12 ᠳ᠋ᠤᠭ᠋ᠠᠷ ᠰᠠᠷ᠎ᠠ᠎ᠶ᠋ᠢᠨ 17᠎ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶ᠎ᠠ᠎ᠶᠢᠨ ᠳᠠᠷᠤᠭ᠎ᠠ ᠯᠢᠦ ᠵᠢᠶᠠᠨ ᠭᠦᠸᠧ ᠪᠦᠯᠬᠦᠮ ᠳᠠᠭᠠᠭᠤᠯᠤᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠱᠢᠶᠠᠨ᠎ᠤ ᠱᠠᠨ ᠰᠢ ᠮᠤᠵᠢ᠎ᠶ᠋ᠢᠨ ᠫᠢᠩᠱ᠌ᠦ᠋ᠨ ᠰᠢᠶᠠᠨ᠎ᠳᠤ ᠬᠦᠷᠴᠦ᠍ ᠪᠠᠢᠴᠠᠭᠠᠨ ᠰᠤᠳᠤᠯᠤᠯᠲᠠ ᠬᠢᠪᠠ᠃ ᠪᠠᠢᠴᠠᠭᠠᠨ ᠰᠤᠳᠤᠯᠬᠤ ᠳᠤᠭᠤᠢᠯᠠᠩ᠎ᠤᠨ᠎ᠬᠢᠨ ᠤᠷᠢᠳ ᠬᠤᠵᠢᠳ ᠫᠢᠩᠱ᠌ᠦ᠋ᠨ ᠰᠢᠶᠠᠨ᠎ᠤ ᠬᠠᠮ ᠵᠠᠭᠤᠴᠢᠯᠠᠭᠤᠷ᠎ᠤᠨ ᠲᠥᠪ᠂ ᠲᠠᠢ ᠬᠠᠩ ᠡᠯᠧᠺᠲᠷᠣᠨ ᠬᠤᠳᠠᠯᠳᠤᠭᠠᠨ᠎ᠤ ᠵᠢᠵᠢᠭ ᠪᠠᠯᠭᠠᠰᠤ᠂ ᠵᠠᠩ ᠵᠢᠩ ᠲᠣᠰᠭᠤᠨ᠂ ᠤᠣ ᡁᠢ ᠲᠣᠰᠭᠤᠨ᠂ ᠱ᠌ᠢ ᠬᠤᠢ ᠲᠣᠰᠭᠤᠨ ᠵᠡᠷᠭᠡ ᠭᠠᠵᠠᠷ᠎ᠲᠤ ᠬᠦᠷᠴᠦ᠍ ᠫᠢᠩᠱ᠌ᠦ᠋ᠨ ᠰᠢᠶᠠᠨ᠎ᠤ ᠡᠯᠧᠺᠲᠷᠣᠨ ᠬᠤᠳᠠᠯᠳᠤᠭ᠎ᠠ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠲᠤᠬᠠᠢ᠎ᠶ᠋ᠢᠨ ᠭᠠᠵᠠᠷ᠎ᠲᠤ ᠨᠢ ᠵᠣᠯᠭᠠᠭᠤᠯᠵᠤ᠂ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠤᠨ ᠲᠥᠬᠦᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠪᠠ ᠪᠠᠴᠢᠮ ᠪᠠᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ᠎ᠶ᠋ᠢᠨ ᠬᠡᠷᠡᠭ᠌ᠯᠡᠯᠲᠡ᠎ᠶ᠋ᠢᠨ ᠪᠠᠢᠳᠠᠯ᠎ᠢ ᠪᠠᠢᠴᠠᠭᠠᠨ ᠰᠤᠳᠤᠯᠤᠭ᠍ᠰᠠᠨ ᠪᠥᠭᠡᠳ ᠴᠠᠩ ᡁᠢ ᠬᠤᠳᠠ᠂ ᠫᠢᠩᠱ᠌ᠦ᠋ᠨ ᠱᠢᠶᠠᠨ᠎ᠤ ᠨᠠᠮ ᠵᠠᠰᠠᠭ᠎ᠤᠨ ᠬᠤᠯᠪᠣᠭ᠍ᠳᠠᠯ ᠪᠦᠬᠦᠢ ᠬᠠᠷᠢᠭᠤᠴᠠᠯᠭᠠᠲᠠᠨ ᠨᠥᠬᠦᠳ ᠪᠠ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠲᠤᠱᠢᠶᠠᠯ ᠡᠭᠦᠷᠭᠡᠯᠡᠭ᠌ᠰᠡᠨ ᠺᠠᠳ᠋ᠷᠴᠤᠳ᠎ᠲᠠᠢ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃
ᠯᠢᠦ ᠵᠢᠶᠠᠨ ᠭᠦᠸᠧ᠎ᠠᠴᠠ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠢ ᠭᠦᠨᠵᠡᠭᠡᠢᠷᠡᠭᠦᠯᠬᠦ᠌ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠡᠭ ᠲᠣᠭ᠍ᠲᠠᠭᠠᠨ ᠬᠠᠪᠰᠤᠷᠤᠨ ᠲᠡᠳᠬᠦᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠨ ᠴᠢᠩᠭ᠎ᠠ ᠪᠣᠳᠠᠲᠠᠢ ᠠᠳᠭᠤᠬᠤ᠎ᠶ᠋ᠢ ᠪᠠᠷᠢᠮᠲᠠᠯᠠᠵᠤ᠂ ᠳᠡᠭᠡᠳᠦ ᠬᠡᠮᠵᠢᠶᠡᠨ᠎ᠤ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡ᠎ᠶ᠋ᠢᠨ ᠡᠭᠦᠷᠭᠡᠲᠦ ᠰᠡᠳᠭᠢᠯᠭᠡ᠎ᠪᠠᠷ ᠴᠡᠭ ᠲᠣᠭ᠍ᠲᠠᠭᠠᠨ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠫᠢᠩᠱ᠌ᠦ᠋ᠨ ᠱᠢᠶᠠᠨ᠎ᠤ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠯᠢᠦ ᠵᠢᠶᠠᠨ ᠭᠦᠸᠧ᠎ᠠᠴᠠ᠂ 《 ᠮᠢᠩᠭ᠎ᠠ ᠲᠦᠮᠡᠨ ᠢᠨᠵᠧᠨᠧᠷᠢᠩ 》 ᠤᠨ ᠲᠤᠷᠱᠢᠯᠭ᠎ᠠ᠎ᠶ᠋ᠢ ᠠᠮᠢᠳᠤᠯᠢᠭ ᠰᠤᠷᠴᠤ᠌ ᠠᠮᠢᠳᠤᠯᠢᠭ᠎ᠢᠶᠠᠷ ᠬᠡᠷᠡᠭ᠌ᠯᠡᠵᠦ᠍᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ ᠲᠥᠷᠥᠯ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠫᠢᠩᠱ᠌ᠦ᠋ᠨ ᠱᠢᠶᠠᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠬᠠᠪᠰᠤᠷᠤᠨ ᠲᠡᠳᠬᠦᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ᠍ᠵᠢᠭᠤᠯᠤᠨ ᠪᠣᠳᠠᠲᠠᠢᠵᠢᠭᠤᠯᠵᠤ᠂ ᠣᠨᠣᠪᠴᠢᠲᠠᠢ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠢ᠃ ᠨᠢᠭᠡ᠎ᠳᠤ᠂ ᠫᠢᠩᠱ᠌ᠦ᠋ᠨ ᠱᠢᠶᠠᠨ᠎ᠤ ᠷᠠᠳᠢᠣ᠋ ᠲᠧᠯᠸᠢᠰ᠎ᠤᠨ ᠦᠢᠯᠡᠰ᠎ᠤᠨ ᠬᠥᠭ᠌ᠵᠢᠯᠲᠡ᠎ᠶ᠋ᠢ ᠰᠠᠢᠲᠤᠷ ᠬᠠᠯᠠᠮᠵᠢᠯᠠᠨ ᠳᠡᠮᠵᠢᠵᠦ᠍᠂ ᠫᠢᠩᠱ᠌ᠦ᠋ᠨ ᠰᠢᠶᠠᠨ᠎ᠤ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠴᠢᠷᠮᠠᠢᠨ ᠳᠡᠭᠡᠭ᠌ᠰᠢᠯᠡᠭᠦᠯᠵᠦ᠍᠂ ᠲᠤᠬᠠᠢ᠎ᠶ᠋ᠢᠨ ᠭᠠᠵᠠᠷ᠎ᠤᠨ ᠠᠵᠤ ᠠᠬᠤᠢ ᠨᠡᠢᠭᠡᠮ᠎ᠤᠨ ᠬᠥᠭ᠌ᠵᠢᠯᠲᠡ ᠪᠠ ᠠᠷᠠᠳ ᠣᠯᠠᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠰᠡᠳᠭᠢᠯ ᠲᠠᠯᠪᠢᠨ ᠦᠢᠯᠡᠴᠢᠯᠡᠨ᠎ᠡ᠃ ᠬᠤᠶᠠᠷ᠎ᠲᠤ᠌᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠬᠤᠯᠠᠴᠢᠯᠠᠵᠤ᠂ ᠲᠣᠯᠣᠭ᠋ᠠᠢ᠌ᠯᠠᠭᠴᠢ ᠡᠯᠧᠺᠲᠷᠣᠨ ᠬᠤᠳᠠᠯᠳᠤᠭᠠᠨ᠎ᠤ ᠠᠵᠤ ᠠᠬᠤᠢᠯᠠᠯ᠎ᠤᠨ ᠲᠠᠪᠴᠠᠩ ᠫᠢᠩᠱ᠌ᠦ᠋ᠨ ᠱᠢᠶᠠᠨ᠎ᠤ ᠤᠨᠴᠠᠯᠢᠬ᠍ᠳᠤ ᠪᠦᠲᠦᠭᠡᠭ᠌ᠳᠡᠬᠦᠨ᠎ᠤ ᠰᠣᠶᠣᠯ᠎ᠤᠨ ᠡᠬᠢ ᠪᠠᠶᠠᠯᠢᠭ᠎ᠲᠤ ᠲᠦᠱᠢᠭ᠌ᠯᠡᠵᠦ᠍᠂ ᠬᠠᠪᠰᠤᠷᠤᠨ ᠲᠡᠳᠬᠦᠬᠦ᠌ ᠠᠷᠭ᠎ᠠ ᠵᠠᠮ᠎ᠢ ᠥᠷᠭᠡᠳᠭᠡᠵᠦ᠍᠂ ᠬᠠᠪᠰᠤᠷᠤᠨ ᠲᠡᠳᠬᠦᠬᠦ᠌ ᠠᠭᠤᠯᠭ᠎ᠠ᠎ᠶ᠋ᠢ ᠪᠠᠶᠠᠯᠢᠭ᠍ᠵᠢᠭᠤᠯᠵᠤ᠂ ᠫᠢᠩᠱ᠌ᠦ᠋ᠨ ᠱᠢᠶᠠᠨ᠎ᠤ ᠱᠢᠶᠠᠨ᠎ᠤ ᠬᠡᠪᠴᠢᠶᠡᠨ᠎ᠤ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢ ᠨᠡᠩ ᠰᠠᠢᠲᠤᠷ ᠲᠡᠮᠵᠢᠨ᠎ᠡ᠃ ᠭᠤᠷᠪᠠ᠎ᠳᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠲᠤᠱᠢᠶᠠᠯ ᠡᠭᠦᠷᠭᠡᠯᠡᠭ᠌ᠰᠡᠨ ᠺᠠᠳ᠋ᠷᠴᠤᠳ᠎ᠤᠨ ᠬᠥᠭᠦᠷᠭᠡ ᠬᠤᠯᠪᠣᠭᠠᠰᠤ᠎ᠶ᠋ᠢᠨ ᠦᠢᠯᠡᠳᠦᠯ᠎ᠢᠶᠠᠨ ᠰᠠᠢᠲᠤᠷ ᠪᠠᠳᠠᠷᠠᠭᠤᠯᠬᠤ᠎ᠶᠢ ᠬᠥᠲᠦᠯᠦᠨ ᠵᠢᠯᠣᠭᠣᠳᠴᠤ᠂ ᠣᠨᠣᠪᠴᠢᠲᠠᠢ᠎ᠪᠠᠷ ᠵᠣᠯᠭᠠᠭᠤᠯᠬᠤ ᠪᠠ ᠨᠡᠪᠲᠡᠷᠡᠯᠴᠡᠬᠦ᠌᠎ᠶ᠋ᠢ ᠰᠠᠢᠲᠤᠷ ᠬᠢᠵᠦ᠍᠂ ᠬᠠᠪᠰᠤᠷᠤᠨ ᠲᠡᠳᠬᠦᠬᠦ᠌ ᠠᠵᠢᠯ᠎ᠢ ᠦᠨᠡᠨ ᠬᠦ᠌ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃