2025 ᠣᠨ᠎ᠤ 10 ᠳ᠋ᠤᠭ᠋ᠠᠷ ᠰᠠᠷ᠎ᠠ᠎ᠳᠤ᠂ ᠪᠥᠬᠦ᠌ ᠤᠯᠤᠰ᠎ᠤᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ ) ᠰᠡᠭᠦᠳᠡᠷᠯᠡᠨ ᠦᠢ᠍ᠯᠡᠳᠬᠦ᠎ᠶᠢᠨ ᠳᠠᠩᠰᠠᠯᠠᠯ᠎ᠤᠨ ᠵᠠᠷᠯᠠᠯ᠎ᠤᠨ ᠵᠦᠴᠦᠭᠡ᠎ᠶᠢᠨ ᠭᠠᠷᠴᠠᠭ143 ᠪᠦᠯᠦᠭ ᠪᠣᠢ᠃ ᠡᠭᠦᠨ᠎ᠳᠤ᠂ ᠪᠣᠳᠠᠲᠤ ᠠᠬᠤᠶ᠎ᠶ᠋ᠢᠨ ᠰᠡᠳᠦᠪᠲᠦ ᠲᠧᠯᠸᠢᠰ ᠵᠦᠴᠦᠭᠡ( ᠰᠦᠯᠵᠢᠶᠡᠨ᠎ᠤ ᠵᠦᠴᠦᠭᠡ ) 87ᠪᠦᠯᠦᠭ ᠪᠠᠢ᠌ᠵᠤ ( ᠲᠣᠰ ᠦᠶ᠎ᠡ᠎ᠶ᠋ᠢᠨ ᠰᠡᠳᠦᠪ᠎ᠤᠨ 85ᠪᠦᠯᠦᠭ ᠂ ᠣᠲᠣ ᠦᠶ᠎ᠡ᠎ᠶ᠋ᠢᠨ ᠰᠡᠳᠦᠪ᠎ᠤᠨ 2ᠪᠦᠯᠦᠭ ᠢ ᠪᠠᠭᠲᠠᠭ᠋ᠠᠨ᠎ᠠ ) ᠂ 10 ᠳ᠋ᠤᠭᠠᠷ ᠰᠠᠷ᠎ᠠ᠎ᠶ᠋ᠢᠨ ᠶᠡᠷᠦᠩᠬᠡᠶ ᠳᠠᠩᠰᠠᠯᠠᠭᠤᠯᠤᠭ᠍ᠰᠠᠨ ᠲᠤᠭ᠎ᠠ᠎ᠶ᠋ᠢᠨ ᠡᠵᠡᠯᠡᠬᠦ᠌ ᠬᠤᠪᠢ᠎ᠶ᠋ᠢᠨ ᠵᠢᠩ᠎ᠨᠢ ᠪᠠᠷᠤᠭ 60.84% ᠪᠣᠯᠤᠨ᠎ᠠ᠃
ᠣᠢᠷ᠎ᠠ᠎ᠳᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠡᠴᠡ 《 2025 ᠣᠨ᠎ᠤ 10 ᠳ᠋ᠤᠭ᠋ᠠᠷ ᠰᠠᠷ᠎ᠠ᠎ᠶᠢᠨ ᠪᠥᠬᠦ᠌ ᠤᠯᠤᠰ᠎ᠤᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ )᠎ᠢ ᠰᠡᠭᠦᠳᠡᠷᠯᠡᠨ ᠦᠢ᠍ᠯᠡᠳᠬᠦ᠎ᠶᠢᠨ ᠳᠠᠩᠰᠠᠯᠠᠯ᠎ᠤᠨ ᠵᠠᠷᠯᠠᠯ᠎ᠤᠨ ᠲᠤᠬᠠᠶ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠮᠡᠳᠡᠭ᠌ᠳᠡᠯ》 ( ᠳᠣᠷᠣᠭ᠍ᠰᠢ 《 ᠮᠡᠳᠡᠭ᠌ᠳᠡᠯ 》 ᠭᠡᠵᠦ᠍ ᠲᠣᠪᠴᠢᠯᠠᠨ᠎ᠠ )᠎ᠢ ᠨᠡᠢᠲᠡᠯᠡᠪᠡ᠃
《 ᠮᠡᠳᠡᠭ᠌ᠳᠡᠯ 》᠎ᠳᠤ ᠢᠯᠡᠷᠡᠭᠦᠯᠦᠭ᠌ᠰᠡᠨ᠎ᠢᠶᠠᠷ᠂ 2025 ᠣᠨ᠎ᠤ 10 ᠳ᠋ᠤᠭ᠋ᠠᠷ ᠰᠠᠷ᠎ᠠ᠎ᠳᠤ᠂ ᠪᠥᠬᠦ᠌ ᠤᠯᠤᠰ᠎ᠤᠨ ᠲᠧᠯᠸᠢᠰ ᠵᠦᠴᠦᠭᠡ ( ᠰᠦᠯᠵᠢᠶᠡᠨ᠎ᠤ ᠵᠦᠴᠦᠭᠡ ) ᠰᠡᠭᠦᠳᠡᠷᠯᠡᠨ ᠦᠢ᠍ᠯᠡᠳᠬᠦ᠎ᠶᠢᠨ ᠳᠠᠩᠰᠠᠯᠠᠯ᠎ᠤᠨ ᠵᠠᠷᠯᠠᠯ᠎ᠤᠨ ᠵᠦᠴᠦᠭᠡ ᠶᠢᠨ ᠭᠠᠷᠴᠠᠭ143 ᠪᠦᠯᠦᠭ ᠪᠣᠢ᠃ ᠡᠭᠦᠨ᠎ᠳᠤ᠂ ᠡᠩ᠎ᠤᠨ ᠵᠦᠴᠦᠭᠡ᠎ᠶ᠋ᠢᠨ ᠴᠤᠭ᠍ᠯᠠᠷᠠᠯ 49 ᠪᠦᠯᠦᠭ ᠪᠠᠢᠵᠤ᠂ ᠡᠵᠡᠯᠡᠬᠦ ᠬᠠᠷᠢᠴᠠᠯ ᠨᠢ 34.27% ᠪᠣᠯᠣᠨ᠎ᠠ; ᠳᠣᠮᠳᠠ ᠤᠷᠲᠤ ᠵᠦᠴᠦᠭᠡ 9 ᠪᠦᠯᠦᠭ ᠪᠠᠢᠵᠤ᠂ ᠡᠵᠡᠯᠡᠬᠦ ᠬᠠᠷᠢᠴᠠᠯ ᠨᠢ 6.29% ᠪᠣᠯᠣᠨ᠎ᠠ; ᠣᠬᠤᠷ ᠵᠦᠴᠦᠭᠡ 20 ᠪᠦᠯᠦᠭ ᠪᠠᠢᠵᠤ᠂ ᠡᠵᠡᠯᠡᠬᠦ ᠬᠠᠷᠢᠴᠠᠯ ᠨᠢ13.99% ᠪᠣᠯᠣᠨ᠎ᠠ; ᠤᠯᠠᠷᠢᠯ᠎ᠢᠶᠠᠷ ᠨᠡᠪᠲᠡᠷᠡᠭᠦᠯᠬᠦ ᠵᠦᠴᠦᠭᠡ 4 ᠪᠦᠯᠦᠭ ᠪᠠᠢᠵᠤ᠂ ᠡᠵᠡᠯᠡᠬᠦ ᠬᠠᠷᠢᠴᠠᠯ ᠨᠢ 2.8% ᠪᠣᠯᠣᠨ᠎ᠠ; ᠰᠦᠯᠵᠢᠶᠡᠨ᠎ᠤ ᠦᠯᠢᠭᠡᠷᠲᠦ ᠺᠢᠨᠣ᠋ 61 ᠪᠦᠯᠦᠭ ᠪᠠᠢᠵᠤ᠂ ᠡᠵᠡᠯᠡᠬᠦ ᠬᠠᠷᠢᠴᠠᠯ ᠨᠢ 42.66% ᠪᠣᠯᠣᠨ᠎ᠠ᠃
ᠰᠡᠳᠦᠪ᠎ᠢᠶᠠᠷ᠎ᠨᠢ ᠬᠤᠪᠢᠶᠠᠪᠠᠯ᠂ ᠲᠣᠰ ᠦᠶ᠎ᠡ᠎ᠶ᠋ᠢᠨ ᠰᠡᠳᠦᠪ᠎ᠤᠨ 85 ᠪᠦᠯᠦᠭ ᠪᠠᠢᠵᠤ᠂ ᠡᠵᠡᠯᠡᠬᠦ ᠬᠠᠷᠢᠴᠠᠯ ᠨᠢ 59.44% ᠪᠣᠯᠣᠨ᠎ᠠ; ᠣᠲᠣ ᠦᠶ᠎ᠡ᠎ᠶ᠋ᠢᠨ ᠰᠡᠳᠦᠪ᠎ᠤᠨ 2 ᠪᠦᠯᠦᠭ ᠪᠠᠢᠵᠤ᠂ ᠡᠵᠡᠯᠡᠬᠦ᠌ ᠬᠠᠷᠢᠴᠠᠯ᠎ᠨᠢ 1.40% ᠪᠣᠯᠣᠨ᠎ᠠ; ᠣᠷᠴᠢᠨ ᠦᠶ᠎ᠡ᠎ᠶ᠋ᠢᠨ ᠰᠡᠳᠦᠪ 17᠎ᠤᠨ ᠪᠦᠯᠦᠭ ᠪᠠᠢᠵᠤ᠂ ᠡᠵᠡᠯᠡᠬᠦ ᠬᠠᠷᠢᠴᠠᠯ ᠨᠢ 11.89% ᠪᠣᠯᠣᠨ᠎ᠠ; ᠡᠷᠲᠡᠨ᠎ᠤ ᠦᠶ᠎ᠡ᠎ᠶ᠋ᠢᠨ ᠰᠡᠳᠦᠪ᠎ᠤᠨ 39 ᠪᠦᠯᠦᠭ ᠪᠠᠢᠵᠤ᠂ ᠡᠵᠡᠯᠡᠬᠦ ᠬᠠᠷᠢᠴᠠᠯ ᠨᠢ 27.27% ᠪᠣᠯᠣᠨ᠎ᠠ; ᠪᠤᠳᠠᠲᠤ ᠠᠬᠣᠢ ᠰᠡᠳᠦᠪ ᠤᠨ ᠡᠵᠡᠯᠡᠬᠦ ᠬᠠᠷᠢᠴᠠᠯ ᠨᠢ 60.84% ᠪᠣᠯᠣᠨ᠎ᠠ᠃