ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 5 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠲᠦᠷᠦᠭᠦᠬᠡᠨ ᠵᠠᠷᠯᠢᠭ ᠲᠤ ᠭᠠᠷ ᠤᠨ ᠦᠰᠦᠭ ᠵᠢᠷᠤᠵᠤ ︽ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮ︾ | ᠢ ᠨᠡᠶᠢᠲᠡᠯᠡᠪᠡ᠂ 2025 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠦᠷᠢᠮ ᠳᠤ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ | ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠭᠦᠨᠵᠡᠭᠡᠢ ᠲᠤᠭᠤᠰᠢᠯᠠᠭᠤᠯᠵᠤ᠂ ᠲᠡᠶᠢᠨ ᠳᠤ ᠪᠡᠯᠡᠳᠬᠡᠵᠦ ᠲᠡᠶᠢᠨ ᠬᠢᠬᠦ ᠳᠤ ᠦᠢᠯᠡᠴᠢᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠤᠳᠤᠷᠢᠳᠤᠨ ᠵᠢᠯᠤᠭᠤᠳᠬᠤ ᠪᠠᠶᠢᠭᠤᠯᠤᠮᠵᠢ ᠪᠣᠯᠣᠨ ᠪᠠᠲᠤᠯᠠᠭ᠎ᠠ ᠶᠢᠨ ᠵᠠᠭᠪᠤᠷ ᠲᠤ ᠵᠣᠬᠢᠴᠠᠵᠤ᠂ ᠴᠡᠷᠢᠭ ᠤᠨ ᠶᠠᠪᠤᠳᠠᠯ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠵᠠᠷᠴᠢᠮ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ ᠪᠣᠯᠣᠨ ᠠᠵᠢᠯ ᠤᠨ | ᠳᠦᠷᠢᠮ ᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠢᠬᠤᠯᠠ | ᠦᠨᠳᠦᠰᠦᠯᠡᠯ ᠪᠣᠯᠣᠨ᠎ᠠ᠃ | ᠳᠦᠷᠢᠮ ᠨᠢ ᠨᠡᠶᠢᠳᠡ 11 ᠪᠦᠯᠦᠭ 63 ᠵᠦᠢᠯ ᠲᠠᠢ᠂ ᠴᠡᠷᠢᠭ ᠤᠨ ᠶᠠᠪᠤᠳᠠᠯ ᠤᠨ ᠬᠤᠷᠢᠶ᠎ᠠ ᠶᠡᠷᠦᠩᠬᠡᠢ ᠳᠤᠨᠢ ᠬᠠᠮᠢᠶᠠᠷᠬᠤ᠂ ᠪᠠᠶᠢᠯᠳᠤᠭᠠᠨ ᠤ ᠲᠣᠭᠤᠷᠢᠭ ᠠᠴᠠ | ᠪᠠᠶᠢᠯᠳᠤᠭᠠᠨ ᠬᠢᠬᠦ ᠶᠢ ᠭᠤᠣᠯᠯᠠᠨ ᠬᠠᠷᠢᠭᠤᠴᠠᠬᠤ᠂ ᠴᠡᠷᠢᠭ ᠤᠨ ᠲᠦᠷᠦᠯ ᠠᠴᠠ ᠴᠡᠷᠢᠭ ᠤᠨ ᠪᠠᠶᠢᠭᠤᠯᠤᠯᠲᠠ ᠶᠢ ᠭᠤᠣᠯᠯᠠᠨ ᠬᠠᠷᠢᠭᠤᠴᠠᠬᠤ ᠶᠡᠷᠦᠩᠬᠡᠢ ᠵᠠᠷᠴᠢᠮ | ᠶᠣᠰᠣᠭᠠᠷ᠂ ᠪᠦᠲᠦᠭᠡᠨ ᠪᠠᠶᠢᠭᠤᠯᠤᠯᠲᠠ ᠶᠢᠨ ᠬᠡᠯᠬᠢᠶ᠎ᠡ᠂ ᠬᠠᠮᠢᠶᠠᠷᠤᠯᠲᠠ ᠶᠢᠨ ᠬᠡᠯᠬᠢᠶ᠎ᠡ᠂ ᠬᠢᠨᠠᠯᠲᠠ ᠲᠠᠯᠪᠢᠬᠤ ᠬᠡᠯᠬᠢᠶ᠎ᠡ ᠶᠢ ᠰᠢᠯᠤᠭᠤᠳᠬᠠᠬᠤ ᠶᠢᠨ ᠲᠣᠭᠤᠷᠢᠨ ᠳᠤ᠂ | ᠭᠤᠣᠯᠳᠠᠭᠤ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ ᠬᠠᠮᠢᠶᠠᠷᠤᠯᠲᠠ᠂ ᠲᠦᠷᠦᠯ ᠵᠦᠢᠯ ᠢ ᠬᠢᠨᠠᠨ | ᠵᠥᠪᠰᠢᠶᠡᠷᠡᠬᠦ᠂ ᠪᠠᠷᠢᠯᠭ᠎ᠠ ᠶᠢ ᠳᠠᠭᠠᠭᠠᠴᠢᠯᠠᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠭᠠᠬᠤ ᠪᠦᠲᠦᠭᠡᠨ ᠪᠠᠶᠢᠭᠤᠯᠤᠯᠲᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠠᠯ᠎ᠠ ᠪᠠᠷ | ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠲᠣᠳᠣᠷᠬᠠᠶᠢᠯᠠᠵᠤ᠂ ᠶᠠᠪᠤᠴᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠦᠢᠯᠡᠳᠦᠯᠭᠡ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠴᠡᠷᠢᠭ ᠤᠨ ᠶᠠᠪᠤᠳᠠᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠠᠰᠢᠭ ᠪᠣᠯᠣᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠭᠦ ᠳᠤ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ |