11 ᠳ᠋ᠦ᠍ᠭᠡᠷ ᠰᠠᠷ᠎ᠠ᠎ᠶᠢᠨ 30 ᠤ ᠡᠳᠦᠷ᠎ᠡᠴᠡ12 ᠳ᠋ᠤᠭ᠋ᠠᠷ ᠰᠠᠷ᠎ᠠ᠎ᠶᠢᠨ 6 ᠤ ᠡᠳᠦᠷ ᠪᠣᠯᠲᠠᠯ᠎ᠠ᠂ ᠺᠦᠪᠠ᠎ᠶᠢᠨ ᠮᠡᠳᠡᠭᠡ ᠵᠠᠩᠭᠢ ᠪᠣᠯᠣᠨ ᠨᠡᠢ᠌ᠭᠡᠮ᠎ᠦᠨ ᠳᠠᠮᠵᠢᠭᠤᠯᠭ᠎ᠠ᠎ᠶᠢᠨ ᠵᠦᠪᠯᠡᠯ᠂ ᠪᠷᠠᠽᠢᠯ᠎ᠤᠨ ᠴᠢᠮᠡᠭᠡ ᠬᠤᠯᠪᠤᠭ᠋ᠠᠨ᠎ᠤ ᠬᠡᠯᠲᠡᠰ᠂ ᠪᠷᠠᠽᠢᠯ᠎ᠤᠨ ᠣᠯᠣᠰ᠎ᠤᠨ ᠣᠯᠠᠨ ᠨᠡᠢ᠌ᠲᠡ᠎ᠶᠢᠨ ᠳᠠᠮᠵᠢᠭᠤᠯᠭ᠎ᠠ᠎ᠶᠢᠨ ᠺᠣᠮᠫᠠᠨᠢ᠎ᠶᠢᠨ ᠤᠷᠢᠯᠭ᠎ᠠ᠎ᠪᠠᠷ᠂ ᠣᠯᠣᠰ᠎ᠤᠨ ᠷᠠᠳᠢᠤ᠋ ᠲᠸᠯᠸᠢᠰ᠎ᠦᠨ ᠶᠡᠷᠤᠩᠬᠡᠢ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠣᠭ᠎ᠠ ᠬᠠᠨ ᠳ᠋ᠦᠩ ᠣᠯᠣᠰ᠎ᠤᠨ ᠷᠠᠳᠢᠤ᠋ ᠲᠸᠯᠸᠢᠰ᠎ᠦᠨ ᠶᠡᠷᠣᠩᠬᠡᠢ ᠲᠣᠪᠴᠢᠶ᠎ᠠ᠎ᠶᠢᠨ ᠲᠥᠯᠥᠭᠡᠯᠡᠭᠴᠢᠳ᠎ᠦᠨ ᠪᠦᠯᠬᠦᠮ᠎ᠢ ᠳᠠᠭ᠋ᠠᠭᠤᠯᠤᠨ ᠺᠦᠪᠠ᠂ ᠪᠷᠠᠽᠢᠯ᠎ᠳᠤ ᠠᠢ᠌ᠯᠴᠢᠯᠠᠪᠠ᠃
ᠺᠦᠪᠠ᠎ᠳᠤ ᠠᠢ᠌ᠯᠴᠢᠯᠠᠬᠤ ᠬᠤᠭᠤᠴᠠᠭ᠋ᠠᠨ᠎ᠳᠤ᠂ ᠬᠠᠨ ᠳ᠋ᠦᠩ ᠺᠦᠪᠠ᠎ᠶᠢᠨ ᠮᠡᠳᠡᠭᠡ ᠵᠠᠩᠭᠢ ᠪᠣᠯᠣᠨ ᠨᠡᠢ᠌ᠭᠡᠮ᠎ᠦᠨ ᠳᠠᠮᠵᠢᠭᠤᠯᠭ᠎ᠠ᠎ᠶᠢᠨ ᠵᠦᠪᠯᠡᠯ᠂ ᠺᠦᠪᠠ᠎ᠶᠢᠨ ᠣᠯᠣᠰ᠎ᠤᠨ ᠲᠸᠯᠸᠢᠰ᠎ᠤᠨ ᠬᠣᠷᠢᠶ᠎ᠠ᠂ ᠷᠠᠳᠢᠤ᠋ ᠨᠡᠪᠲᠡᠷᠡᠭᠦᠯᠭᠡ᠎ᠶᠢᠨ ᠬᠣᠷᠢᠶ᠎ᠠ ᠵᠡᠷᠭᠡ ᠪᠠᠢ᠌ᠭᠤᠯᠤᠮᠵᠢ᠎ᠶᠢᠨ ᠬᠠᠷᠢᠭᠣᠴᠠᠯᠭ᠋ᠠᠳᠠᠨ ᠲᠠᠢ ᠬᠡᠯᠡᠯᠴᠡᠭᠡ ᠬᠢᠵᠦ᠂ ᠷᠠᠳᠢᠤ᠋ ᠲᠧᠯᠸᠢᠰ᠎ᠦᠨ ᠶᠡᠷᠤᠩᠬᠡᠢ ᠲᠣᠪᠴᠢᠶ᠎ᠠ ᠬᠢᠭᠡᠳ ᠺᠦᠪᠠ᠎ᠶᠢᠨ ᠮᠡᠳᠡᠭᠡ ᠵᠠᠩᠭᠢ ᠪᠣᠯᠣᠨ ᠨᠡᠢ᠌ᠭᠡᠮ᠎ᠦᠨ ᠳᠠᠮᠵᠢᠭᠤᠯᠭ᠎ᠠ᠎ᠶᠢᠨ ᠵᠦᠪᠯᠡᠯ᠎ᠦᠨ ᠬᠠᠮᠲᠤᠷᠠᠯᠴᠠᠭ᠋ᠠᠨ᠎ᠤ ᠵᠦᠪᠯᠡᠯᠴᠡᠭᠡᠷ᠎ᠲᠦ ᠭᠠᠷᠤᠨ ᠦᠰᠥᠭ ᠵᠢᠷᠤᠵᠤ᠂ ᠺᠦᠪᠠ᠎ᠶᠢᠨ ᠲᠠᠯ᠎ᠠ᠎ᠳᠦ ᠦᠷᠣᠨᠡᠳᠠᠬᠢᠨᠤ ᠬᠡᠯᠡ᠎ᠪᠡᠷ ᠣᠷᠴᠢᠭᠣᠯᠣᠨ ᠦᠢᠯᠡᠳᠦᠭᠰᠡᠨ ᠣᠯᠠᠨ ᠵᠤᠢ᠌ᠯ᠎ᠤᠨ ᠦᠵᠡᠵᠦ ᠰᠣᠨᠣᠰᠬᠣ ᠪᠦᠲᠦᠭᠡᠯ᠎ᠢ ᠡᠷᠬᠡ ᠣᠯᠭᠣᠵᠠᠢ᠃ ᠬᠠᠨ ᠳ᠋ᠦᠩ᠎ᠡᠴᠡ᠂ ᠡᠨᠡ ᠵᠢᠯ ᠪᠣᠯ ᠳᠣᠮᠳᠠᠲᠣ ᠣᠯᠣᠰ ᠪᠠ ᠺᠦᠪᠠ ᠬᠠᠷᠢᠯᠴᠠᠭ᠎ᠠ ᠪᠠᠢ᠌ᠭᠤᠯᠤᠭᠰᠠᠨ 65 ᠵᠢᠯ᠎ᠦᠨ ᠣᠢ ᠪᠣᠯᠣᠨ᠎ᠠ᠂ ᠬᠤᠶᠠᠷ ᠲᠠᠯ᠎ᠠ᠎ᠪᠠᠷ᠎ᠢᠶᠠᠨ ᠦᠷᠭᠦᠯᠵᠢᠯᠡᠨ ᠭᠠᠷ ᠬᠤᠯᠪᠤᠨ ᠬᠡᠯᠡᠯᠴᠡᠭᠡᠷ᠎ᠦᠨ ᠨᠠᠢ᠌ᠲᠠᠪᠤᠷᠢᠵᠢᠭᠤᠯᠤᠯᠲᠠᠶᠢ ᠠᠬᠢᠭᠤᠯᠤᠨ᠂ ᠳᠣᠮᠲᠠᠳᠣ ᠣᠯᠣᠰ ᠪᠠ ᠺᠦᠪᠠ᠎ᠶᠢᠨ ᠣᠯᠠᠮᠵᠢᠯᠠᠯᠲᠣ ᠨᠥᠬᠥᠷᠯᠡᠯ᠎ᠢ ᠪᠡᠬᠢᠵᠢᠭᠦᠯᠬᠦ᠎ᠳᠦ ᠢᠳᠡᠪᠬᠢᠲᠡᠢ ᠬᠤᠪᠢ ᠨᠡᠮᠡᠷᠢ ᠦᠵᠡᠬᠦᠯᠬᠦ᠎ᠶᠢ ᠬᠦᠰᠡᠵᠦ ᠪᠠᠢ᠌ᠨ᠎ᠠ ᠭᠡᠵᠦ ᠢᠯᠡᠳᠭᠡᠪᠡ᠃
ᠪᠷᠠᠽᠢᠯ᠎ᠳᠤ ᠠᠢ᠌ᠯᠴᠢᠯᠠᠬᠤ ᠬᠤᠭᠤᠴᠠᠭᠠᠨ᠎ᠳᠤ᠂ ᠬᠠᠨ ᠳ᠋ᠦᠩ ᠪᠷᠠᠽᠢᠯ᠎ᠤᠨ ᠴᠢᠮᠡᠭᠡ ᠬᠤᠯᠪᠣᠭᠠᠨ᠎ᠤ ᠬᠡᠯᠲᠡᠰ᠂ ᠤᠯᠤᠰ᠎ᠤᠨ ᠤᠯᠠᠨ ᠨᠡᠢᠲᠡ᠎ᠶ᠋ᠢᠨ ᠳᠠᠮᠵᠢᠭᠤᠯᠭ᠎ᠠ᠎ᠶ᠋ᠢᠨ ᠺᠣᠮᠫᠠᠨᠢ᠂ ᠳᠡᠯᠡᠬᠡᠢ ᠨᠡᠢᠲᠡ᠎ᠶ᠋ᠢᠨ ᠲᠧᠯᠸᠢᠰ᠎ᠤᠨ ᠬᠤᠷᠢᠶ᠎ᠠ᠂ ᠴᠢ ᠱᠸᠦ ᠲᠧᠯᠸᠢᠰ᠎ᠤᠨ ᠬᠤᠷᠢᠶ᠎ᠠ ᠵᠡᠷᠭᠡ ᠪᠠᠢᠭᠤᠯᠤᠮᠵᠢ᠎ᠶ᠋ᠢᠨ ᠬᠠᠷᠢᠭᠤᠴᠠᠯᠭᠠᠲᠠᠨ᠎ᠲᠠᠢ ᠬᠡᠯᠡᠯᠴᠡᠭᠡ ᠬᠢᠵᠦ᠍᠂ ᠪᠷᠠᠽᠢᠯ᠎ᠤᠨ ᠰᠦᠯᠵᠢᠶᠡᠨ᠎ᠤ ᠦᠵᠡᠵᠦ᠍ ᠰᠣᠨᠣᠰᠭᠤ ᠵᠠᠯᠠᠭᠤᠴᠤᠳ᠎ᠤᠨ ᠰᠣᠯᠢᠯᠴᠠᠭᠠᠨ᠎ᠤ ᠬᠤᠷᠠᠯ᠎ᠳᠤ ᠣᠷᠣᠯᠴᠠᠪᠠ᠃ ᠬᠠᠨ ᠳ᠋ᠦᠩ᠎ᠡᠴᠡ᠂ ᠣᠳᠣᠬᠠᠨ᠎ᠳᠤ ᠳᠤᠮᠳᠠᠳᠤ ᠤᠯᠤᠰ ᠪᠠ ᠪᠷᠠᠽᠢᠯ ᠤᠨ ᠬᠠᠷᠢᠯᠴᠠᠭ᠎ᠠ ᠲᠡᠦᠬᠡ᠎ᠶ᠋ᠢᠨ ᠬᠠᠮᠤᠭ᠎ᠤᠨ ᠰᠠᠢᠨ ᠴᠠᠭ ᠦᠶ᠎ᠡ᠎ᠳᠤ ᠣᠷᠣᠱᠢᠵᠤ ᠪᠠᠢᠨ᠎ᠠ᠂ ᠫᠷᠤᠭ᠌ᠷᠠᠮ᠎ᠢ ᠬᠠᠷᠢᠯᠴᠠᠨ ᠨᠡᠪᠲᠡᠷᠡᠭᠦᠯᠬᠦ᠂ ᠬᠠᠮᠲᠤᠷᠠᠨ ᠦᠢᠯᠡᠳᠬᠦ᠂ ᠮᠡᠷᠭᠡᠵᠢᠯ ᠪᠣᠯᠤᠨ ᠠᠵᠢᠯᠲᠠᠨ᠎ᠤ ᠰᠣᠯᠢᠯᠴᠠᠭ᠎ᠠ ᠵᠡᠷᠭᠡ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠳᠤᠮᠳᠠᠳᠤ ᠣᠯᠣᠰ ᠪᠠ ᠪᠷᠠᠽᠢᠯ᠎ᠤᠨ ᠠᠷᠠᠳ ᠲᠦᠮᠡᠨ᠎ᠤ ᠨᠥᠬᠦᠷᠯᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃ ᠬᠤᠶᠠᠷ ᠲᠠᠯ᠎ᠠ᠎ᠪᠠᠷ᠎ᠢᠶᠠᠨ ᠢᠷᠡᠬᠦ᠌ ᠵᠢᠯ᠎ᠤᠨ 《 ᠳᠤᠮᠳᠠᠳᠤ ᠣᠯᠣᠰ ᠪᠷᠠᠽᠢᠯ᠎ᠤᠨ ᠰᠣᠶᠣᠯ᠎ᠤᠨ ᠣᠨ》᠎ᠤ ᠬᠤᠭᠤᠴᠠᠭᠠᠨ᠎ᠳᠤ ᠦᠵᠡᠭᠦᠯᠵᠦ᠍ ᠨᠡᠪᠲᠡᠷᠡᠭᠦᠯᠬᠦ ᠳᠡᠯᠭᠡᠨ ᠦᠵᠡᠭᠦᠯᠬᠦ᠂ ᠬᠥᠮᠦᠰ᠎ᠤᠨ ᠠᠢ᠌ᠯᠴᠢᠯᠠᠯᠲᠠ ᠵᠡᠷᠭᠡ᠎ᠶ᠋ᠢ ᠬᠠᠮᠲᠤ ᠪᠠᠷ ᠲᠥᠰᠥᠪᠯᠡᠬᠦ ᠲᠠᠯ᠎ᠠ᠎ᠪᠠᠷ ᠤᠯᠠᠨ ᠵᠦᠢᠯ᠎ᠤᠨ ᠬᠠᠮᠲᠤ᠎ᠶ᠋ᠢᠨ ᠲᠠᠨᠢᠯᠲᠠ᠎ᠲᠠᠢ ᠪᠣᠯᠪᠠ᠃