︽5.1︾ ᠤ ᠠᠮᠠᠷᠠᠯᠲᠠ ᠶᠢᠨ ᠬᠤᠭᠤᠴᠠᠭᠠᠨ ᠳᠤ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ︽ᠠᠶᠤᠯ ᠲᠦᠭᠰᠢᠭᠦᠷᠢ ᠶᠢ | ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ︾ ᠠᠵᠢᠯ ᠤᠨ ᠭᠤᠣᠯ ᠱᠤᠭᠤᠮ ᠢ ᠪᠠᠷᠢᠮᠲᠠᠯᠠᠵᠤ᠂ ᠪᠦᠬᠦ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠬᠠᠪᠰᠤᠷᠤᠭᠴᠢ ᠴᠠᠭᠳᠠᠭ᠎ᠠ ᠦᠷᠭᠦᠯᠵᠢᠯᠡᠨ ᠲᠡᠮᠡᠴᠡᠵᠦ᠂ ᠡᠭᠦᠷᠭᠡ ᠲᠤᠰᠢᠶᠠᠯ ᠢᠶᠠᠨ | ᠦᠨᠡᠨᠴᠢ ᠪᠠᠷ ᠭᠦᠢᠴᠡᠳᠬᠡᠵᠦ᠂ ᠪᠦᠬᠦ ᠬᠦᠴᠦᠨ ᠢᠶᠠᠷ ᠢᠶᠠᠨ ᠰᠢᠷᠢᠰ ᠠᠵᠢᠯᠯᠠᠭ᠎ᠠ ᠶᠢᠨ ᠠᠮᠤᠷ ᠢ ᠬᠠᠮᠠᠭᠠᠯᠠᠬᠤ ᠠᠵᠢᠯ ᠳᠤ ᠣᠷᠣᠯᠴᠠᠵᠤ᠂ ᠡᠯ᠎ᠡ ᠵᠦᠢᠯ ᠤᠨ | ᠠᠵᠢᠯᠯᠠᠭ᠎ᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠤ᠂ ᠥᠷᠭᠡᠨ ᠤᠯᠠᠨ ᠬᠤᠳᠠ ᠶᠢᠨ ᠠᠷᠠᠳ ᠪᠣᠯᠤᠨ ᠵᠤᠭᠠᠴᠠᠭᠰᠠᠳ ᠲᠤ ᠠᠮᠤᠷ | ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ | | | | ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠡᠳᠦᠷ ᠪᠦᠷᠢ ᠴᠠᠭᠳᠠᠨ ᠪᠠᠶᠢᠴᠠᠭᠠᠬᠤ ᠴᠠᠭᠳᠠᠭᠠᠨ ᠤ ᠬᠦᠴᠦᠨ ᠢ 800 ᠭᠠᠷᠤᠶ ᠬᠥᠮᠦᠨ ᠤᠳᠠᠭ᠎ᠠ᠂ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠬᠦᠴᠦᠨ ᠢ 300 ᠭᠠᠷᠤᠶ ᠬᠥᠮᠦᠨ ᠤᠳᠠᠭ᠎ᠠ ᠣᠷᠣᠭᠤᠯᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠵᠠᠮ ᠬᠠᠷᠢᠯᠴᠠᠭᠠᠨ ᠤ ᠬᠦᠢᠰᠦ ᠵᠡᠷᠭᠡ ᠳᠤ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠪᠠ ᠵᠠᠮ ᠬᠠᠷᠢᠯᠴᠠᠭ᠎ᠠ ᠶᠢ ᠰᠠᠭᠠᠳ ᠦᠭᠡᠢ | ᠨᠡᠪᠲᠡᠷᠡᠬᠦ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠳᠦᠷ ᠪᠦᠷᠢ ᠳᠤᠮᠳᠠᠴᠢ ᠪᠠᠷ 17 ᠵᠢᠵᠢᠭᠦᠷᠯᠡᠬᠦ ᠴᠡᠭ | ᠭᠠᠷᠭᠠᠵᠤ᠂ ᠠᠵᠢᠯ ᠤᠨ ᠪᠠᠶᠢᠷᠢ ᠲᠣᠭᠲᠠᠭᠠᠵᠤ᠂ ᠬᠥᠮᠦᠨ ᠲᠣᠭᠲᠠᠭᠠᠵᠤ᠂ ᠬᠠᠷᠢᠭᠤᠴᠠᠯᠭ᠎ᠠ ᠲᠣᠭᠲᠠᠭᠠᠵᠤ᠂ ᠲᠤᠬᠠᠢ ᠶᠢᠨ ᠲᠠᠯᠠᠪᠠᠢ ᠶᠢᠨ ᠡᠮᠬᠢ ᠳᠢᠭᠯᠢᠮ ᠲᠠᠢ | ᠪᠠᠶᠢᠬᠤ ᠶᠢ ᠪᠠᠲᠤᠯᠠᠪᠠ᠃ ︽5.1︾ ᠤ ᠬᠤᠭᠤᠴᠠᠭᠠᠨ ᠳᠤ᠂ ᠪᠥᠬᠦ ᠬᠤᠲᠠ ᠶᠢᠨ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠴᠠᠭᠳᠠᠭ᠎ᠠ ᠶᠢᠨ ᠪᠠᠶᠢᠳᠠᠯ ᠲᠣᠰ | ᠲᠣᠰ ᠠᠳᠠᠯᠢ ᠬᠤᠭᠤᠴᠠᠭᠠᠨ ᠤ ᠬᠢ ᠠᠴᠠ 19%᠂ 43.5 % ᠪᠠᠷ ᠪᠠᠭᠤᠷᠠᠵᠤ᠂ ᠪᠥᠬᠦ ᠬᠤᠲᠠ ᠶᠢᠨ ᠪᠦᠬᠦᠯᠢ ᠴᠣᠭᠴᠠ ᠶᠢᠨ ᠠᠮᠤᠷ ᠲᠦᠪᠰᠢᠨ ᠤ ᠣᠷᠴᠢᠨ | ᠨᠥᠬᠦᠴᠡᠯ ᠦᠷᠭᠦᠯᠵᠢᠯᠡᠨ ᠰᠠᠶᠢᠵᠢᠷᠠᠪᠠ᠃ | | | | ︽ᠠᠷᠠᠳ ᠤᠨ ᠳᠣᠲᠣᠭᠠᠳᠤ ᠶᠢ ᠬᠠᠮᠠᠭᠠᠯᠠᠭᠴᠢ ᠠᠷᠠᠳ ᠲᠦᠮᠡᠨ ᠤ ᠲᠥᠯᠥᠭᠡ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠠᠵᠢᠯᠯᠠᠭ᠎ᠠ ᠶᠢᠨ ᠲᠤᠬᠠᠶ ᠶᠢᠨ | ᠲᠠᠯᠠᠪᠠᠶ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 13 ᠴᠡᠭ᠂ ᠮᠡᠬᠡᠯᠡᠯ ᠢ ᠡᠰᠡᠷᠭᠦᠴᠡᠬᠦ | ᠤᠬᠠᠭᠤᠯᠭ᠎ᠠ ᠶᠢᠨ ᠴᠡᠭ 20 ᠳᠣᠭᠢᠷᠠᠭᠤᠯᠵᠤ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠪᠠ ᠦᠨ᠎ᠡ ᠲᠥᠯᠥᠪᠦᠷᠢ ᠥᠬᠡᠶ ᠪᠠᠷ ᠤᠤᠭᠤᠬᠤ ᠤᠰᠤ᠂ ᠲᠦᠷᠭᠡᠨ | ᠠᠪᠤᠷᠠᠯᠳᠠ ᠶᠢᠨ ᠡᠮ ᠤᠨ ᠵᠦᠢᠯ᠂ ᠠᠰᠠᠭᠤᠨ ᠯᠠᠪᠯᠠᠬᠤ ᠲᠤᠰᠠᠯᠠᠮᠵᠢ ᠭᠤᠶᠤᠴᠢᠯᠠᠬᠤ ᠵᠡᠷᠭᠡ ᠦᠢᠯᠡᠴᠢᠯᠡᠭᠡ ᠶᠢ ᠢᠳᠡᠪᠬᠢᠲᠡᠶ ᠥᠷᠨᠢᠭᠦᠯᠵᠦ᠂ ᠤᠬᠠᠭᠤᠯᠭ᠎ᠠ ᠶᠢᠨ | ᠮᠠᠲ᠋ᠧᠷᠢᠶᠠᠯ ᠢ ᠨᠡᠶᠢᠲᠡ 4000 ᠭᠠᠷᠤᠶ ᠬᠤᠪᠢ ᠲᠠᠷᠬᠠᠭᠠᠵᠤ᠂ ᠣᠯᠠᠨ ᠲᠦᠮᠡᠨ ᠤ ᠯᠠᠪᠯᠠᠯᠲᠠ ᠶᠢ 537 ᠬᠥᠮᠦᠨ ᠤᠳᠠᠭ᠎ᠠ ᠭᠥᠯᠢᠶᠡᠨ ᠠᠪᠴᠤ᠂ ᠬᠤᠲᠠ ᠶᠢᠨ | ᠠᠷᠠᠳ ᠪᠠ ᠵᠤᠭᠠᠴᠠᠭᠰᠠᠳ ᠢ 300 ᠭᠠᠷᠤᠶ ᠬᠥᠮᠦᠨ ᠤᠳᠠᠭ᠎ᠠ ᠬᠠᠪᠰᠤᠷᠪᠠ᠃ | |