ᠣᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠤᠨ ᠵᠢᠯᠣᠭᠤᠳᠣᠯᠭ᠎ᠠ ᠳᠣᠤᠷ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ 《 ᠱᠢᠨ᠎ᠡ ᠶᠠᠰᠤ ᠴᠢᠨᠠᠷ᠎ᠲᠤ ᠠᠩᠬᠠᠷᠤᠯ᠎ᠢᠶᠠᠨ ᠲᠥᠪᠯᠡᠷᠡᠭᠦᠯᠦᠨ ᠬᠥᠭ᠌ᠵᠢᠯᠲᠡ᠎ᠶ᠋ᠢ ᠭᠡᠷᠡᠴᠢᠯᠡᠬᠦ᠌ 》 ᠳᠤᠮᠳᠠᠳᠤ ᠤᠯᠤᠰ ᠮᠣᠩᠭᠤᠯ ᠤᠯᠤᠰ ᠣᠷᠣᠰ ᠤᠯᠤᠰ᠎ᠤᠨ ᠵᠠᠭᠤᠴᠢᠯᠠᠭᠤᠷ᠎ᠤᠨ ᠬᠠᠮᠲᠤᠷᠠᠨ ᠰᠤᠷᠪᠤᠯᠵᠢᠯᠠᠬᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠳᠤᠮᠳᠠᠳᠤ ᠤᠯᠤᠰ᠂ ᠮᠣᠩᠭᠤᠯ ᠤᠯᠤᠰ᠂ ᠣᠷᠣᠰ᠎ᠡᠴᠡ ᠢᠷᠡᠭᠰᠡᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠥᠪᠥᠷ ᠮᠣᠩᠭᠤᠯ᠎ᠤᠨ ᠣᠯᠠᠨ ᠭᠠᠵᠠᠷ᠎ᠲᠤ ᠭᠦᠨᠵᠡᠭᠡᠢᠷᠡᠵᠦ᠍᠂ ᠮᠸᠨ᠋ᠰᠢᠶᠡᠷ ᠨᠢᠳᠦ ᠪᠣᠯᠭ᠋ᠠᠵᠣ᠂ ᠪᠢᠷ ᠪᠡᠭᠡ᠎ᠪᠠᠷ ᠵᠠᠭᠤᠴᠢ ᠪᠣᠯᠭᠠᠵᠤ᠂ ᠥᠪᠥᠷ ᠮᠣᠩᠭᠤᠯ᠎ᠤᠨ ᠱᠢᠨ᠎ᠡ ᠶᠡᠰᠦ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠪᠥᠬᠦ᠌ ᠲᠠᠯ᠎ᠠ᠎ᠪᠠᠷ ᠲᠠᠢᠯᠪᠤᠷᠢᠯᠠᠵᠤ᠂ ᠭᠤᠷᠪᠠᠨ ᠤᠯᠤᠰ᠎ᠤᠨ ᠵᠠᠭᠤᠴᠢᠯᠠᠭᠤᠷ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠂ ᠠᠷᠠᠳ᠎ᠤᠨ ᠰᠡᠳᠭᠢᠯ᠎ᠤᠨ ᠨᠡᠪᠲᠡᠷᠡᠯᠴᠡᠭᠡ᠎ᠶᠢ ᠨᠡᠮᠡᠭ᠌ᠳᠡᠭᠦᠯᠬᠦ᠌᠎ᠳᠤ ᠠᠮᠢᠳᠤᠯᠢᠭ ᠵᠡᠭᠦᠯᠲᠡ ᠲᠠᠢᠯᠪᠤᠷᠢ ᠬᠢᠪᠠ᠃
ᠨᠢᠭᠡ᠂ ᠭᠤᠷᠪᠠᠨ ᠤᠯᠤᠰ᠎ᠤᠨ ᠵᠠᠭᠤᠴᠢᠯᠠᠭᠤᠷ ᠤᠮᠠᠷᠠᠲᠤ ᠬᠢᠯᠢ᠎ᠳᠤ ᠴᠤᠭ᠍ᠯᠠᠷᠠᠵᠤ ᠄ ᠳᠥᠷᠪᠡᠨ ᠬᠤᠲᠠ᠎ᠶᠢᠨ ᠬᠡᠯᠪᠡᠷᠢ᠎ᠪᠠᠨ ᠬᠤᠪᠢᠷᠠᠭᠤᠯᠬᠤ ᠠᠷᠭ᠎ᠠ ᠵᠠᠮ᠎ᠢ ᠲᠤᠬᠠᠶ᠎ᠶ᠋ᠢᠨ ᠭᠠᠵᠠᠷ᠎ᠲᠤ ᠨᠢ ᠰᠤᠷᠪᠤᠯᠵᠢᠯᠠᠪᠠ
11 ᠳ᠋ᠦ᠍ᠭᠡᠷ ᠰᠠᠷ᠎ᠠ᠎ᠶ᠋ᠢᠨ 23᠎ᠤ ᠡᠳᠦᠷ᠎ᠠᠴᠠ 12 ᠳ᠋ᠤᠭ᠋ᠠᠷ ᠰᠠᠷ᠎ᠠ᠎ᠶ᠋ᠢᠨ 1᠎ᠤ ᠡᠳᠦᠷ ᠪᠣᠯᠲᠠᠯ᠎ᠠ᠂ ᠳᠤᠮᠳᠠᠳᠤ ᠤᠯᠤᠰ ᠮᠣᠩᠭᠤᠯ ᠤᠯᠤᠰ ᠣᠷᠣᠰ ᠤᠯᠤᠰ᠎ᠤᠨ ᠭᠤᠷᠪᠠᠨ ᠤᠯᠤᠰ᠎ᠤᠨ 11ᠭᠤᠤᠯ ᠵᠠᠭᠤᠴᠢᠯᠠᠭᠤᠷ᠎ᠤᠨ 20 ᠭᠠᠷᠤᠶ ᠰᠤᠷᠪᠤᠯᠵᠢᠯᠠᠭ᠍ᠴᠢ᠎ᠶᠢᠨ ᠬᠠᠮᠲᠤ᠎ᠪᠠᠷ ᠪᠦᠷᠢᠯᠳᠦᠭ᠌ᠰᠡᠨ ᠬᠠᠮᠲᠤᠷᠠᠭ᠍ᠰᠠᠨ ᠰᠤᠷᠪᠤᠯᠵᠢᠯᠠᠬᠤ ᠪᠦᠯᠬᠦᠮ ᠥᠪᠥᠷ ᠮᠣᠩᠭᠤᠯ᠎ᠳᠤ ᠢᠷᠡᠵᠦ᠍᠂ ᠡᠭᠦᠨ᠎ᠳᠤ 16 ᠰᠤᠷᠪᠤᠯᠵᠢᠯᠠᠭ᠍ᠴᠢ ᠮᠣᠩᠭᠤᠯ ᠤᠯᠤᠰ᠂ ᠣᠷᠣᠰ ᠤᠯᠤᠰ᠎ᠤᠨ ᠪᠤᠷᠢᠶᠠᠳ ᠨᠠᠢ᠌ᠷᠠᠮᠳᠠᠬᠣ ᠤᠯᠤᠰ᠎ᠤᠨ ᠭᠤᠤᠯ ᠵᠠᠭᠤᠴᠢᠯᠠᠭᠤᠷ᠎ᠠᠴᠠ ᠢᠷᠡᠵᠦ᠍᠂ ᠰᠤᠷᠪᠤᠯᠵᠢᠯᠠᠬᠤ ᠪᠦᠯᠬᠦᠮ᠎ᠨᠢ ᠬᠥᠬᠡᠬᠤᠲᠠ᠂ ᠪᠤᠭᠤᠲᠤ᠌᠂ ᠣᠷᠳᠣᠰ᠂ ᠪᠠᠶᠠᠨᠨᠠᠭᠤᠷ ᠳᠥᠷᠪᠡᠨ ᠬᠤᠲᠠ᠎ᠳᠤ ᠭᠦᠨᠵᠡᠭᠡᠢᠷᠡᠨ ᠲᠤᠬᠠᠶ᠎ᠶ᠋ᠢᠨ ᠭᠠᠵᠠᠷ᠎ᠲᠤ ᠨᠢ ᠰᠤᠷᠪᠤᠯᠵᠢᠯᠠᠭ᠎ᠠ ᠬᠢᠪᠠ᠃
ᠰᠤᠷᠪᠤᠯᠵᠢᠯᠠᠬᠤ ᠪᠦᠯᠬᠦᠮ᠎ᠤᠨ᠎ᠬᠢᠨ 《 ᠤᠶᠤᠨ ᠤᠬᠠᠭᠠᠨ᠎ᠢᠶᠠᠷ ᠬᠦᠴᠦᠨ ᠨᠡᠮᠡᠷᠢᠯᠡᠬᠦ 》 《 ᠪᠣᠬᠢᠷᠲᠤᠯ ᠦᠭᠡᠢ ᠴᠠᠬᠢᠯᠭᠠᠨ᠎ᠤ ᠬᠡᠯᠪᠡᠷᠢ᠎ᠶ᠋ᠢ ᠬᠤᠪᠢᠷᠠᠭᠤᠯᠬᠤ 》 《 ᠨᠡᠭᠦᠷᠡᠰᠦᠲᠥ᠋ᠷᠥᠭ᠌ᠴᠢ ᠦᠭᠡᠢ ᠵᠢᠱ᠌ᠢᠶ᠎ᠡ ᠦᠵᠡᠭᠦᠯᠬᠦ᠌ 》 《 ᠳ᠋ᠢᠭᠢᠲᠴᠢᠯᠡᠯᠲᠡ ᠲᠠᠷᠢᠶᠠᠯᠠᠩ᠎ᠢ ᠬᠥᠭ᠌ᠵᠢᠭᠦᠯᠬᠦ᠌ 》 ᠲᠦᠷᠪᠡᠨ ᠶᠡᠭᠡ ᠭᠤᠣᠯ ᠬᠡᠰᠡᠭ᠎ᠢ ᠲᠣᠭ᠍ᠲᠠᠭᠠᠵᠤ᠂ ᠭᠤᠣᠯᠳᠠᠯᠭ᠎ᠠ᠎ᠲᠠᠢ ᠬᠦᠷᠢᠶᠡᠯᠡᠩ ᠲᠣᠭᠤᠷᠢᠭ᠂ ᠲᠣᠯᠣᠭ᠋ᠠᠢ᠌ᠯᠠᠭᠴᠢ ᠠᠵᠤ ᠠᠬᠤᠢᠯᠠᠯ ᠪᠣᠯᠤᠨ ᠬᠡᠪ ᠳᠠᠭᠤᠷᠢᠶᠠᠯ᠎ᠤᠨ ᠲᠦᠷᠦᠯ ᠵᠦᠢᠯ᠎ᠤᠨ ᠲᠤᠬᠠᠢ᠎ᠶ᠋ᠢᠨ ᠲᠠᠯᠠᠪᠠᠢ᠎ᠳᠤ ᠬᠦᠷᠴᠦ᠍᠂ ᠤᠢ᠍ᠢᠷ᠎ᠠ ᠵᠠᠢ᠎ᠳᠤ ᠪᠣᠬᠢᠷᠲᠤᠯ ᠦᠭᠡᠢ ᠪᠤᠳᠤᠬᠤ ᠬᠦᠴᠦᠨ᠂ ᠳᠣᠣᠷ᠎ᠠ ᠠᠭᠠᠷ᠎ᠤᠨ ᠠᠵᠤ ᠠᠬᠤᠢ᠂ ᠱᠢᠨ᠎ᠡ ᠡᠨᠧᠷᠭᠢ᠎ᠶ᠋ᠢᠨ ᠠᠵᠤ ᠦᠢᠯᠡᠰ᠂ ᠳ᠋ᠢᠭᠢᠲᠴᠢᠯᠠᠭᠰᠠᠨ ᠮᠠᠯ ᠠᠵᠤ ᠠᠬᠤᠢ ᠲᠠᠷᠢᠶᠠᠯᠠᠩ ᠵᠡᠷᠭᠡ ᠬᠦᠷᠢᠶᠡᠨ᠎ᠤ ᠱᠢᠨ᠎ᠡ᠎ᠶ᠋ᠢ ᠡᠭᠦᠳᠬᠦ᠌ ᠦᠢᠯᠡᠳᠦᠯᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠮᠳᠠᠳᠤ ᠤᠯᠤᠰ᠂ ᠮᠣᠩᠭᠤᠯ ᠤᠯᠤᠰ᠂ ᠣᠷᠣᠰ ᠤᠯᠤᠰ᠎ᠤᠨ ᠭᠤᠷᠪᠠᠨ ᠵᠦᠢᠯ᠎ᠤᠨ ᠦᠭᠡ ᠬᠡᠯᠡ᠎ᠪᠠᠷ ᠥᠪᠥᠷ ᠮᠣᠩᠭᠤᠯ᠎ᠤᠨ ᠤᠯᠠᠮᠵᠢᠯᠠᠯᠲᠤ ᠡᠨᠧᠷᠭᠢ᠎ᠶ᠋ᠢᠨ ᠲᠤᠮᠤ ᠣᠷᠣᠨ᠎ᠠᠴᠠ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠬᠦᠴᠦᠷᠬᠡᠭ ᠣᠷᠣᠨ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠱᠢᠨ᠎ᠡ ᠰᠣᠷᠭᠤᠭ ᠵᠢᠷᠤᠭ᠎ᠢ ᠪᠢᠴᠢᠪᠡ᠃ ᠳᠤᠮᠳᠠᠳᠤ ᠤᠯᠤᠰ ᠪᠠ ᠮᠣᠩᠭᠤᠯ ᠤᠯᠤᠰ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ ᠬᠠᠮᠵᠢᠵᠤ ᠪᠠᠢ᠌ᠭ᠋ᠠᠳ ᠲᠤᠬᠠᠶ᠎ᠶ᠋ᠢᠨ ᠲᠠᠯᠠᠪᠠᠢ᠎ᠳᠤ ᠦᠵᠡᠵᠦ᠍ ᠰᠣᠨᠢᠷᠬᠠᠬᠤ ᠮᠠᠶᠢᠭ᠎ᠤᠨ ᠨᠡᠪᠲᠡᠷᠡᠭᠦᠯᠭᠡ᠎ᠶ᠋ᠢ ᠪᠡᠶᠡᠴᠢᠯᠡᠨ ᠣᠢᠯᠠᠭᠠᠵᠤ᠂ ᠲᠤᠬᠠᠶ᠎ᠶ᠋ᠢᠨ ᠲᠠᠯᠠᠪᠠᠶ᠎ᠶ᠋ᠢᠨ ᠰᠡᠷᠡᠭᠳᠡᠯ ᠪᠠ ᠬᠠᠷᠢᠯᠴᠠᠨ ᠬᠥᠳᠡᠯᠦᠯᠴᠡᠬᠦ᠌ ᠴᠢᠨᠠᠷ᠎ᠢ ᠴᠢᠩᠭᠠᠳᠭᠠᠪᠠ᠃
ᠬᠤᠶᠠᠷ᠂ ᠶᠠᠪᠣᠬᠣ ᠮᠠᠶᠢᠭ᠎ᠤᠨ ᠣᠬᠤᠷ ᠸᠢᠳᠢᠣ᠋ ᠬᠢᠭᠡᠳ ᠣᠯᠠᠨ ᠬᠡᠯᠡᠨ᠎ᠦ ᠲᠥᠷᠥᠯ ᠵᠤᠢ᠌ᠯ᠎ᠤᠨ ᠳᠠᠮᠵᠢᠭᠣᠯᠭ᠎ᠠ ᠶ᠋ᠢ ᠵᠡᠷᠭᠡ᠎ᠪᠠᠷ ᠠᠬᠢᠭᠣᠯᠪᠠ
ᠮᠡᠳᠡᠭᠡᠯᠡᠬᠦ᠌ ᠬᠡᠯᠪᠡᠷᠢ᠎ᠶ᠋ᠢᠨ ᠲᠠᠯ᠎ᠠ᠎ᠪᠠᠷ᠂ ᠲᠣᠰ ᠤᠳᠠᠭᠠᠨ᠎ᠤ ᠬᠠᠮᠲᠤᠷᠠᠭ᠍ᠰᠠᠨ ᠰᠤᠷᠪᠤᠯᠵᠢᠯᠠᠭ᠎ᠠ᠎ᠨᠢ ᠤᠯᠠᠮᠵᠢᠯᠠᠯᠲᠤ ᠮᠡᠳᠡᠭᠡᠯᠡᠯ᠎ᠤᠨ ᠵᠠᠭ᠍ᠪᠤᠷ᠎ᠢ ᠡᠪᠳᠡᠬᠦ᠌᠎ᠶ᠋ᠢ ᠲᠤᠷᠱᠢᠵᠤ᠂ ᠶᠠᠪᠣᠬᠣ ᠬᠡᠯᠪᠡᠷᠢ᠎ᠶ᠋ᠢᠨ ᠣᠬᠤᠷ ᠸᠢᠳᠢᠣ᠋᠎ᠶ᠋ᠢᠨ ᠪᠣᠳᠠᠲᠤ ᠲᠡᠮᠳᠡᠭ᠌ᠯᠡᠯ ᠤᠨ ᠨᠡᠪᠲᠡᠷᠡᠭᠦᠯᠬᠦ᠌ ᠠᠷᠭ᠎ᠠ ᠮᠠᠶᠢᠭ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠶ᠋ᠢᠨ ᠬᠤᠤᠰ ᠬᠠᠷᠠᠭᠠᠰᠤ ᠶᠢᠨ ᠬᠠᠮᠲᠤᠷᠠᠨ ᠬᠥᠳᠡᠯᠦᠯᠴᠡᠬᠦ᠌ ᠪᠠ ᠴᠠᠭ ᠲᠤᠬᠠᠶ᠎ᠳᠤ ᠨᠢ ᠨᠡᠪᠲᠡᠷᠡᠭᠦᠯᠬᠦ᠌ ᠲᠣᠭ᠍ᠲᠠᠴᠠ᠎ᠳᠤ ᠲᠦᠱᠢᠭ᠌ᠯᠡᠨ᠂ Facebook᠂ YouTube᠂ VK ᠵᠡᠷᠭᠡ ᠭᠠᠳᠠᠭᠠᠳᠤ᠎ᠶ᠋ᠢᠨ ᠨᠡᠢᠭᠡᠮ᠎ᠤᠨ ᠬᠠᠷᠢᠯᠴᠠᠭᠠᠨ᠎ᠤ ᠲᠠᠪᠴᠠᠩ᠎ᠳᠤ ᠣᠯᠠᠨ ᠬᠡᠯᠡᠨ᠎ᠤ ᠲᠥᠷᠥᠯ ᠵᠤᠢ᠌ᠯ᠎ᠤᠨ ᠣᠬᠤᠷ ᠸᠢᠳᠢᠤ᠋᠎ᠶ᠋ᠢᠨ ᠠᠭᠤᠯᠭ᠎ᠠ ᠭᠠᠷᠭᠠᠵᠤ᠂ 《 ᠰᠣᠭᠳᠣᠷᠠᠭᠰᠠᠨ ᠮᠠᠶᠢᠭ᠎ᠢᠶᠠᠷ ᠰᠤᠷᠪᠤᠯᠵᠢᠯᠠᠭ᠍ᠴᠢ᠎ᠶ᠋ᠢ ᠳᠠᠭᠠᠵᠤ ᠥᠪᠥᠷ ᠮᠣᠩᠭᠤᠯ᠎ᠢ ᠦᠵᠡᠬᠦ᠌ 》 ᠳᠠᠮᠵᠢᠭᠤᠯᠭ᠎ᠠ᠎ᠶ᠋ᠢᠨ ᠣᠢᠯᠠᠭᠠᠯᠲᠠ᠎ᠶ᠋ᠢ ᠪᠣᠶ ᠪᠣᠯᠭᠠᠪᠠ᠃
ᠬᠢᠯᠢ᠎ᠶ᠋ᠢᠨ ᠳᠣᠲᠣᠷ᠎ᠠ ᠭᠠᠳᠠᠨᠠᠬᠢ ᠵᠠᠭᠤᠴᠢᠯᠠᠭᠤᠷ ᠬᠠᠮᠵᠢᠯᠴᠠᠨ ᠬᠠᠮᠲᠤᠷᠠᠯᠴᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ᠂ ᠰᠦᠯᠵᠢᠶᠡᠨ ᠥᠷᠲᠡᠭᠡ ᠵᠢᠴᠢ ᠱᠢᠨ᠎ᠡ ᠵᠠᠭᠤᠴᠢᠯᠠᠭᠤᠷ᠎ᠤᠨ ᠲᠠᠪᠴᠠᠩ ᠲᠠᠢ ᠵᠡᠷᠭᠡ᠎ᠪᠠᠷ ᠳᠠᠭᠤ ᠡᠭᠦᠰᠭᠡᠵᠦ᠂ ᠳᠤᠮᠳᠠᠳᠤ ᠤᠯᠤᠰ᠂ ᠮᠣᠩᠭᠤᠯ ᠤᠯᠤᠰ᠂ ᠣᠷᠣᠰ ᠤᠯᠤᠰ᠎ᠤᠨ ᠭᠤᠷᠪᠠᠨ ᠬᠡᠯᠡᠨ᠎ᠦ ᠲᠥᠷᠥᠯ ᠵᠤᠢ᠌ᠯ᠂ ᠣᠯᠠᠨ ᠲᠡᠬᠦᠰᠭᠡᠯ ᠥᠵᠦᠭᠥᠷᠯᠢᠭ᠂ ᠣᠯᠠᠨ ᠠᠷᠭ᠎ᠠ ᠵᠠᠮ᠎ᠢᠶᠠᠷ ᠣᠯᠠᠨ ᠤᠯᠤᠰ᠎ᠤᠨ ᠳᠠᠮᠵᠢᠭᠤᠯᠭ᠎ᠠ᠎ᠶ᠋ᠢᠨ ᠵᠢᠭ᠍ᠰᠠᠭᠠᠯ᠎ᠢ ᠪᠠᠢᠭᠤᠯᠪᠠ᠃ ᠡᠭᠦᠨ᠎ᠤ ᠳᠣᠮᠳᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠎ᠶ᠋ᠢᠨ ᠣᠯᠠᠨ ᠤᠯᠤᠰ᠎ᠤᠨ ᠳᠠᠮᠵᠢᠭᠤᠯᠭ᠎ᠠ᠎ᠶ᠋ᠢᠨ ᠬᠡᠯᠲᠡᠰ ᠲᠠᠪᠴᠠᠩ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ 《 ᠭᠠᠳᠠᠭᠠᠳᠤ᠎ᠶ᠋ᠢᠨ ᠨᠡᠢᠭᠡᠮ᠎ᠤᠨ ᠬᠠᠷᠢᠯᠴᠠᠭᠠᠨ᠎ᠤ ᠲᠠᠪᠴᠠᠩ + ᠭᠠᠳᠠᠭ᠍ᠰᠢ ᠨᠡᠪᠲᠡᠷᠡᠭᠦᠯᠬᠦ᠌ 》᠎ᠶ᠋ᠢ ᠠᠭᠤᠰᠤᠯᠴᠠᠭᠤᠯᠤᠨ ᠳᠠᠮᠵᠢᠭᠤᠯᠬᠤ ᠱᠢᠰᠲ᠋ᠧᠮ᠎ᠢ ᠪᠠᠢᠭᠤᠯᠵᠤ᠂ 40 ᠭᠠᠷᠤᠶ ᠭᠠᠳᠠᠭᠠᠳᠤ᠎ᠶ᠋ᠢᠨ ᠨᠡᠢᠭᠡᠮ᠎ᠤᠨ ᠬᠠᠷᠢᠯᠴᠠᠭᠠᠨ᠎ᠤ ᠮᠡᠳᠡᠭᠡᠯᠡᠯ ᠵᠠᠭᠤᠨ ᠲᠦᠮᠡ ᠱᠢᠬᠠᠮ ᠬᠠᠢᠯᠲᠠ᠎ᠶ᠋ᠢᠨ ᠬᠡᠮᠵᠢᠶ᠎ᠡ᠎ᠶ᠋ᠢ ᠣᠯᠵᠤ᠂ ᠲᠠᠯ᠎ᠠ ᠨᠤᠲᠤᠭ᠎ᠤᠨ ᠲᠠᠭᠤᠨ᠎ᠢ ᠭᠠᠳᠠᠭ᠍ᠰᠢ ᠨᠡᠪᠲᠡᠷᠡᠭᠦᠯᠦᠭ᠌ᠰᠡᠨ᠎ᠨᠢ ᠮᠣᠩᠭᠤᠯ ᠤᠯᠤᠰ᠎ᠤᠨ ᠬᠦᠯᠢᠶᠡᠨ ᠠᠪᠤᠭ᠍ᠴᠢᠳᠢ ᠣᠨᠣᠪᠴᠢᠲᠠᠢ ᠬᠠᠮᠤᠷᠴᠤ᠌᠂ 《 ᠦᠵᠡᠭᠳᠡᠭᠦᠢ᠌ᠴᠢᠯᠡᠬᠦ ᠠᠭᠤᠯᠭ᠎ᠠ + ᠰᠣᠨᠣᠷᠴᠢᠯᠠᠭᠰᠠᠨ ᠫᠷᠤᠭ᠌ᠷᠠᠮ 》᠎ᠤᠨ ᠪᠣᠰᠤᠭ᠎ᠠ ᠴᠣᠭ᠍ᠴᠠᠲᠤ ᠳᠠᠮᠵᠢᠭᠤᠯᠭ᠎ᠠ᠎ᠶ᠋ᠢ ᠪᠡᠶᠡᠯᠡᠭᠦᠯᠦᠨ᠂ ᠥᠪᠥᠷ ᠮᠣᠩᠭᠤᠯ᠎ᠤᠨ ᠬᠥᠭ᠌ᠵᠢᠯᠲᠡ᠎ᠶ᠋ᠢᠨ ᠲᠠᠭᠤᠨ᠎ᠢ ᠨᠠᠩ ᠥᠷᠭᠡᠨ᠂ ᠨᠠᠩ ᠬᠤᠯᠠ ᠳᠠᠮᠵᠢᠭᠤᠯᠪᠠ᠃
ᠭᠤᠷᠪᠠ᠂ ᠬᠢᠯᠢ᠎ᠶ᠋ᠢᠨ ᠳᠣᠲᠣᠷ᠎ᠠ ᠭᠠᠳᠠᠨᠠᠬᠢ ᠳᠠᠮᠵᠢᠭᠤᠯᠭ᠎ᠠ᠎ᠶᠢᠨ ᠲᠤᠰᠭᠠᠯ ᠲᠥᠪᠯᠡᠷᠡᠨ ᠢᠯᠡᠷᠡᠪᠡ
ᠳᠠᠮᠵᠢᠭᠤᠯᠭ᠎ᠠ᠎ᠶ᠋ᠢᠨ ᠦᠷ᠎ᠡ ᠳ᠋ᠦᠩ᠎ᠠᠴᠠ ᠦᠵᠡᠪᠡᠯ᠂ ᠭᠤᠷᠪᠠᠨ ᠤᠯᠤᠰ᠎ᠤᠨ ᠡᠯ᠎ᠡ ᠵᠠᠭᠤᠴᠢᠯᠠᠭᠤᠷ᠎ᠤᠨ ᠬᠠᠮᠢᠶ᠎ᠠ ᠪᠦᠬᠦᠢ ᠮᠡᠳᠡᠭᠡᠯᠡᠯ᠎ᠨᠢ ᠡᠯ᠎ᠡ ᠲᠥᠷᠥᠯ᠎ᠤᠨ ᠰᠦᠯᠵᠢᠶᠡᠨ᠎ᠤ ᠲᠠᠪᠴᠠᠩ᠎ᠳᠤ ᠨᠡᠢᠲᠡ ᠮᠢᠩᠭᠠᠨ ᠲᠦᠮᠡᠨ ᠭᠠᠷᠣᠢ ᠬᠠᠢ᠌ᠯᠲᠠᠶᠢᠨ ᠬᠡᠮᠵᠢᠶ᠎ᠡ ᠲᠠᠢ ᠪᠠᠢ᠌ᠵᠦ᠂ ᠡᠭᠦᠨ᠎ᠳᠤ ᠬᠢᠯᠢ᠎ᠶ᠋ᠢᠨ ᠭᠠᠳᠠᠨᠠᠬᠢ ᠳᠠᠮᠵᠢᠭᠣᠯᠭ᠎ᠠ᠎ᠶᠢᠨ ᠪᠡᠯᠡ ᠮᠦᠩᠬᠦ ᠪᠣᠯᠭ᠋ᠠᠭᠰᠠᠨ ᠨᠢ ᠨᠡᠯᠢᠶᠡᠳ ᠲᠣᠪᠣᠢᠮ᠎ᠠ ᠪᠣᠯᠵᠠᠢ᠃
ᠮᠣᠩᠭᠤᠯ ᠤᠯᠤᠰ᠎ᠲᠤ᠌᠂ ᠲᠤᠬᠠᠶ᠎ᠶ᠋ᠢᠨ ᠭᠠᠵᠠᠷ᠎ᠤᠨ᠎ᠬᠢᠨ ᠰᠤᠷᠪᠤᠯᠵᠢᠯᠠᠭ᠎ᠠ᠎ᠳᠤ ᠣᠷᠣᠯᠴᠠᠭ᠍ᠰᠠᠨ ᠭᠤᠤᠯ ᠵᠠᠭᠤᠴᠢᠯᠠᠭᠤᠷ᠎ᠤᠨ᠎ᠬᠢᠨ ᠱᠢᠷᠢᠰ ᠮᠡᠳᠡᠭᠡᠯᠡᠯ ᠲᠥᠪᠯᠡᠷᠡᠭᠦᠯᠦᠨ ᠭᠠᠷᠭᠠᠭ᠍ᠰᠠᠨ ᠪᠥᠭᠡᠳ ᠮᠣᠩᠭᠤᠯ ᠤᠯᠤᠰ᠎ᠤᠨ ᠰᠦᠯᠵᠢᠶᠡᠨ᠎ᠤ ᠬᠥᠭ᠌ᠵᠢᠯᠲᠡ᠎ᠶ᠋ᠢᠨ ᠬᠤᠯᠪᠣᠭ᠎ᠠ᠂ ᠨᠡᠢᠭᠡᠮ᠎ᠤᠨ ᠬᠠᠷᠢᠯᠴᠠᠭᠠᠨ᠎ᠤ ᠵᠠᠭᠤᠴᠢᠯᠠᠭᠤᠷ᠎ᠤᠨ ᠬᠥᠭ᠌ᠵᠢᠯᠲᠡ᠎ᠶ᠋ᠢᠨ ᠬᠤᠯᠪᠣᠭᠠᠨ᠎ᠤ ᠳᠣᠤᠷᠠᠬᠢ ᠲᠠᠩᠰᠠᠨ ᠨᠣᠮᠧᠷ ᠲᠠᠢ ᠬᠠᠮᠵᠢᠯᠴᠠᠨ ᠬᠦᠷᠭᠡᠬᠦ᠌᠎ᠪᠠᠷ ᠳᠠᠮᠵᠢᠭᠤᠯᠤᠨ᠂ ᠴᠢᠳᠠᠯ᠎ᠢ ᠠᠰᠢᠭᠯᠠᠨ ᠳᠠᠮᠵᠢᠭᠣᠯᠬᠣ + ᠬᠠᠮᠲᠤᠷᠠᠨ ᠳᠠᠮᠵᠢᠭᠣᠯᠬᠣ ᠪᠣᠰᠤᠭ᠎ᠠ ᠴᠣᠭ᠍ᠴᠠᠲᠤ ᠳᠠᠮᠵᠢᠭᠤᠯᠭ᠎ᠠ᠎ᠶ᠋ᠢᠨ ᠵᠠᠭ᠍ᠪᠤᠷ᠎ᠢ ᠪᠣᠶ ᠪᠣᠯᠭᠠᠪᠠ᠃ ᠬᠠᠮᠢᠶ᠎ᠠ ᠪᠦᠬᠦᠢ ᠮᠡᠳᠡᠭᠡᠯᠡᠯ ᠳᠠᠮᠵᠢᠭᠤᠯᠭ᠎ᠠ᠎ᠶᠢᠨ ᠦᠷ᠎ᠡ ᠪᠦᠲᠦᠮᠵᠢ ᠶᠡᠬᠡ ᠪᠡᠷ ᠳᠡᠭᠡᠭ᠌ᠱᠢᠯᠡᠵᠦ᠍᠂ ᠠᠭᠤᠯᠭ᠎ᠠ᠎ᠶᠢᠨ ᠶᠡᠷᠦᠩᠬᠡᠢ ᠬᠠᠢ᠌ᠯᠲᠠᠶᠢᠨ ᠬᠡᠮᠵᠢᠶ᠎ᠡ ᠮᠢᠩᠭᠠᠨ ᠲᠦᠮᠡᠨ ᠳᠡᠰᠢ᠋ ᠠᠮᠵᠢᠯᠲᠠ᠎ᠲᠠᠢ ᠳᠠᠪᠠᠵᠠᠢ᠃ ᠡᠭᠦᠨ᠎ᠦ ᠳᠣᠮᠲᠠ᠂ TV5 ᠲᠧᠯᠸᠢᠰ ᠬᠤᠷᠢᠶᠠᠨ᠎ᠤ ᠭᠠᠷᠭᠠᠭ᠍ᠰᠠᠨ ᠮᠣᠩᠭᠤᠯ ᠬᠡᠯᠡ᠎ᠪᠠᠷ ᠮᠡᠳᠡᠭᠡᠯᠡᠭ᠌ᠰᠡᠨ 《 ᠱᠢᠨ᠎ᠡ ᠴᠠᠭ ᠦᠶ᠎ᠡ᠎ᠶ᠋ᠢᠨ ᠱᠢᠨ᠎ᠡ ᠮᠠᠯᠴᠢᠨ ᠣᠶᠤᠨᠪᠢᠯᠢᠭ᠌ 》 ᠭᠡᠬᠦ᠌ ᠭᠠᠭᠴᠠ ᠬᠣᠭᠣᠳᠠᠰᠣ ᠨᠢᠭᠤᠷᠨᠣᠮᠤᠨ ᠬᠠᠢ᠌ᠯᠲᠠᠶᠢᠨ ᠬᠡᠮᠵᠢᠶ᠎ᠡ 20 ᠲᠦᠮᠡᠨ ᠤᠳᠠᠭ᠎ᠠ᠎ᠶᠢ ᠬᠡᠲᠦᠷᠴᠦ᠂ 《 ᠳᠤᠮᠳᠠᠳᠤ ᠤᠯᠤᠰ᠎ᠤᠨ ᠬᠥᠭ᠌ᠵᠢᠯᠲᠡ ᠲᠣᠯᠢ ᠪᠣᠯᠭᠠᠭᠤᠱᠢᠲᠠᠢ 》᠂ 《 ᠲᠡᠷᠢᠭᠦᠨ᠎ᠤ ᠠᠵᠤ ᠠᠬᠤᠢᠯᠠᠯ᠎ᠢ ᠬᠠᠮᠲᠤ᠎ᠪᠠᠷ ᠪᠠᠢᠭᠤᠯᠬᠤ᠎ᠶ᠋ᠢ ᠬᠦᠰᠡᠵᠦ᠍ ᠪᠠᠢᠨ᠎ᠠ 》 ᠭᠡᠬᠦ᠌ ᠵᠡᠷᠭᠡ ᠦᠭᠡ ᠦᠯᠡᠳᠡᠭᠡᠭᠰᠡᠨ᠎ᠨᠢ ᠰᠦᠯᠵᠢᠶᠡᠨ ᠢᠷᠭᠡᠳ᠎ᠤᠨ ᠠᠩᠬᠠᠷᠤᠯ᠎ᠤᠨ ᠲᠥᠪ ᠪᠣᠯᠤᠭ᠍ᠰᠠᠨ ᠪᠠᠢᠨ᠎ᠠ᠃
ᠣᠷᠣᠰ ᠤᠯᠤᠰ᠎ᠤ᠋ᠨ ᠪᠤᠷᠢᠶᠠᠳ ᠪᠦᠭᠦᠳᠡ ᠨᠠᠢᠷᠠᠮᠳᠠᠬᠤ ᠤᠯᠤᠰ᠎ᠲᠤ᠌᠂ BYRIAD UNEN ᠡᠳᠦᠷ᠎ᠦ᠋ᠨ ᠰᠣᠨᠢᠨ ᠨᠢ ᠣᠷᠣᠰ᠎ᠤ᠋ᠨ ᠬᠡᠯᠡ᠎ᠶᠢ ᠨᠡᠢᠯᠡᠭᠦᠯᠦᠭ᠌ᠰᠡᠨ ᠮᠡᠳᠡᠭᠡᠯᠡᠯ ᠪᠣᠯᠤᠨ ᠠᠯᠪᠠᠨᠤ᠋ ᠰᠦᠯᠵᠢᠶᠡᠨ᠎ᠦ᠌ ᠲᠤᠰᠭᠠᠢ ᠰᠡᠳᠦᠪ᠎ᠢᠶᠡᠷ ᠳᠠᠮᠵᠢᠭᠤᠯᠤᠨ᠂ ᠨᠠᠷᠢᠨ ᠪᠣᠳᠠᠲᠠᠢ ᠲᠣᠭ᠎ᠠ ᠪᠠᠷᠢᠮᠲᠠ ᠪᠠ ᠰᠢᠨ᠎ᠡ ᠰᠣᠷᠭᠣᠭ ᠬᠡᠷᠡᠭ᠎ᠦ᠋ᠨ ᠵᠢᠱ᠌ᠢᠶ᠎ᠡ᠎ᠪᠡᠷ ᠳᠤᠮᠳᠠᠳᠤ ᠤᠯᠤᠰ᠎ᠤ᠋ᠨ ᠰᠢᠨ᠎ᠡ ᠶᠡᠰᠦ ᠴᠢᠨᠠᠷ ᠤᠨ ᠦᠢᠯᠡᠳᠪᠦᠷᠢᠯᠡᠯ᠎ᠦ᠋ᠨ ᠬᠦᠴᠦᠨ᠎ᠦ᠌ ᠬᠥᠭ᠌ᠵᠢᠯᠲᠡ᠎ᠶᠢᠨ ᠦᠷ᠎ᠡ ᠪᠦᠲᠦᠮᠵᠢ᠎ᠶᠢ ᠢᠯᠡᠷᠡᠭᠦᠯᠵᠦ᠍ ᠂ ᠲᠤᠬᠠᠢ᠎ᠶᠢᠨ ᠭᠠᠵᠠᠷ᠎ᠤ᠋ᠨ ᠰᠤᠳᠤᠯᠤᠯ᠎ᠤ᠋ᠨ ᠬᠢᠨ᠂ ᠵᠠᠭᠤᠴᠢᠯᠠᠭᠤᠷ᠎ᠤ᠋ᠨ ᠬᠢᠨ ᠥᠷᠭᠡᠨ᠎ᠢᠶᠡᠷ ᠰᠠᠢᠨ ᠦᠨᠡᠯᠡᠯᠲᠡ᠎ᠶᠢ ᠪᠣᠢ ᠪᠣᠯᠭᠠᠵᠤ ᠂ ᠡᠯ᠎ᠡ ᠲᠠᠯ᠎ᠠ᠎ᠶᠢᠨ ᠬᠢᠨ ᠠᠭᠤᠯᠭ᠎ᠠ᠎ᠶᠢ ᠬᠠᠮᠲᠤ᠎ᠪᠠᠷ ᠪᠠᠢᠭᠤᠯᠬᠤ᠂ ᠡᠷᠳᠡᠮ ᠰᠢᠨᠵᠢᠯᠡᠭᠡᠨ᠎ᠦ᠌ ᠰᠣᠯᠢᠯᠴᠠᠭ᠎ᠠ᠂ ᠠᠵᠢᠯᠲᠠᠨᠤ᠋ ᠬᠠᠷᠢᠯᠴᠠᠨ ᠰᠣᠷᠪᠣᠯᠵᠢᠯᠠᠬᠣ ᠵᠡᠷᠭᠡ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠂ ᠪᠣᠯᠪᠠᠰᠤᠨ᠎ᠤ᠋ ᠬᠠᠷᠢᠯᠴᠠᠨ ᠲᠣᠯᠢᠯᠠᠬᠤ ᠬᠥᠭᠥᠷᠭᠡ᠎ᠶᠢ ᠭᠠᠷ ᠬᠣᠯᠪᠣᠨ ᠪᠠᠢᠭᠤᠯᠬᠤ ᠶᠢ ᠲᠣᠳᠣᠷᠬᠠᠢ ᠳᠣᠷᠠᠳᠪᠠ᠃
ᠤᠯᠤᠰ᠎ᠤᠨ ᠳᠣᠲᠣᠭᠠᠳᠤ᠎ᠶ᠋ᠢᠨ ᠵᠠᠭᠤᠴᠢᠯᠠᠭᠤᠷ᠎ᠤᠨ ᠬᠠᠮᠲᠤᠷᠠᠨ ᠳᠠᠭᠠᠵᠤ ᠤᠷᠤᠭ᠍ᠰᠢᠯᠠᠬᠤ ᠬᠠᠮᠲᠤᠷᠠᠭ᠍ᠰᠠᠨ ᠬᠦᠴᠦᠨ᠎ᠢ ᠪᠦᠷᠢᠯᠳᠦᠭᠦᠯᠪᠡ᠃ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠣᠯᠠᠨ ᠤᠯᠤᠰ᠎ᠤᠨ ᠰᠦᠯᠵᠢᠶᠡᠨ ᠳᠡᠭᠡᠷ᠎ᠡ 《 ᠣᠷᠳᠣᠰ᠄ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ ᠨᠢ ᠪᠣᠬᠢᠷᠲᠤᠯ ᠥᠬᠡᠶ ᠠᠵᠤ ᠦᠢᠯᠡᠳᠪᠦᠷᠢ᠎ᠶ᠋ᠢᠨ ᠱᠢᠨ᠎ᠡ ᠬᠥᠭ᠌ᠵᠢᠯᠲᠡ᠎ᠶ᠋ᠢ ᠠᠬᠢᠭᠤᠯᠬᠤ 》 ᠵᠡᠷᠭᠡ ᠭᠦᠨᠵᠡᠭᠡᠶ ᠮᠡᠳᠡᠭᠡᠯᠡᠯ ᠭᠠᠷᠭᠠᠵᠤ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠰᠣᠯᠣᠩᠭ᠎ᠠ ᠰᠣᠨᠢᠨ ᠮᠡᠳᠡᠭᠡᠨ᠎ᠤ ᠲᠥᠪ 10 ᠭᠠᠷᠤᠶ ᠵᠤᠷᠪᠤᠰ ᠬᠠᠮᠢᠶ᠎ᠠ ᠪᠥᠬᠦᠶ ᠡᠬᠡ ᠪᠢᠴᠢᠭ ᠨᠡᠢᠲᠡᠯᠡᠵᠦ᠍᠂ ᠣᠯᠠᠨ ᠲᠠᠯ᠎ᠠ᠎ᠪᠠᠷ ᠬᠤᠯᠪᠣᠭᠠᠯᠠᠨ ᠬᠥᠳᠡᠯᠦᠯᠴᠡᠵᠦ᠍ ᠰᠤᠷᠪᠤᠯᠵᠢᠯᠠᠭ᠎ᠠ ᠬᠢᠭ᠌ᠰᠡᠨ ᠦᠷ᠎ᠡ ᠪᠦᠲᠦᠭᠡᠯ᠎ᠤᠨ ᠦᠷᠭᠦᠯᠵᠢᠯᠡᠨ ᠳᠡᠯᠭᠡᠷᠡᠬᠦ᠌᠎ᠶ᠋ᠢ ᠠᠬᠢᠭᠤᠯᠵᠤ᠂ ᠥᠪᠥᠷ ᠮᠣᠩᠭᠤᠯ᠎ᠤᠨ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠤᠨ ᠣᠢᠯᠠᠭᠠᠬᠤ ᠬᠡᠮᠵᠢᠶ᠎ᠡ ᠬᠢᠭᠡᠳ ᠨᠥᠯᠥᠭᠡᠯᠡᠬᠦ᠌ ᠬᠦᠴᠦᠨ᠎ᠢ ᠪᠦᠲᠦᠮᠵᠢᠲᠡᠶ ᠳᠡᠭᠡᠭ᠌ᠰᠢᠯᠡᠭᠦᠯᠪᠡ᠃
ᠳᠥᠷᠪᠡ᠂ ᠬᠠᠮᠲᠤᠷᠠᠭ᠍ᠰᠠᠨ ᠰᠤᠷᠪᠤᠯᠵᠢᠯᠠᠭ᠎ᠠ᠎ᠶ᠋ᠢᠨ ᠬᠡᠳᠦᠨ ᠲᠠᠯ᠎ᠠ᠎ᠶ᠋ᠢᠨ ᠠᠵᠢᠭ᠍ᠯᠠᠯᠲᠠ
ᠪᠦᠬᠦᠯᠢ ᠴᠣᠭ᠍ᠴᠠ᠎ᠶ᠋ᠢᠨ ᠠᠵᠢᠯᠯᠠᠭᠠᠨ᠎ᠤ ᠪᠠᠢᠳᠠᠯ᠎ᠠᠴᠠ ᠦᠵᠡᠪᠡᠯ᠂ ᠲᠣᠰ ᠤᠳᠠᠭᠠᠨ᠎ᠤ ᠳᠤᠮᠳᠠᠳᠤ ᠤᠯᠤᠰ ᠮᠣᠩᠭᠤᠯ ᠤᠯᠤᠰ ᠣᠷᠣᠰ ᠤᠯᠤᠰ᠎ᠤᠨ ᠵᠠᠭᠤᠴᠢᠯᠠᠭᠤᠷ᠎ᠤᠨ ᠬᠠᠮᠲᠤᠷᠠᠭ᠍ᠰᠠᠨ ᠰᠤᠷᠪᠤᠯᠵᠢᠯᠠᠭ᠎ᠠ᠎ᠳᠤ ᠳᠣᠤᠷᠠᠬᠢ ᠣᠨᠴᠠᠯᠢᠭ ᠢᠯᠡᠷᠡᠪᠡ᠄ ᠨᠢᠭᠡ᠎ᠳᠤ᠂ ᠭᠤᠤᠯ ᠰᠡᠳᠦᠪ᠎ᠨᠢ ᠢᠯᠡ ᠲᠣᠳᠣ ᠲᠥᠪᠯᠡᠷᠡᠩᠭᠦᠶ᠂ ᠱᠢᠨ᠎ᠡ ᠶᠠᠰᠤ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢᠶᠠᠷ ᠭᠤᠤᠯ ᠱᠤᠭᠤᠮ ᠪᠣᠯᠭᠠᠵᠤ᠂ ᠳᠥᠷᠪᠡᠨ ᠶᠡᠭᠡ ᠬᠡᠰᠡᠭ᠎ᠨᠢ ᠴᠢᠨᠠᠷ ᠰᠠᠢᠲᠠᠶ ᠬᠥᠭ᠌ᠵᠢᠯᠲᠡ᠎ᠶ᠋ᠢᠨ ᠠᠷᠭ᠎ᠠ ᠵᠠᠮ᠎ᠢ ᠲᠣᠳᠣᠷᠬᠠᠶ ᠵᠢᠷᠤᠭ᠍ᠯᠠᠵᠤ᠂ ᠬᠠᠷᠢᠴᠠᠩᠭᠤᠶ ᠲᠣᠳᠣᠷᠬᠠᠶ ᠮᠡᠳᠡᠭᠡᠯᠡᠬᠦ᠌ ᠪᠣᠷᠣ ᠲᠥᠯᠥᠪ᠎ᠢ ᠪᠣᠶ ᠪᠣᠯᠭᠠᠪᠠ᠃ ᠬᠤᠶᠠᠷ᠎ᠲᠤ᠂ ᠣᠷᠣᠯᠴᠠᠭᠰᠠᠨ ᠵᠠᠭᠤᠴᠢᠯᠠᠭᠤᠷ ᠨᠢ ᠵᠣᠬᠢᠬᠤ ᠬᠡᠮᠵᠢᠶᠡᠨ᠎ᠤ ᠣᠯᠠᠨ ᠤᠯᠤᠰ᠎ᠤᠨ ᠲᠥᠯᠥᠭᠡᠯᠡᠬᠦ᠌ ᠴᠢᠨᠠᠷᠲᠠᠶ ᠪᠠᠢᠵᠤ᠂ ᠣᠯᠠᠨ ᠬᠡᠯᠡᠨ᠎ᠦᠨ ᠲᠥᠷᠥᠯ ᠵᠤᠢ᠌ᠯᠤᠨᠮᠡᠳᠡᠭᠡᠯᠡᠯᠨᠢ ᠮᠡᠳᠡᠭᠡ ᠵᠠᠩᠭᠢ᠎ᠶ᠋ᠢᠨ ᠬᠦᠨᠳᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ ᠶᠤᠮ᠃ ᠭᠤᠷᠪᠠ᠎ᠳᠤ᠂ ᠮᠡᠳᠡᠭᠡᠯᠡᠯ᠎ᠤᠨ ᠬᠡᠯᠪᠡᠷᠢ᠎ᠨᠢ ᠣᠬᠤᠷ ᠸᠢᠳᠢᠣ᠋᠎ᠪᠠᠷ ᠭᠤᠣᠯ ᠪᠣᠯᠭᠠᠵᠤ᠂ ᠶᠠᠪᠤᠬᠤ ᠮᠠᠶᠢᠭ᠎ᠤᠨ ᠢᠯᠡᠷᠡᠭᠦᠯᠦᠯᠲᠡ ᠨᠢ ᠳᠠᠮᠵᠢᠭᠣᠯᠭ᠎ᠠ᠎ᠶᠢᠨ ᠱᠢᠭᠤᠳ ᠴᠢᠨᠠᠷ᠎ᠢ ᠴᠢᠩᠭᠠᠳᠭᠠᠪᠠ᠃ ᠳᠥᠷᠪᠡ᠎ᠳᠤ᠂ ᠳᠠᠮᠵᠢᠭᠣᠯᠬᠣ ᠠᠷᠭ᠎ᠠ ᠵᠠᠮ ᠨᠢ ᠬᠢᠯᠢ᠎ᠶ᠋ᠢᠨ ᠳᠣᠲᠣᠷ᠎ᠠ ᠭᠠᠳᠠᠨᠠᠬᠢ ᠭᠤᠤᠯ ᠤᠷᠤᠰᠭᠠᠯ᠎ᠤᠨ ᠲᠠᠪᠴᠠᠩ᠎ᠢ ᠬᠠᠮᠤᠷᠴᠤ᠌᠂ ᠣᠷᠣᠨ ᠪᠦᠰᠡ ᠠᠯᠤᠰᠯᠠᠨ ᠤᠯᠠᠮᠵᠢᠯᠠᠬᠤ ᠲᠣᠤᠷ ᠰᠦᠯᠵᠢᠶ᠎ᠡ᠎ᠶ᠋ᠢ ᠪᠣᠶ ᠪᠣᠯᠭ᠋ᠠᠪᠠ᠃ ᠲᠠᠪᠤ᠎ᠳᠤ᠂ ᠰᠣᠷᠪᠣᠯᠵᠢᠯᠠᠭᠰᠠᠨ ᠠᠭᠤᠯᠭ᠎ᠠ᠎ᠶ᠋ᠢ ᠠᠵᠤ ᠦᠢᠯᠡᠰ᠎ᠤᠨ ᠨᠢᠭᠡᠳᠦᠭᠡᠷ ᠹᠷᠣᠨᠲ᠎ᠲᠠᠢ ᠨᠢᠭ᠍ᠲᠠ ᠤᠶᠠᠯᠳᠤᠭᠤᠯᠵᠤ᠂ ᠪᠣᠬᠢᠷᠲᠤᠯ ᠦᠭᠡᠢ ᠪᠤᠳᠤᠬᠤ ᠴᠢᠳᠠᠪᠤᠷᠢ᠂ ᠳ᠋ᠢᠭᠢᠲᠴᠢᠯᠠᠭᠰᠠᠨ ᠮᠠᠯ ᠠᠵᠤ ᠠᠬᠤᠢ ᠲᠠᠷᠢᠶᠠᠯᠠᠩ ᠵᠡᠷᠭᠡ ᠪᠣᠳᠠᠲᠠᠢ ᠦᠢᠯᠡᠳᠦᠯᠭᠡ᠎ᠶ᠋ᠢ ᠲᠤᠪᠤᠢᠯᠭᠠᠪᠠ᠃ ᠵᠢᠷᠭᠤᠭ᠎ᠠ᠎ᠳᠤ᠂ ᠬᠠᠮᠲᠤᠷᠠᠨ ᠳᠠᠮᠵᠢᠭᠤᠯᠬᠤ ᠪᠠ ᠬᠠᠮᠵᠢᠯᠴᠠᠨ ᠨᠡᠢᠲᠡᠯᠡᠬᠦ᠌᠎ᠪᠠᠷ ᠳᠠᠮᠵᠢᠭᠤᠯᠤᠨ᠂ ᠭᠤᠷᠪᠠᠨ ᠤᠯᠤᠰ᠎ᠤᠨ ᠵᠠᠭᠤᠴᠢᠯᠠᠭᠤᠷ᠎ᠤᠨ ᠬᠠᠮᠲᠤᠷᠠᠯᠴᠠᠭ᠎ᠠ᠎ᠶ᠋ᠢ ᠨᠡᠩ ᠭᠦᠨ ᠳᠡᠰ ᠳᠠᠪᠬᠤᠷᠭ᠎ᠠ ᠲᠡᠢ᠌ᠰᠢ ᠤᠷᠲᠤᠳᠭᠠᠬᠤ᠎ᠶ᠋ᠢ ᠲᠦᠯᠬᠢᠨ ᠠᠬᠢᠭᠣᠯᠪᠠ᠃
ᠲᠠᠯ᠎ᠠ ᠨᠤᠲᠤᠭ᠎ᠤ᠋ᠨ ᠮᠠᠯᠵᠢᠯ᠎ᠤ᠋ᠨ ᠲᠠᠯᠠᠪᠠᠢ᠎ᠶᠢᠨ ᠲᠣᠭ᠎ᠠ ᠪᠠᠷᠢᠮᠲᠠ᠎ᠶᠢᠨ ᠰᠢᠨᠡᠴᠢᠯᠡᠯᠲᠡ᠎ᠡᠴᠡ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠎ᠤ᠋ᠨ ᠪᠣᠬᠢᠷᠳᠣᠯ ᠦᠭᠡᠢ ᠴᠠᠬᠢᠯᠭᠠᠨ᠎ᠤ᠋ ᠬᠡᠯᠪᠡᠷᠢ᠎ᠶᠢᠨ ᠬᠤᠪᠢᠷᠠᠭᠤᠯᠤᠯᠲᠠ ᠬᠦᠷᠲᠡᠯ᠎ᠡ᠂ ᠡᠨᠡ ᠤᠳᠠᠭ᠋ᠠᠨ᠎ᠤ ᠳᠤᠮᠳᠠᠳᠤ ᠤᠯᠤᠰ ᠮᠣᠩᠭᠣᠯ ᠤᠯᠤᠰ ᠣᠷᠣᠰ ᠤᠯᠤᠰ᠎ᠤ᠋ᠨ ᠵᠠᠭᠤᠴᠢᠯᠠᠭᠤᠷ᠎ᠤ᠋ᠨ ᠬᠠᠮᠲᠤᠷᠠᠭ᠍ᠰᠠᠨ ᠰᠤᠷᠪᠤᠯᠵᠢᠯᠠᠭ᠎ᠠ ᠨᠢ ᠥᠪᠥᠷ ᠮᠣᠩᠭᠣᠯ᠎ᠤ᠋ᠨ ᠰᠢᠨ᠎ᠡ ᠶᠠᠰᠦ ᠴᠢᠨᠠᠷ ᠤᠨ ᠠᠵᠦ ᠦᠢᠯᠡᠳᠪᠦᠷᠢᠯᠡᠯ᠎ᠦ᠋ᠨ ᠬᠦᠴᠦᠨ᠎ᠦ᠌ ᠬᠥᠭ᠌ᠵᠢᠯᠲᠡ᠎ᠶᠢᠨ ᠡᠯᠪᠡᠭ ᠦᠷ᠎ᠡ ᠪᠦᠲᠦᠭᠡᠯ᠎ᠢ᠋ ᠪᠦᠬᠦ᠌ ᠲᠠᠯ᠎ᠠ᠎ᠪᠠᠷ ᠳᠡᠯᠭᠡᠨ ᠦᠵᠡᠭᠦᠯᠦᠭ᠌ᠰᠡᠨ᠎ᠢᠶᠠᠷ ᠪᠠᠷᠠᠬᠤ ᠦᠭᠡᠢ ᠂ ᠨᠡᠩ ᠴᠤ᠌ ᠵᠠᠭᠤᠴᠢᠯᠠᠭᠤᠷ᠎ᠤ᠋ᠨ ᠬᠦᠴᠦᠨ᠎ᠢᠶᠠᠷ ᠭᠤᠷᠪᠠᠨ ᠤᠯᠤᠰ᠎ᠤ᠋ᠨ ᠪᠣᠯᠪᠠᠰᠤᠨ᠎ᠢ ᠬᠠᠷᠢᠯᠴᠠᠨ ᠲᠣᠯᠢ ᠪᠣᠯᠭᠠᠬᠤ ᠬᠥᠭᠥᠷᠭᠡ᠎ᠶᠢ ᠪᠠᠢ᠌ᠭᠣᠯᠵᠠᠢ᠃ ᠤᠮᠠᠷᠠᠰᠢ ᠨᠡᠭᠡᠭᠡᠯᠲᠡ ᠬᠢᠬᠦ᠌ ᠴᠢᠬᠤᠯᠠ ᠬᠦᠭᠦᠷᠭᠡᠨ ᠪᠠᠬᠢᠯᠡᠯᠲᠡ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠤᠯ ᠶᠠᠭ ᠱᠢᠨ᠎ᠡ᠎ᠶ᠋ᠢ ᠡᠭᠦᠳᠬᠦ᠌᠎ᠪᠠᠷ ᠬᠥᠳᠡᠯᠭᠡᠭᠦᠷ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠯᠠᠪᠳᠠᠭᠤᠨ᠎ᠢᠶᠠᠷ ᠤᠷᠤᠭ᠍ᠰᠢᠯᠠᠵᠤ᠂ ᠳᠤᠮᠳᠠᠳᠤ ᠤᠯᠤᠰ ᠮᠣᠩᠭᠤᠯ ᠤᠯᠤᠰ ᠣᠷᠣᠰ ᠤᠯᠤᠰ᠎ᠤᠨ ᠠᠵᠤ ᠠᠬᠤᠶ᠎ᠶ᠋ᠢᠨ ᠬᠤᠩᠭᠢᠯ᠎ᠤᠨ ᠪᠥᠲᠥᠭᠡᠨ ᠪᠠᠢᠭᠤᠯᠤᠯᠲᠠ᠎ᠳᠤ ᠦᠷᠭᠦᠯᠵᠢᠯᠡᠨ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ᠎ᠪᠡᠷ ᠪᠠᠢ᠌ᠨ᠎ᠠ᠃