠠᠩᠨᠠᠬᠤ ᠬᠤᠷᠢᠭᠠᠲᠠᠶ ᠣᠷᠣᠨ᠂ ᠵᠢᠭᠠᠰᠤ ᠠᠩᠨᠠᠬᠤ ᠬᠤᠷᠢᠭᠠᠲᠠᠶ ᠬᠤᠭᠤᠴᠠᠭᠠᠨ ᠳᠤ ᠪᠤᠶᠤ ᠬᠡᠷᠡᠭᠯᠡᠬᠦ ᠶᠢ | ᠴᠠᠭᠠᠵᠠᠯᠠᠭᠰᠠᠨ ᠪᠠᠭᠠᠵᠢ ᠬᠡᠷᠡᠭᠰᠡᠯ᠂ ᠠᠷᠭ᠎ᠠ ᠪᠠᠷ ᠤᠰᠤᠨ ᠭᠠᠷᠤᠯᠲᠠ ᠶᠢ ᠠᠩᠨᠠᠵᠤ ᠱᠦᠭᠦᠬᠦ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ | ᠬᠡᠷᠡᠭᠲᠡᠶ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ᠂ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠭᠰᠠᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ︽ᠬᠠᠲᠤᠨ ᠭᠤᠤᠯ ᠤᠨ ᠵᠢᠭᠠᠰᠤ ᠠᠩᠨᠠᠬᠤ | ᠬᠤᠷᠢᠭᠠᠲᠠᠶ ᠬᠤᠭᠤᠴᠠᠭ᠎ᠠ︾ ︵4 ᠳ᠋ᠦ᠋ᠭᠡᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ ᠶᠢᠨ ᠲᠣᠭᠤᠷᠢᠨ ᠳᠤ ᠠᠵᠢᠯ ᠢᠶᠠᠨ | ᠥᠷᠨᠢᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠭᠤᠤᠯᠳᠠᠯᠭ᠎ᠠ ᠲᠠᠢ ᠭᠤᠤᠯ ᠤᠨ ᠬᠡᠰᠡᠭ᠂ ᠭᠤᠤᠯᠳᠠᠯᠭ᠎ᠠ ᠲᠠᠢ ᠬᠡᠰᠡᠭ᠂ ᠴᠢᠬᠤᠯᠠ ᠭᠤᠭᠴᠤᠭ᠎ᠠ ᠶᠢ ᠴᠢᠩᠭ᠎ᠠ | ᠠᠩᠬᠠᠷᠴᠤ᠂ ᠤᠰᠤᠨ ᠭᠠᠷᠤᠯᠲᠠ ᠶᠢ ᠬᠠᠤᠯᠢ ᠪᠤᠰᠤ ᠪᠠᠷ ᠠᠩᠨᠠᠵᠤ ᠱᠦᠭᠦᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠡᠷᠡᠭᠦᠦ ᠶᠢᠨ ᠬᠡᠷᠡᠭ ᠢ | ᠢᠯᠡᠷᠡᠭᠦᠯᠵᠦ᠂ ︽ᠪᠥᠬᠦ ᠭᠤᠭᠴᠤᠭ᠎ᠠ᠂ ᠪᠥᠬᠦ ᠬᠦᠴᠦᠨ ᠵᠦᠶᠯ᠂ ᠪᠥᠬᠦ ᠬᠡᠯᠬᠢᠶ᠎ᠡ︾ ᠶᠢᠨ ᠴᠣᠬᠢᠯᠲᠠ ᠥᠭᠬᠦ ᠶᠢ ᠪᠡᠶᠡᠯᠡᠭᠦᠯᠵᠦ᠂ ᠬᠠᠤᠯᠢ ᠪᠤᠰᠤ ᠪᠠᠷ ᠠᠩᠨᠠᠵᠤ | ᠱᠦᠭᠦᠬᠦ᠂ ᠬᠠᠲᠤᠨ ᠭᠤᠤᠯ ᠤᠨ ᠬᠡᠭᠡᠷ᠎ᠡ ᠶᠢᠨ ᠵᠢᠭᠠᠰᠤᠨ ᠤ ᠲᠥᠷᠥᠯ ᠢ ᠳᠤᠷ᠎ᠠ ᠪᠠᠷ ᠢᠶᠠᠨ ᠠᠩᠨᠠᠵᠤ ᠬᠤᠳᠠᠯᠳᠤᠬᠤ ᠵᠡᠷᠭᠡ ᠬᠠᠤᠯᠢ ᠪᠤᠰᠤ ᠦᠶᠯᠡ ᠠᠵᠢᠯᠯᠠᠭ᠎ᠠ ᠶᠢ | ᠪᠦᠲᠦᠮᠵᠢᠲᠡᠶ ᠬᠤᠷᠢᠭᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢᠳᠤ ᠪᠣᠳᠠᠰ ᠤᠨ ᠠᠮᠤᠷ ᠲᠦᠪᠰᠢᠨ ᠢ ᠪᠦᠲᠦᠮᠵᠢᠲᠡᠢ ᠬᠠᠮᠠᠭᠠᠯᠠᠪᠠ᠃ | ᠴᠢᠩᠭ᠎ᠠ ᠰᠡᠷᠭᠡᠶᠢᠯᠡᠬᠦ ᠶᠢ ᠴᠢᠩᠭ᠎ᠠ ᠨᠢᠭᠲᠠ ᠪᠠᠷ ᠠᠬᠢᠭᠤᠯᠬᠤ ᠶᠢ ᠪᠠᠷᠢᠮᠲᠠᠯᠠᠵᠤ᠂ ᠲᠤᠰᠬᠠᠢ ᠠᠵᠢᠯᠯᠠᠭ᠎ᠠ ᠶᠢ ᠨᠠᠷᠢᠨ ᠨᠢᠭᠲᠠ ᠲᠤᠬᠢᠷᠠᠭᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | ︽ᠬᠠᠲᠤᠨ ᠭᠤᠤᠯ ᠤᠨ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠤ ᠵᠠᠷᠯᠠᠯ︾ ᠪᠠ ︽ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠶᠢᠨ ᠲᠥᠰᠦᠯ︾ ᠢ | ᠳᠠᠷᠤᠮᠠᠯᠯᠠᠨ ᠲᠠᠷᠬᠠᠭᠠᠵᠤ᠂ ᠬᠠᠲᠤᠨ ᠭᠤᠤᠯ ᠳᠠᠭᠠᠤ ᠶᠢᠨ ᠲᠤᠯᠤᠭᠠᠨ ᠠᠶᠢᠮᠠᠭ ᠬᠤᠲᠠ ᠶᠢᠨ ᠴᠠᠭᠳᠠᠭᠠᠨ ᠤ ᠡᠭᠴᠡ ᠨᠢᠰᠬᠡᠯ ᠢᠶᠠᠷ ᠲᠣᠭᠤᠷᠢᠨ ᠪᠠᠶᠢᠴᠠᠭᠠᠬᠤ᠂ | ᠵᠢᠯᠣᠭᠤᠴᠢ ᠥᠬᠡᠶ ᠨᠢᠰᠬᠡᠯ ᠢ ᠬᠢᠨᠠᠨ ᠬᠡᠮᠵᠢᠵᠦ ᠲᠤᠷᠰᠢᠨ ᠪᠠᠶᠢᠴᠠᠭᠠᠬᠤ᠂ ᠳᠠᠭᠠᠭᠤᠯᠢ ᠣᠳᠣᠨ ᠤ ᠠᠯᠤᠰ ᠰᠡᠷᠡᠯ ᠢᠶᠠᠷ ᠳᠦᠷᠰᠦ ᠶᠢ ᠵᠢᠭᠰᠠᠭᠠᠨ ᠪᠠᠶᠢᠴᠠᠭᠠᠬᠤ᠂ | ᠲᠣᠮᠣ ᠳ᠋ᠠᠶᠢᠲ᠋ᠠ ᠶᠢ ᠰᠢᠭᠰᠢᠨ ᠪᠠᠶᠢᠴᠠᠭᠠᠬᠤ᠂ ᠬᠠᠮᠲᠤᠷᠠᠨ ᠪᠠᠶᠢᠴᠠᠭᠠᠬᠤ ᠵᠡᠷᠭᠡ ︽ᠲᠠᠪᠤ ᠶᠢ ᠪᠠᠶᠢᠴᠠᠭᠠᠬᠤ︾ ᠠᠷᠭ᠎ᠠ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ | ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠲᠤ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠬᠤ | ᠠᠵᠢᠯ ᠢ ᠨᠢᠭᠡᠳᠦᠯᠲᠡᠶ ᠪᠠᠶᠢᠷᠢᠯᠠᠭᠤᠯᠪᠠ᠃ ᠡᠨᠡ ᠬᠤᠭᠤᠴᠠᠭᠠᠨ ᠳᠤ᠂ 125 ᠤᠳᠠᠭ᠎ᠠ ᠬᠠᠮᠲᠤᠷᠠᠨ ᠬᠠᠤᠯᠢ ᠬᠡᠷᠡᠭᠵᠢᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠶᠢ | 182 ᠴᠠᠭᠳᠠᠨ ᠪᠠᠶᠢᠴᠠᠭᠠᠵᠤ᠂ 98 ᠵᠢᠭᠠᠰᠤᠨ ᠣᠩᠭᠤᠴᠠ ᠶᠢ ᠴᠠᠭᠳᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠲᠤᠤᠷ ᠢ ᠦᠨᠡᠨ ᠬᠦ ᠴᠢᠩᠭ᠎ᠠ ᠨᠢᠭᠲᠠ | ᠰᠦᠯᠵᠢᠪᠡ᠃ | ᠲᠤᠰᠬᠠᠶ ᠮᠡᠷᠭᠡᠵᠢᠯ ᠢᠶᠠᠷ ᠲᠤᠰᠬᠠᠶᠢᠵᠢᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠬᠠᠤᠯᠢ ᠪᠤᠰᠤ ᠪᠠᠷ ᠠᠩᠨᠠᠬᠤ ᠳᠤᠷ᠎ᠠ ᠪᠠᠷ ᠢᠶᠠᠨ ᠬᠤᠳᠠᠯᠳᠤᠬᠤ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠪᠠ᠃ ᠬᠠᠲᠤᠨ ᠭᠤᠤᠯ ᠳᠠᠭᠠᠤ ᠶᠢᠨ ᠲᠤᠯᠤᠭᠠᠨ ᠠᠶᠢᠮᠠᠭ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ︾᠂ ︽ᠣᠶ ᠶᠢᠨ ᠳᠠᠷᠤᠭ᠎ᠠ︾ ᠵᠡᠷᠭᠡ ᠠᠵᠢᠯ ᠢ ᠳᠠᠭᠠᠵᠤ᠂ ᠠᠮᠢ ᠠᠬᠤᠶ ᠶᠢᠨ | ᠴᠠᠭᠳᠠᠭᠠᠨ ᠤ ᠳᠠᠷᠤᠭ᠎ᠠ ᠶᠢᠨ ᠲᠦᠷᠢᠮ ᠢ ᠶᠡᠭᠡ ᠪᠠᠷ ᠬᠡᠷᠡᠭᠵᠢᠭᠦᠯᠦᠨ᠂ ᠠᠮᠢ ᠠᠬᠤᠶ ᠶᠢᠨ ᠴᠠᠭᠳᠠᠭᠠᠨ ᠤ ᠶᠠᠪᠤᠳᠠᠯ ᠤᠨ ᠲᠠᠰᠤᠭ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ︽ᠡᠮᠦᠨ᠎ᠡ ᠵᠠᠬ᠎ᠠ ᠶᠢᠨ ᠬᠠᠷᠠᠭᠤᠯ ᠤᠨ ᠭᠠᠵᠠᠷ︾ ᠢ ᠬᠦᠴᠦᠯᠡᠨ ᠪᠠᠶᠢᠭᠤᠯᠪᠠ᠃ ᠣᠷᠳᠣᠰ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ︽ᠤᠶᠤᠨᠲᠤ ᠬᠠᠲᠤᠨ ᠭᠤᠤᠯ︾ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠶᠢ ᠠᠰᠢᠭᠯᠠᠨ᠂ ᠡᠮᠦᠨ᠎ᠡ ᠬᠡᠰᠡᠭ ᠤᠨ | ᠰᠡᠷᠡᠯ ᠤᠨ ᠮᠡᠳᠡᠭᠡ ᠵᠠᠩᠭᠢ ᠶᠢᠨ ᠲᠤᠤᠷ ᠢ ᠨᠢᠭᠲᠠ ᠰᠦᠯᠵᠢᠪᠡ︔ ᠪᠠᠶᠠᠨᠨᠠᠭᠤᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠭᠤᠤᠯ ᠤᠨ | ᠤᠰᠤᠯᠠᠯᠲᠠ ᠶᠢᠨ ᠠᠮᠢ ᠠᠬᠤᠶ ᠶᠢᠨ ᠵᠢᠷᠤᠮ ᠤᠨ ᠴᠠᠭᠳᠠᠭ᠎ᠠ︾ ᠪᠠᠷ ᠳᠠᠮᠵᠢᠭᠤᠯᠤᠨ ᠬᠠᠤᠯᠢ ᠪᠤᠰᠤ ᠪᠠᠷ ᠠᠩᠨᠠᠵᠤ ᠱᠦᠭᠦᠬᠦ ᠰᠦᠪᠡᠭᠴᠢ ᠶᠢ ᠴᠤᠭᠯᠠᠭᠤᠯᠵᠤ᠂ | ᠰᠦᠪᠡᠭᠴᠢ ᠶᠢᠨ ᠢᠷᠡᠯᠲᠡ ᠶᠢ ᠥᠷᠭᠡᠳᠬᠡᠨ᠂ ᠴᠣᠬᠢᠯᠲᠠ ᠥᠭᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ | ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠲᠦᠢᠮᠡᠷ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠠᠨ ᠳᠤ ᠬᠠᠤᠯᠢ ᠶᠣᠰᠣᠭᠠᠷ ᠴᠣᠬᠢᠯᠲᠠ | ᠥᠭᠪᠡ | 2024 ᠣᠨ ᠳᠤ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠭᠠᠯ ᠰᠡᠷᠭᠡᠶᠢᠯᠡᠬᠦ ᠠᠶᠤᠯ ᠶᠡᠬᠡᠲᠡᠶ ᠭᠤᠤᠯᠳᠠᠯᠭ᠎ᠠ ᠲᠠᠢ ᠴᠠᠭ ᠬᠤᠭᠤᠴᠠᠭ᠎ᠠ᠂ | ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠬᠠᠪᠤᠷ ᠨᠠᠮᠤᠷ ᠤᠨ ᠬᠤᠶᠠᠷ ᠤᠯᠠᠷᠢᠯ ᠤᠨ ᠠᠶᠤᠯ ᠲᠦᠭᠰᠢᠭᠦᠷᠢ | ᠶᠡᠬᠡᠲᠡᠶ ᠭᠠᠯ ᠰᠡᠷᠭᠡᠶᠢᠯᠡᠬᠦ ᠬᠤᠭᠤᠴᠠᠭ᠎ᠠ᠂ ᠴᠢᠬᠤᠯᠠ ᠪᠠᠶᠠᠷ ᠤᠨ ᠡᠳᠦᠷ᠂ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠠᠬᠢ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠪᠥᠬᠦ ᠵᠢᠯ ᠳᠤ 1.8 ᠲᠦᠮᠡᠨ | ᠭᠤᠤᠯᠳᠠᠯᠭ᠎ᠠ ᠲᠠᠢ ᠭᠠᠵᠠᠷ ᠣᠷᠣᠨ ᠢ ᠴᠠᠭᠳᠠᠨ ᠪᠠᠶᠢᠴᠠᠭᠠᠵᠤ᠂ ᠭᠠᠯ ᠤᠨ ᠲᠦᠢᠮᠡᠷ ᠤᠨ ᠳᠠᠯᠳᠠ ᠬᠡᠮ ᠢ 6917 ᠪᠠᠶᠢᠴᠠᠭᠠᠵᠤ᠂ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠤᠨ ᠬᠡᠷᠡᠭ ᠢ 1375 ᠪᠠᠶᠢᠴᠠᠭᠠᠨ ᠰᠢᠢᠳᠪᠦᠷᠢᠯᠡᠵᠦ᠂ ᠬᠥᠮᠦᠨ ᠠᠴᠠ ᠪᠣᠯᠵᠤ ᠡᠭᠦᠰᠦᠭᠰᠡᠨ ᠭᠠᠯ ᠲᠦᠢᠮᠡᠷ ᠤᠨ ᠬᠡᠷᠡᠭ ᠤᠨ ᠲᠤᠭ᠎ᠠ | ᠲᠡᠦᠬᠡ ᠶᠢᠨ ᠬᠠᠮᠤᠭ ᠤᠨ ᠳᠤᠤᠷ᠎ᠠ ᠬᠡᠮᠵᠢᠶᠡᠨ ᠳᠤ ᠬᠦᠷᠴᠡᠶ᠃ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠬᠡᠷᠡᠭ ᠢᠯᠡᠷᠡᠭᠦᠯᠦᠭᠰᠡᠨ | ᠨᠤᠷᠮ᠎ᠠ ᠲᠤᠰ ᠲᠤᠰ 8 % ᠪᠠ 10 % ᠪᠠᠷ ᠳᠡᠭᠡᠭᠰᠢᠯᠡᠪᠡ᠃ | ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠪᠠ᠃ ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠨᠤᠭᠤᠳ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠶ ᠨᠤᠲᠤᠭ ᠪᠡᠯᠴᠢᠭᠡᠷ᠂ ᠴᠠᠭ ᠠᠭᠤᠷ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠯᠦᠭᠡ ᠲᠣᠭᠲᠠᠮᠠᠯ | ᠬᠤᠭᠤᠴᠠᠭ᠎ᠠ ᠲᠠᠢ ᠪᠠᠷ ᠵᠥᠪᠳᠡᠯᠴᠡᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠤᠪᠢᠶᠠᠯᠴᠠᠬᠤ᠂ ᠵᠠᠰᠠᠬᠤ ᠵᠠᠬᠢᠷᠭᠠᠨ ᠡᠷᠡᠭᠦᠦ ᠰᠢᠢᠳᠬᠡᠯ ᠢ ᠵᠣᠯᠭᠠᠭᠤᠯᠬᠤ ᠵᠡᠷᠭᠡ | ᠬᠠᠮᠲᠤᠷᠠᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠯ ᠤᠨ ᠠᠶᠤᠯ ᠢ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠪᠣᠳᠠᠲᠤ ᠳᠠᠶᠢᠨ ᠤ ᠰᠣᠷᠢᠯᠲᠠ ᠶᠢ ᠴᠢᠩᠭᠠᠷᠠᠭᠤᠯᠤᠨ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠤᠨ ᠠᠶᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ 4 ᠵᠢᠯ ᠳᠠᠷᠠᠭᠠᠯᠠᠨ ᠪᠦᠬᠦ | ᠣᠷᠣᠨ ᠤ ᠬᠡᠪᠴᠢᠶᠡᠨ ᠳᠤ ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠦᠨᠳᠦ ᠶᠡᠭᠡ ᠳᠠᠯᠳᠠ ᠭᠡᠮ ᠢ ᠬᠥᠳᠡᠯᠦᠩᠭᠦᠶ ᠪᠠᠷ ᠦᠭᠡᠶ ᠪᠣᠯᠭᠠᠬᠤ ᠪᠠ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠵᠦᠢᠯ ᠤᠨ ᠠᠵᠢᠯᠯᠠᠭ᠎ᠠ︾ ᠶᠢ ᠥᠷᠨᠢᠭᠦᠯᠵᠦ᠂ ᠭᠠᠯ | ᠭᠠᠷᠤᠭᠰᠠᠨ ᠭᠠᠵᠠᠷ ᠢ ᠰᠡᠷᠡᠮᠵᠢᠯᠡᠬᠦ᠂ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠠᠮᠤᠷ ᠢ ᠬᠠᠮᠠᠭᠠᠯᠠᠬᠤ᠂ ᠭᠠᠯ ᠲᠦᠢᠮᠡᠷ ᠤᠨ ᠬᠡᠷᠡᠭ ᠢ ᠲᠠᠩᠨᠠᠨ ᠢᠯᠡᠷᠡᠭᠦᠯᠬᠦ ᠵᠢᠴᠢ ᠭᠠᠯ | ᠰᠡᠷᠭᠡᠶᠢᠯᠡᠬᠦ ᠤᠬᠠᠭᠤᠯᠭ᠎ᠠ᠂ ᠭᠠᠯ ᠤᠨ ᠠᠶᠤᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠭᠤᠣᠯᠳᠠᠯᠭ᠎ᠠ ᠲᠠᠢ ᠣᠷᠣᠨ ᠪᠦᠰᠡ ᠶᠢ ᠲᠣᠭᠤᠷᠢᠨ ᠬᠠᠮᠠᠭᠠᠯᠠᠬᠤ᠂ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠢ ᠲᠣᠷᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠬᠦ ᠪᠠ ᠴᠢᠩᠭ᠎ᠠ ᠴᠣᠬᠢᠯᠲᠠ ᠥᠭᠴᠦ | ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠷᠢᠮᠲᠠᠯᠠᠪᠠ᠃ | ᠳᠣᠲᠣᠭᠠᠳᠤ ᠶᠢᠨ ᠬᠠᠮᠵᠢᠯᠴᠠᠭ᠎ᠠ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠠᠵᠢᠯ ᠤᠨ ᠵᠣᠬᠢᠴᠠᠭᠤᠯᠬᠤ ᠲᠣᠭᠲᠠᠴᠠ︾ ᠶᠢ ᠳᠠᠷᠤᠮᠠᠯᠯᠠᠨ ᠲᠠᠷᠬᠠᠭᠠᠵᠤ᠂ ᠠᠮᠢ ᠠᠬᠤᠢ ᠣᠷᠴᠢᠨ ᠲᠣᠭᠤᠷᠢᠨ | ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠬᠠᠮᠢᠶ᠎ᠠ ᠪᠥᠬᠦᠶ ᠴᠠᠭᠳᠠᠭᠠᠨ ᠤ | ᠲᠥᠷᠥᠯ ᠤᠨ ᠬᠢᠨ ᠴᠡᠷᠢᠭ ᠬᠤᠪᠢᠶᠠᠨ ᠪᠣᠭᠤᠮᠲᠠ ᠰᠠᠬᠢᠬᠤ ᠬᠠᠮᠵᠢᠯᠴᠠᠨ ᠪᠠᠶᠢᠯᠳᠤᠬᠤ ᠰᠢᠰᠲ᠋ᠧᠮᠵᠢ ᠶᠢ ᠪᠠᠶᠢᠭᠤᠯᠵᠠᠢ᠃ ᠡᠯ᠎ᠡ ᠠᠶᠢᠮᠠᠭ ᠬᠤᠲᠠ᠂ ᠣᠶ ᠰᠢᠭᠤᠶ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠳᠡᠭᠡᠷ᠎ᠡ ᠠᠴᠠ ᠳᠣᠷᠣᠭᠰᠢ ᠪᠠᠨ ᠲᠤᠰᠬᠠᠶ ᠬᠥᠮᠦᠨ ᠢᠶᠠᠷ ᠬᠠᠷᠢᠭᠤᠴᠠᠭᠤᠯᠬᠤ᠂ ᠲᠥᠪᠯᠡᠷᠡᠭᠦᠯᠦᠨ | ᠲᠣᠬᠢᠷᠠᠭᠤᠯᠬᠤ ᠠᠵᠢᠯ ᠤᠨ ᠵᠠᠭᠪᠤᠷ ᠢ ᠠᠪᠴᠤ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠳᠡᠭᠡᠷ᠎ᠡ | ᠳᠣᠣᠷ᠎ᠠ ᠱᠠᠲᠤ ᠬᠠᠮᠲᠤᠷᠠᠨ ᠬᠥᠳᠡᠯᠦᠯᠴᠡᠵᠦ᠂ ᠨᠢᠭᠡ ᠴᠣᠭᠴᠠ ᠪᠠᠷ ᠲᠦᠯᠬᠢᠨ ᠠᠬᠢᠭᠤᠯᠪᠠ᠃ | ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠪᠡ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠣᠶ ᠰᠢᠭᠤᠶ ᠶᠢᠨ ᠴᠡᠴᠡᠷᠯᠢᠭ ᠲᠤ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ ᠦᠯᠡᠳᠡᠭᠡᠵᠦ᠂ ᠪᠤᠰᠤᠳ ᠰᠤᠮᠤ᠂ ᠰᠢᠶᠠᠩ | ᠪᠠᠯᠭᠠᠰᠤ ᠳᠤ ︽ᠣᠷᠣᠨ ᠨᠤᠲᠤᠭ ᠤᠨ ᠭᠠᠵᠠᠷ︾ ᠬᠢᠭᠡᠳ ︽ᠣᠶ ᠰᠢᠭᠤᠶ ᠶᠢᠨ ᠭᠠᠵᠠᠷ︾ ᠭᠡᠬᠦ ᠬᠤᠶᠠᠷ ᠭᠠᠵᠠᠷ ᠢ ᠨᠢᠭᠡᠳᠬᠡᠬᠦ ᠶᠢ ᠬᠡᠷᠡᠭᠵᠢᠭᠦᠯᠵᠦ᠂ ᠬᠢᠯᠢ ᠬᠢᠵᠠᠭᠠᠷ | ᠣᠷᠣᠨ ᠳᠤ ᠣᠶ ᠰᠢᠭᠤᠶ ᠪᠠ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠪᠠᠷ ᠲᠦᠰᠢᠭ ᠪᠣᠯᠭᠠᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠵᠤ ᠬᠠᠮᠵᠢᠯᠴᠠᠬᠤ ᠲᠣᠭᠲᠠᠴᠠ ᠶᠢ ᠪᠠᠶᠢᠭᠤᠯᠵᠠᠢ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠣᠷᠳᠣᠰ ᠬᠤᠲᠠ ᠳᠤ ᠠᠮᠢ | ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯ ᠤᠨ ᠶᠠᠯᠠᠲᠤ ᠠᠵᠢᠯᠯᠠᠭ᠎ᠠ ᠶᠢ ᠣᠶᠤᠨᠴᠢ ᠲᠤᠷᠰᠢᠨ ᠪᠠᠶᠢᠴᠠᠭᠠᠬᠤ ᠲᠥᠪ ᠪᠠ ᠠᠮᠢ ᠠᠬᠤᠶ ᠶᠢᠨ | ᠴᠠᠭᠳᠠᠭᠠᠨ ᠤ ᠶᠠᠪᠤᠳᠠᠯ ᠤᠨ ᠬᠠᠮᠲᠤᠷᠠᠨ ᠬᠥᠳᠡᠯᠦᠯᠴᠡᠬᠦ ᠲᠥᠪ ᠢ ᠲᠤᠷᠰᠢᠨ ᠪᠠᠶᠢᠭᠤᠯᠪᠠ᠃ ᠣᠳᠣᠬᠠᠨ ᠳᠤ ᠪᠥᠬᠦ ᠣᠷᠣᠨ ᠳᠤ ᠨᠢᠭᠡᠨᠲᠡ 8 ᠠᠶᠢᠮᠠᠭ ᠬᠤᠲᠠ ᠠᠮᠢ | ᠠᠬᠤᠶ ᠶᠢᠨ ᠴᠠᠭᠳᠠᠭᠠᠨ ᠤ ᠳᠠᠷᠤᠭ᠎ᠠ ᠶᠢᠨ ᠲᠦᠷᠢᠮ ᠢ ᠪᠠᠶᠢᠭᠤᠯᠵᠤ᠂ 38 ᠬᠤᠰᠢᠭᠤ ᠰᠢᠶᠠᠨ ᠪᠣᠳᠠᠲᠤ ᠴᠣᠭᠴᠠ ᠶᠢᠨ ᠠᠵᠢᠯᠯᠠᠭᠠᠨ ᠤ ᠠᠮᠢ ᠠᠬᠤᠶ ᠶᠢᠨ | ᠴᠠᠭᠳᠠᠭᠠᠨ ᠤ ᠶᠠᠪᠤᠳᠠᠯ ᠤᠨ ᠲᠠᠰᠤᠭ ᠢ 111 ᠠᠵᠢᠯᠯᠠᠭᠤᠯᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠲᠦᠢᠮᠡᠷ ᠢ ᠰᠡᠷᠭᠡᠶᠢᠯᠡᠬᠦ ᠠᠵᠢᠯ ᠤᠨ ᠬᠠᠮᠤᠭ ᠥᠷᠭᠡᠨ ᠬᠡᠪᠴᠢᠶ᠎ᠡ ᠪᠠᠷ ᠬᠠᠮᠤᠷᠬᠤ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠲᠦᠢᠮᠡᠷ ᠤᠨ | ᠬᠡᠷᠡᠭ ᠢ ᠲᠠᠩᠨᠠᠨ ᠢᠯᠡᠷᠡᠭᠦᠯᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ |