5 ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠲᠣᠳᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠦᠷ ᠬᠤᠷᠢᠬᠤ ᠭᠠᠵᠠᠷ ᠲᠤ | ᠢᠨᠳᠡᠷ ᠨᠢᠭᠡᠳᠦᠭᠡᠷ ᠪᠠᠭ᠎ᠠ ᠰᠤᠷᠭᠠᠭᠤᠯᠢ ᠪᠠ ᠢᠨᠳᠡᠷ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠣᠷᠣᠭᠴᠢ ᠵᠢᠴᠢ ᠭᠡᠷ ᠤᠨ ᠠᠬᠠᠮᠠᠳ ᠬᠠᠮᠲᠤ ᠪᠠᠷ ᠨᠢᠭᠡ | ᠤᠳᠠᠭᠠᠨ ᠤ ᠥᠪᠡᠷᠮᠢᠴᠡ ᠣᠨᠴᠠᠯᠢᠭ ᠲᠠᠢ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠤᠨ ᠠᠵᠢᠯᠯᠠᠭ᠎ᠠ ᠳᠤ ᠣᠷᠣᠯᠴᠠᠪᠠ᠃ | | | | ᠠᠵᠢᠯᠯᠠᠭ᠎ᠠ ᠶᠢᠨ ᠳᠤᠮᠳᠠ᠂ ᠪᠠᠭᠰᠢ ᠰᠤᠷᠤᠭᠴᠢ ᠪᠣᠯᠣᠨ ᠭᠡᠷ ᠤᠨ ᠠᠬᠠᠮᠠᠳ ᠡᠩ ᠲᠡᠷᠢᠭᠦᠨ ᠳᠤ ᠲᠦᠷ ᠬᠤᠷᠢᠬᠤ ᠭᠠᠵᠠᠷ ᠤᠨ ᠬᠤᠷᠢᠭᠤᠯ ᠤᠨ ᠲᠣᠭᠤᠷᠢᠭ᠂ | ᠠᠵᠢᠯᠯᠠᠭᠠᠨ ᠤ ᠲᠠᠯᠠᠪᠤᠷ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠲᠦᠷ ᠬᠤᠷᠢᠭᠳᠠᠭᠰᠠᠳ ᠤᠨ ᠠᠮᠢᠳᠤᠷᠠᠯ ᠤᠨ ᠣᠷᠴᠢᠨ ᠲᠣᠭᠤᠷᠢᠨ ᠪᠠ ᠪᠠᠶᠢᠳᠠᠯ ᠢ ᠣᠶᠢᠯᠠᠭᠠᠪᠠ᠃ | ᠡᠭᠦᠨ ᠤ ᠳᠠᠷᠠᠭ᠎ᠠ᠂ ᠲᠦᠷ ᠬᠤᠷᠢᠬᠤ ᠭᠠᠵᠠᠷ ᠤᠨ ᠠᠷᠠᠳ ᠤᠨ ᠴᠠᠭᠳᠠᠭ᠎ᠠ ᠪᠣᠳᠠᠲᠠᠢ ᠬᠡᠷᠡᠭ ᠤᠨ ᠵᠢᠱᠢᠶ᠎ᠡ ᠵᠢᠴᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠲᠠᠢ | ᠤᠶᠠᠯᠳᠤᠭᠤᠯᠤᠨ ᠬᠡᠦᠬᠡᠳ ᠤᠳ ᠲᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠢ ᠴᠢᠨᠠᠷ ᠵᠢᠴᠢ ᠬᠤᠪᠢ ᠬᠥᠮᠥᠨ᠂ ᠭᠡᠷ ᠪᠦᠯᠢ ᠪᠠ | ᠨᠡᠶᠢᠭᠡᠮ ᠳᠤ ᠤᠴᠠᠷᠠᠭᠤᠯᠤᠭᠰᠠᠨ ᠯᠤᠲᠤ ᠶᠡᠭᠡ ᠬᠤᠣᠷ ᠬᠥᠨᠥᠭᠡᠯ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ ᠥᠭᠴᠡᠢ᠃ ᠡᠭᠦᠨ ᠤ ᠵᠡᠷᠭᠡ ᠳᠤ᠂ | ᠲᠠᠶᠢᠯᠪᠤᠷᠢᠯᠠᠭᠴᠢ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ︾ ᠭᠡᠭᠴᠢ ᠶᠠᠭᠤ ᠪᠣᠯᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠡᠷᠬᠢᠨ | ᠰᠡᠷᠭᠡᠶᠢᠯᠡᠨ ᠬᠤᠷᠢᠭᠯᠠᠬᠤ᠂ ᠥᠪᠡᠷ ᠢ ᠪᠠᠨ ᠬᠡᠷᠬᠢᠨ ᠬᠠᠮᠠᠭᠠᠯᠠᠬᠤ ᠵᠡᠷᠭᠡ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠬᠡᠦᠬᠡᠳ ᠤᠳ ᠲᠤ ᠣᠶᠢᠯᠠᠭᠠᠭᠤᠯᠵᠤ | ᠲᠠᠨᠢᠭᠤᠯᠤᠭᠰᠠᠨ ᠪᠠᠶᠢᠨ᠎ᠠ᠃ ᠬᠠᠷᠢᠯᠴᠠᠨ ᠦᠢᠯᠡᠳᠦᠯᠴᠡᠬᠦ ᠶᠠᠪᠤᠴᠠ ᠳᠤ᠂ ᠬᠡᠦᠬᠡᠳ ᠤᠳ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠠᠷᠠᠳ ᠤᠨ ᠴᠠᠭᠳᠠᠭ᠎ᠠ ᠨᠠᠷ | ᠬᠦᠯᠢᠴᠡᠩᠭᠦᠢ ᠪᠠᠷ ᠬᠠᠷᠢᠭᠤᠯᠲᠠ ᠥᠭᠴᠦ᠂ ᠬᠠᠤᠯᠢ ᠴᠠᠭᠠᠵᠠ ᠶᠢᠨ ᠮᠡᠳᠡᠯᠭᠡ ᠶᠢᠨ ᠲᠤᠬᠠᠢ ᠣᠯᠠᠨ ᠤ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠡᠢ᠃ | | | | ᠲᠣᠰ ᠤᠳᠠᠭᠠᠨ ᠤ ᠲᠦᠷ ᠬᠤᠷᠢᠬᠤ ᠭᠠᠵᠠᠷ ᠤᠨ ᠨᠡᠭᠡᠭᠡᠯᠲᠡ ᠶᠢᠨ ᠡᠳᠦᠷ ᠤᠨ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠤᠨ ᠠᠵᠢᠯᠯᠠᠭ᠎ᠠ ᠲᠡᠭᠦᠰ ᠠᠮᠵᠢᠯᠲᠠ | ᠣᠯᠵᠠᠢ᠂ ᠭᠡᠷ ᠤᠨ ᠠᠬᠠᠮᠠᠳ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠠᠵᠢᠯᠯᠠᠭ᠎ᠠ ᠨᠢ ᠮᠠᠰᠢ ᠶᠡᠭᠡ ᠠᠴᠢ ᠬᠤᠯᠪᠣᠭᠳᠠᠯ ᠲᠠᠢ ᠪᠠᠶᠢᠵᠤ᠂ ᠬᠡᠦᠬᠡᠳ ᠤᠳ ᠢ ᠬᠠᠤᠯᠢ | ᠴᠠᠭᠠᠵᠠ ᠶᠢᠨ ᠲᠥᠪ ᠴᠢᠩᠭ᠎ᠠ ᠴᠢᠨᠠᠷ ᠲᠠᠢ ᠣᠶᠢᠷᠠᠲᠤᠭᠤᠯᠵᠤ᠂ ᠲᠡᠳᠡᠨ ᠤ ᠵᠥᠪ ᠥᠷᠲᠡᠭ ᠤᠨ ᠦᠵᠡᠯᠲᠡ ᠪᠠ ᠬᠠᠤᠯᠢ ᠪᠠᠷ ᠵᠠᠰᠠᠬᠤ ᠦᠵᠡᠯᠲᠡ ᠶᠢ ᠬᠠᠷᠠᠬᠠᠨ ᠪᠠᠭ᠎ᠠ | ᠠᠴᠠ ᠨᠢ ᠬᠥᠮᠥᠵᠢᠭᠦᠯᠬᠦ ᠳᠤ ᠠᠰᠢᠭᠲᠠᠢ ᠶᠤᠮ ᠭᠡᠵᠡᠢ᠃ ᠲᠤᠭ ᠤᠳᠠᠭᠠᠨ ᠤ ᠠᠵᠢᠯᠯᠠᠭ᠎ᠠ ᠨᠢ᠂ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠵᠢᠴᠢ ᠭᠡᠷ ᠤᠨ | ᠠᠬᠠᠮᠠᠳ ᠲᠤ ᠬᠠᠤᠯᠢ ᠪᠠᠷ ᠵᠠᠰᠠᠬᠤ ᠬᠥᠮᠦᠵᠢᠯ ᠤᠨ ᠭᠦᠨᠵᠡᠭᠡᠢ ᠬᠢᠴᠢᠶᠡᠯ ᠣᠷᠣᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠨᠡᠶᠢᠭᠡᠮ ᠨᠡᠶᠢᠲᠡ ᠶᠢᠨ ᠬᠠᠤᠯᠢ | ᠬᠡᠷᠡᠭᠵᠢᠭᠦᠯᠬᠦ ᠠᠵᠢᠯ ᠤᠨ ᠲᠤᠬᠠᠢ ᠣᠶᠢᠯᠠᠭᠠᠯᠲᠠ ᠪᠠ ᠳᠡᠮᠵᠢᠯᠭᠡ ᠶᠢ ᠤᠯᠠᠮ ᠨᠢᠭᠡ ᠠᠯᠬᠤᠮ ᠠᠬᠢᠭᠤᠯᠪᠠ᠃ |