ᠬᠡᠨ ᠲᠡᠷᠢᠭᠦᠨ᠎ᠤ ᠮᠡᠷᠭᠡᠵᠢᠯ᠎ᠢ ᠡᠵᠡᠮᠰᠢᠪᠡᠯ᠂ ᠬᠡᠨ ᠪᠦᠬᠦ ᠪᠥᠮᠪᠥᠷᠴᠡᠭ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠭᠣᠣᠯᠯᠠᠨ ᠣᠳᠣᠷᠢᠳᠣᠨ᠎ᠠ ᠃ ᠳᠣᠮᠳᠠᠳᠤ ᠣᠯᠣᠰ᠎ᠤᠨ ᠬᠡᠲᠦ ᠶᠡᠬᠡ ᠵᠠᠬ᠎ᠠ ᠳᠡᠯᠭᠡᠭᠦᠷ᠎ᠤᠨ ᠬᠡᠪᠴᠢᠶ᠎ᠡ ᠪᠣᠯᠤᠨ ᠡᠯᠪᠡᠭ ᠪᠠᠶᠠᠯᠢᠭ ᠬᠡᠷᠡᠭᠯᠡᠭᠡᠨ᠎ᠤ ᠦᠵᠡᠭᠳᠡᠯ᠎ᠨᠢ ᠪᠦᠬᠦ ᠪᠦᠮᠪᠦᠷᠴᠡᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠰᠣᠶᠣᠯ᠎ᠤᠨ ᠰᠢᠨ᠎ᠡ ᠵᠢ ᠡᠭᠦᠳᠬᠦ ᠴᠢᠬᠤᠯᠠ ᠶᠡᠬᠡ ᠵᠠᠬ᠎ᠠ ᠳᠡᠯᠭᠡᠭᠦᠷ ᠪᠣᠯᠣᠭᠰᠠᠨ ᠪᠠᠢ᠌ᠨ᠎ᠠ ᠃ ᠢᠨᠲᠸᠷ ᠰᠦᠯᠵᠢᠶᠡᠨ᠎ᠤ ᠠᠩᠬᠠᠨ᠎ᠤ ᠦᠶ᠎ᠡ ᠵᠢᠨ ᠰᠦᠯᠵᠢᠶᠡᠨ᠎ᠤ ᠣᠳᠬ᠎ᠠ ᠵᠣᠬᠢᠶᠠᠯ᠂ ᠰᠢᠯᠵᠢᠮᠡᠯ ᠢᠨᠲᠸᠷ ᠰᠦᠯᠵᠢᠶᠡᠨ᠎ᠤ ᠴᠠᠭ ᠦᠶ᠎ᠡ ᠵᠢᠨ ᠰᠦᠯᠵᠢᠶᠡᠨ᠎ᠤ ᠲᠣᠭᠯᠠᠭ᠋ᠠᠮ᠎ᠠᠴᠠ ᠣᠳᠣ ᠵᠢᠨ ᠰᠦᠯᠵᠢᠶᠡᠨ᠎ᠤ ᠪᠢᠴᠢᠯ ᠣᠬᠣᠷ ᠵᠦᠴᠦᠭᠡ ᠬᠦᠷᠲᠡᠯ᠎ᠡ᠂ ᠳᠤᠮᠳᠠᠳᠤ ᠤᠯᠤᠰ᠎ᠤᠨ ᠢᠨᠲ᠋ᠧᠷ ᠰᠦᠯᠵᠢᠶᠡᠨ᠎ᠤ ᠠᠵᠤ ᠠᠬᠤᠢ᠍ᠯᠠᠯ ᠲᠣᠭ᠋ᠠᠴᠢᠯᠠᠭᠰᠠᠨ ᠰᠢᠯᠵᠢᠮᠡᠯ ᠠᠵᠠ ᠲᠣᠬᠢᠶᠠᠯ᠎ᠢ ᠡᠵᠡᠮᠳᠡᠵᠦ᠂ ᠡᠩ ᠲᠡᠷᠢᠭᠦᠨ᠎ᠳᠤ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠲᠤ ᠣᠷᠣᠵᠤ᠂ ᠳᠤᠮᠳᠠᠳᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠢᠷᠠᠭᠤ ᠰᠠᠢ᠌ᠬᠠᠨ ᠨᠡᠷ᠎ᠡ ᠵᠢᠨ ᠬᠠᠭᠤᠳᠠᠰᠤ ᠪᠣᠯᠤᠭᠰᠠᠨ ᠪᠠᠢ᠌ᠨ᠎ᠠ ᠃ ᠰᠢᠨ᠎ᠡ ᠨᠢᠭᠡ ᠡᠭᠡᠯᠵᠢ ᠵᠢᠨ ᠲᠣᠭ᠋ᠠᠴᠢᠯᠠᠯᠲᠠ ᠣᠶᠣᠨᠴᠢᠯᠠᠯᠲᠠ ᠵᠢᠨ ᠳᠠᠪᠠᠯᠭ᠋ᠠᠨ ᠳᠣᠣᠷ᠎ᠠ᠂ ᠳᠤᠮᠳᠠᠳᠤ ᠤᠯᠤᠰ ᠬᠡᠳᠦ ᠥᠨᠳᠥᠷ ᠲᠣᠩᠭ᠋ᠠᠯᠠᠭ ᠂ ᠶᠡᠬᠡ ᠣᠷᠣᠨ ᠵᠠᠢ᠎ᠳᠤ ᠰᠣᠭᠲᠣᠭᠣᠷᠠᠮᠠᠯ ᠮᠠᠶᠢᠭ᠎ᠤᠨ ᠦᠵᠡᠵᠦ ᠰᠣᠨᠣᠰᠬᠤ ᠂ ᠵᠣᠬᠢᠶᠠᠮᠠᠯ ᠣᠶᠤᠨ ᠴᠢᠳᠠᠪᠤᠷᠢ ᠵᠢᠨ ᠲᠤᠮᠤ ᠵᠠᠭᠪᠤᠷ᠎ᠤᠨ ᠦᠢ᠍ᠯᠡᠴᠢᠯᠡᠭᠡ ᠵᠡᠷᠭᠡ ᠲᠠᠯ᠎ᠠ᠎ᠪᠠᠷ ᠪᠦᠬᠦ ᠪᠥᠮᠪᠥᠷᠴᠡᠭ᠎ᠤᠨ ᠨᠢᠭᠡᠳᠦᠭᠡᠷ ᠵᠢᠭᠰᠠᠭ᠋ᠠᠯ᠎ᠳᠤ ᠣᠷᠣᠵᠤ᠂ ᠰᠣᠶᠣᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ ᠲᠠᠰᠤᠷᠠᠯᠲᠠ ᠦᠭᠡᠢ ᠢᠯᠡᠷᠡᠵᠦ ᠢᠯᠡᠷᠡᠨ᠂ ᠳᠤᠮᠳᠠᠳᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ᠎ᠳᠤ ᠰᠢᠨ᠎ᠡ ᠣᠷᠣᠯᠳᠣᠭ᠋ᠠᠨ᠎ᠤ ᠵᠠᠮ᠎ᠢ ᠨᠡᠭᠡᠭᠡᠨ ᠦᠭᠴᠦ ᠂ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠤᠨ ᠰᠢᠨ᠎ᠡ ᠪᠠᠢ᠌ᠳᠠᠯ᠎ᠢ ᠨᠡᠭᠡᠭᠡᠬᠦ ᠪᠣᠯᠤᠨ᠎ᠠ ᠃
ᠨᠢᠭᠡ᠂ ᠲᠣᠭ᠋ᠠᠴᠢᠯᠠᠭᠰᠠᠨ ᠰᠢᠯᠵᠢᠮᠡᠯᠵᠢᠭᠰᠡᠨ ᠬᠥᠭᠵᠢᠯᠲᠡ ᠵᠢᠨ ᠠᠵᠠ ᠲᠣᠬᠢᠶᠠᠯ᠎ᠢ ᠡᠵᠡᠮᠳᠡᠵᠦ ᠂ ᠰᠣᠶᠣᠯ᠎ᠢ ᠭᠠᠳᠠᠭ᠋ᠠᠳᠣ᠎ᠳᠤ ᠭᠠᠷᠭ᠋ᠠᠬᠤ ᠭᠤᠷᠪᠠᠨ ᠵᠦᠢ᠍ᠯ᠎ᠤᠨ ᠰᠢᠨ᠎ᠡ ᠦᠢ᠍ᠯᠡᠴᠢᠯᠡᠭᠡ᠎ᠪᠠᠷ ᠪᠦᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠢ ᠨᠡᠬᠡᠭᠡᠪᠡ
ᠳᠣᠮᠳᠠᠳᠤ ᠣᠯᠣᠰ᠎ᠤᠨ ᠰᠦᠯᠵᠢᠶᠡᠨ᠎ᠤ ᠤᠳᠬ᠎ᠠ ᠵᠣᠬᠢᠶᠠᠯ ᠬᠦᠷᠢᠶᠡᠯᠡᠭᠳᠡᠬᠦ᠎ᠠᠴᠠ ᠡᠮᠦᠨ᠎ᠡ᠂ ᠭᠠᠳᠠᠭ᠋ᠠᠳᠤ᠎ᠳᠤ ᠬᠡᠯᠪᠡᠷᠢᠵᠢᠭᠰᠡᠨ ᠰᠦᠯᠵᠢᠶᠡᠨ᠎ᠤ ᠤᠳᠬ᠎ᠠ ᠵᠣᠬᠢᠶᠠᠯ᠎ᠤᠨ ᠠᠮᠢ ᠠᠬᠤᠢ ᠭᠡᠵᠦ ᠪᠠᠢ᠌ᠭᠰᠠᠨ ᠦᠭᠡᠢ ᠃ ᠣᠷᠢᠳ ᠵᠶ᠋ᠠᠷ ᠬᠦᠭᠵᠢᠭᠰᠡᠨ ᠲᠠᠪᠠᠭᠣᠯᠢᠭ ᠲᠠᠯ᠎ᠠ᠎ᠠᠴᠠ ᠪᠤᠯᠵᠤ ᠂ ᠳᠣᠮᠲᠠᠲᠤ ᠤᠯᠤᠰ᠎ᠤᠨ ᠰᠣᠢ᠍ᠯᠵᠢᠶᠠᠨᠤ ᠣᠣᠠᠬ᠎ᠠ ᠵᠣᠭᠢᠶᠡᠯ ᠬᠠᠮᠤᠭ᠎ᠤᠨ ᠲᠦᠷᠦᠭᠦᠨ᠎ᠳᠤ ᠭᠠᠳᠠᠭ᠋ᠠᠳᠤ᠎ᠳᠤ ᠭᠠᠷᠴᠤ ᠂ ᠲᠠᠯᠠᠭᠡᠢ ᠵᠢᠨ ᠵᠠᠬ᠎ᠠ ᠲᠠᠯᠭᠡᠭᠦᠷᠢ ᠲᠦᠷᠭᠡᠨ ᠡᠵᠡᠯᠡᠭᠰᠡᠨ ᠪᠦᠭᠡᠳ ᠳᠡᠭᠡᠲᠤ ᠬᠣᠷᠳᠣᠴᠠ᠎ᠪᠠᠷ ᠨᠡᠮᠡᠭᠳᠡᠬᠦ ᠪᠠᠢ᠌ᠳᠠᠯ ᠵᠶ᠋ᠠᠨ ᠪᠠᠲᠤᠯᠠᠪᠠ᠃ 2024 ᠣᠨ᠎ᠳᠤ᠂ ᠳᠤᠮᠳᠠᠳᠤ ᠤᠯᠤᠰ᠎ᠤᠨ ᠰᠦᠯᠵᠢᠶᠡᠨ᠎ᠤ ᠭᠠᠳᠠᠭ᠋ᠠᠳᠤ᠎ᠳᠤ ᠭᠠᠷᠭ᠋ᠠᠭᠰᠠᠨ ᠪᠦᠲᠦᠭᠡᠯ᠎ᠤᠨ ᠶᠡᠷᠦᠩᠬᠡᠢ ᠬᠡᠮᠵᠢᠶ᠎ᠡ ᠨᠢ 80 ᠲᠦᠮᠡ ᠵᠢ ᠳᠠᠪᠠᠵᠤ ᠂ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠬᠡᠪᠴᠢᠶ᠎ᠡ 50.7 ᠳ᠋ᠦᠩᠰᠢᠭᠤᠷ ᠲᠥᠭᠦᠷᠢᠭ᠎ᠲᠤ ᠬᠦᠷᠴᠦ ᠂ ᠳᠤᠮᠳᠠᠳᠤ ᠤᠯᠤᠰ᠎ᠤᠨ ᠰᠦᠯᠵᠢᠶᠡᠨ᠎ᠤ ᠭᠡᠷ᠎ᠡ ᠲᠣᠭᠲᠠᠭᠰᠠᠨ ᠭᠠᠳᠠᠭ᠋ᠠᠳᠤ ᠳᠠᠬᠢ ᠬᠡᠪᠯᠡᠯ᠎ᠤᠨ ᠡᠷᠬᠡ ᠣᠯᠭᠣᠭᠰᠠᠨ ᠪᠢᠴᠢᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 80%᠎ᠪᠠᠷ ᠨᠡᠮᠡᠭᠳᠡᠵᠦ᠂ ᠭᠠᠳᠠᠭ᠋ᠠᠳᠤ ᠳᠠᠬᠢ ᠬᠡᠪᠯᠡᠯ᠎ᠤᠨ ᠡᠷᠬᠡ ᠣᠯᠭᠤᠭᠰᠠᠨ ᠵᠣᠭᠤᠰ᠎ᠤᠨ ᠲᠤᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 200%᠎ᠪᠠᠷ ᠨᠡᠮᠡᠭᠳᠡᠵᠦ᠂ ᠲᠦᠷᠭᠡᠨ ᠥᠷᠭᠡᠳᠬᠦ ᠬᠠᠨᠳᠣᠰᠢ ᠢᠯᠡᠷᠡᠪᠡ᠃
ᠪᠦᠬᠦ ᠪᠥᠮᠪᠥᠷᠴᠡᠭ᠎ᠤᠨ ᠣᠶᠤᠨᠴᠢ ᠭᠠᠷ ᠤᠲᠠᠰᠤᠨ᠎ᠤ ᠲᠦᠭᠡᠮᠡᠯᠵᠢᠯᠲᠡ ᠪᠣᠯᠤᠨ ᠰᠢᠯᠵᠢᠮᠡᠯ ᠢᠨᠲᠸᠷ ᠰᠦᠯᠵᠢᠶᠡᠨ᠎ᠤ ᠲᠦᠷᠭᠡᠨ ᠬᠦᠭᠵᠢᠯᠲᠡ ᠵᠢ ᠳᠠᠭ᠋ᠠᠯᠳᠤᠨ᠂ ᠳᠤᠮᠳᠠᠳᠤ ᠤᠯᠤᠰ᠎ᠤᠨ ᠭᠠᠷ ᠵᠢᠭᠤᠯᠴᠢᠯᠠᠯ ᠪᠦᠬᠦ ᠳᠡᠯᠡᠬᠡᠢ ᠵᠢᠨ ᠵᠠᠬ᠎ᠠ ᠳᠡᠯᠭᠡᠭᠦᠷ᠎ᠲᠤ ᠲᠦᠷᠭᠡᠨ ᠣᠷᠣᠭᠰᠠᠨ ᠪᠥᠭᠡᠳ ᠨᠢᠭᠡᠨᠲᠡ ᠲᠦᠷᠦᠭᠦᠯᠡᠬᠦ ᠪᠠᠢ᠌ᠷᠢ ᠰᠠᠭᠤᠷᠢ᠎ᠲᠠᠢ ᠪᠣᠯᠣᠭᠰᠠᠨ ᠪᠠᠢ᠌ᠨ᠎ᠠ ᠃ 2025 ᠣᠨ᠎ᠤ 4 ᠳ᠋ᠦ᠍ᠭᠡᠷ ᠰᠠᠷ᠎ᠠ᠎ᠳᠤ᠂ ᠳᠤᠮᠳᠠᠳᠤ ᠤᠯᠤᠰ᠎ᠤᠨ 33 ᠦᠢ᠍ᠯᠡᠳᠪᠦᠷᠢ ᠬᠤᠳᠠᠯᠳᠤᠭ᠋ᠠᠴᠢᠨ ᠪᠥᠬᠦ ᠪᠥᠮᠪᠥᠷᠴᠡᠭ᠎ᠤᠨ ᠭᠠᠷ ᠵᠢᠭᠣᠯᠴᠢᠯᠠᠯ᠎ᠤᠨ ᠲᠠᠷᠬᠠᠭ᠋ᠠᠯᠲᠠ ᠵᠢᠨ ᠬᠤᠳᠠᠯᠳᠤᠭ᠋ᠠᠴᠢᠨ᠎ᠤ ᠣᠷᠣᠯᠭ᠎ᠠ ᠵᠢᠨ TOP100 ᠳᠤ ᠣᠷᠣᠵᠤ ᠂ ᠣᠷᠣᠯᠭ᠎ᠠ᠎ᠨᠢ 20 ᠳ᠋ᠦᠩᠰᠢᠭᠤᠷ ᠳ᠋ᠣᠯᠯᠠᠷ᠎ᠲᠤ ᠬᠦᠷᠴᠦ ᠂ ᠲᠣᠰ ᠬᠤᠭᠤᠴᠠᠭ᠋ᠠᠨ᠎ᠤ ᠪᠥᠬᠦ ᠪᠥᠮᠪᠥᠷᠴᠡᠭ᠎ᠤᠨ TOP100 ᠭᠠᠷᠤᠨ ᠵᠢᠭᠣᠯᠴᠢᠯᠯ ᠤᠨ ᠲᠠᠷᠬᠠᠭ᠋ᠠᠯᠲᠠ ᠵᠢᠨ ᠬᠤᠳᠠᠯᠳᠤᠭ᠋ᠠᠴᠢᠨ᠎ᠤ ᠣᠷᠣᠯᠭ᠎ᠠ ᠵᠢᠨ 38.4% ᠵᠢ ᠡᠵᠡᠯᠡᠪᠡ᠃ ᠳᠠᠩ ᠮᠠᠰᠢᠨ᠎ᠤ 3A ᠲᠣᠭᠯᠠᠭ᠋ᠠᠮ 《ᠬᠠᠷ᠎ᠠ ᠳᠣᠮᠣᠭ᠄ ᠦ᠋ ᠺᠦᠩ》᠎ᠨᠢ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠢ ᠲᠤᠢ᠌ᠯ᠎ᠤᠨ ᠨᠠᠷᠢᠯᠢᠭ ᠦᠢ᠍ᠯᠡᠳᠴᠦ᠂ ᠪᠦᠬᠦ ᠪᠥᠮᠪᠥᠷᠴᠡᠭ᠎ᠤᠨ ᠲᠣᠭᠯᠠᠭ᠋ᠠᠮ᠎ᠤᠨ ᠵᠠᠬ᠎ᠠ ᠳᠡᠯᠭᠡᠭᠦᠷ᠎ᠤᠨ ᠳᠤᠮᠳᠠᠳᠤ ᠤᠯᠤᠰ᠎ᠤᠨ ᠲᠣᠭᠯᠠᠭ᠋ᠠᠮ᠎ᠤᠨ ᠲᠤᠬᠠᠢ ᠲᠠᠨᠢᠯᠲᠠ ᠵᠢ ᠰᠢᠨᠡᠳᠬᠡᠵᠦ ᠂ ᠳᠤᠮᠳᠠᠳᠤ ᠤᠯᠤᠰ᠎ᠤᠨ ᠲᠣᠭᠯᠠᠭ᠋ᠠᠮ᠎ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠣᠯᠠᠮᠵᠢᠯᠠᠨ ᠲᠠᠷᠬᠠᠭ᠋ᠠᠬᠤ ᠬᠦᠴᠦᠨ᠎ᠢ ᠬᠦᠴᠦᠲᠡᠢ ᠳᠡᠭᠡᠭᠰᠢᠯᠡᠭᠦᠯᠦᠭᠰᠡᠨ ᠪᠠᠢ᠌ᠨ᠎ᠠ ᠃
ᠰᠦᠯᠵᠢᠶᠡᠨ᠎ᠤ ᠪᠢᠴᠢᠯ ᠣᠬᠣᠷ ᠵᠦᠴᠦᠭᠡ ᠵᠢᠨ ᠭᠠᠳᠠᠭ᠋ᠠᠳᠣ᠎ᠳᠤ ᠭᠠᠷᠬᠤ᠎ᠨᠢ ᠲᠣᠭ᠋ᠠᠴᠢᠯᠠᠯᠲᠠ ᠣᠶᠣᠨᠴᠢᠯᠠᠯᠲᠠ᠎ᠪᠠᠷ ᠳᠤᠮᠳᠠᠳᠤ ᠤᠯᠤᠰ᠎ᠤᠨ ᠰᠣᠶᠣᠯ᠎ᠤᠨ ᠭᠠᠳᠠᠭ᠋ᠠᠳᠤ᠎ᠳᠤ ᠭᠠᠷᠬᠤ ᠬᠠᠮᠤᠭ᠎ᠤᠨ ᠰᠢᠨ᠎ᠡ ᠳᠠᠪᠠᠯᠭ᠋ᠠᠨ ᠮᠥᠨ᠂ ᠪᠠᠰᠠ ᠴᠤ᠌ ᠳᠤᠮᠳᠠᠳᠤ ᠤᠯᠤᠰ᠎ᠤᠨ ᠦᠯᠢᠭᠡᠷ ᠪᠠ ᠳᠤᠮᠳᠠᠳᠤ ᠤᠯᠤᠰ᠎ᠤᠨ ᠬᠦᠦᠷᠨᠢᠯ᠎ᠤᠨ ᠬᠡᠪᠴᠢᠶ᠎ᠡ ᠵᠢᠨ ᠭᠠᠳᠠᠭ᠋ᠠᠳᠤ᠎ᠳᠤ ᠭᠠᠷᠬᠤ ᠵᠢᠨ ᠰᠢᠨ᠎ᠡ ᠱᠠᠲᠤ ᠦᠶ᠎ᠡ ᠪᠣᠯᠣᠨ᠎ᠠ ᠃ ᠰᠦᠯᠵᠢᠶᠡᠨ᠎ᠤ ᠪᠢᠴᠢᠯ ᠣᠬᠣᠷ ᠵᠦᠴᠦᠭᠡ᠎ᠨᠢ ᠳᠤᠮᠳᠠᠳᠤ ᠤᠯᠤᠰ᠎ᠤᠨ ᠤᠤᠭ᠋ᠠᠯ ᠡᠭᠦᠳᠦᠯᠲᠡ ᠵᠢᠨ ᠠᠭᠤᠯᠭ᠎ᠠ ᠵᠢᠨ ᠬᠡᠯᠪᠡᠷᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ᠎ᠤᠨ IP ᠪᠠ ᠥᠪᠡᠷᠮᠢᠴᠡ ᠭᠦᠦᠷᠨᠢᠯ᠎ᠤᠨ ᠬᠡᠯᠪᠡᠷᠢ᠎ᠳᠤ ᠲᠦᠰᠢᠭᠯᠡᠨ ᠂ ᠨᠢᠭᠡᠨᠲᠡ ᠭᠠᠳᠠᠭ᠋ᠠᠳᠤ᠎ᠳᠤ ᠪᠢᠴᠢᠯ ᠣᠬᠣᠷ ᠵᠦᠴᠦᠭᠡ ᠵᠢᠨ ᠲᠠᠪᠴᠠᠩ ᠢ ᠰᠢᠭᠣᠳ ᠰᠦᠯᠵᠢᠶᠡᠨ᠎ᠳᠤ ᠭᠠᠷᠭ᠋ᠠᠵᠦ ᠂ ᠧᠦ᠋ᠷᠣᠫᠠ ᠠᠮᠧᠷᠢᠺᠠ ᠵᠢᠨ ᠵᠠᠬ᠎ᠠ ᠳᠡᠯᠭᠡᠭᠦᠷ᠎ᠲᠤ ᠰᠢᠪᠲᠣᠯᠣᠯᠲᠠ ᠭᠠᠷᠭ᠋ᠠᠬᠤ ᠵᠢ ᠡᠩ ᠲᠡᠷᠢᠭᠦᠨ᠎ᠳᠤ ᠪᠡᠶᠡᠯᠡᠭᠦᠯᠵᠦ᠂ ᠳᠠᠷᠠᠭ᠎ᠠ᠎ᠨᠢ ᠪᠦᠬᠦ ᠪᠦᠮᠪᠦᠷᠴᠡᠭ᠎ᠤᠨ ᠵᠠᠬ᠎ᠠ ᠳᠡᠯᠭᠡᠬᠦᠷ᠎ᠢ ᠦᠳᠲᠡᠷ ᠲᠦᠷᠭᠡᠨ ᠵᠶ᠋ᠠᠷ ᠥᠷᠭᠡᠳᠭᠡᠵᠦ᠂ ᠣᠳᠣ ᠨᠢᠭᠡᠨᠲᠡ ᠤᠮᠠᠷᠠᠲᠤ ᠠᠮᠧᠷᠢᠺᠠ᠎ᠪᠠᠷ ᠭᠣᠣᠯ ᠪᠣᠯᠭ᠋ᠠᠭᠰᠠᠨ᠂ ᠧᠦ᠋ᠷᠣᠫᠠ ᠲᠢᠪ᠂ ᠶᠠᠫᠣᠨ ᠺᠣᠷᠢᠶᠠ᠂ ᠳᠤᠮᠳᠠᠳᠤ ᠳᠣᠷᠣᠨᠠᠲᠤ ᠵᠢᠴᠢ ᠵᠡᠭᠦᠨ ᠡᠮᠦᠨᠡᠲᠦ ᠠᠽᠢᠶ᠎ᠠ ᠵᠢ ᠬᠠᠮᠣᠷᠠᠭᠰᠠᠨ ᠵᠠᠬ᠎ᠠ ᠳᠡᠯᠭᠡᠭᠦᠷ᠎ᠤᠨ ᠪᠠᠢ᠍ᠷᠢᠯᠠᠭᠤᠯᠤᠯᠲᠠ ᠵᠢ ᠪᠣᠢ ᠪᠣᠯᠭ᠋ᠠᠵᠠᠢ᠃
ᠬᠤᠶᠠᠷ᠂ ᠢᠨᠲ᠋ᠧᠷ ᠰᠦᠯᠵᠢᠶᠡᠨ᠎ᠤ ᠠᠵᠤ ᠠᠬᠤᠢ ᠵᠢᠨ ᠵᠢᠮ᠎ᠡ ᠶᠣᠰᠣ ᠵᠢ ᠣᠨᠣᠪᠴᠢᠲᠠᠶ ᠣᠶ᠋ᠢᠯᠠᠭ᠋ᠠᠵᠤ᠂ ᠬᠢᠯᠢ ᠠᠯᠤᠰᠯᠠᠭᠰᠠᠨ ᠲᠠᠪᠴᠠᠩ ᠵᠶ᠋ᠠᠷ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠰᠢᠨ᠎ᠡ ᠪᠠᠶ᠋ᠢᠳᠠᠯ᠎ᠢ ᠨᠡᠬᠡᠭᠡᠪᠡ
ᠰᠦᠯᠵᠢᠶᠡᠨ᠎ᠤ ᠣᠳᠬ᠎ᠠ ᠵᠣᠬᠢᠶᠠᠯ᠎ᠠᠴᠠ ᠰᠦᠯᠵᠢᠶᠡᠨ᠎ᠤ ᠲᠣᠭᠯᠠᠭ᠋ᠠᠮ ᠬᠦᠷᠲᠡᠯ᠎ᠡ ᠂ ᠳᠠᠬᠢᠨ ᠰᠦᠯᠵᠢᠶᠡᠨ᠎ᠤ ᠪᠢᠴᠢᠯ ᠣᠬᠣᠷ ᠵᠦᠴᠦᠭᠡ ᠬᠦᠷᠲᠡᠯ᠎ᠡ᠂ ᠳᠤᠮᠳᠠᠳᠤ ᠤᠯᠤᠰ᠎ᠤᠨ ᠰᠣᠶᠣᠯ᠎ᠢ ᠭᠠᠳᠠᠭ᠋ᠠᠳᠣ᠎ᠳᠤ ᠭᠠᠷᠭ᠋ᠠᠬᠤ ᠭᠤᠷᠪᠠᠨ ᠵᠦᠢ᠍ᠯ᠎ᠤᠨ ᠪᠡᠷᠬᠡ ᠪᠠᠷᠲᠠᠭ᠎ᠠ ᠵᠢ ᠲᠤᠭᠤᠯᠵᠦ ᠪᠠᠭ᠋ᠠᠲᠣᠷᠯᠢᠭ ᠵᠶ᠋ᠠᠷ ᠣᠷᠣᠭᠰᠢᠯᠠᠨ ᠪᠦᠬᠦ ᠪᠦᠮᠪᠦᠷᠴᠡᠭ᠎ᠤᠨ ᠵᠠᠬ᠎ᠠ ᠳᠡᠯᠭᠡᠭᠦᠷ᠎ᠢ ᠦᠷᠭᠡᠳᠬᠡᠭᠰᠡᠨ᠎ᠨᠢ᠂ ᠳᠤᠮᠳᠠᠳᠤ ᠤᠯᠤᠰ᠎ᠤᠨ ᠬᠦᠴᠦᠷᠬᠡᠭ ᠶᠡᠬᠡ ᠠᠭᠤᠯᠭ᠎ᠠ ᠵᠢᠨ ᠰᠢᠨ᠎ᠡ ᠵᠢ ᠡᠭᠦᠳᠬᠦ ᠴᠢᠳᠠᠪᠤᠷᠢ ᠪᠠ ᠦᠢ᠍ᠯᠡᠳᠪᠦᠷᠢᠯᠡᠯ᠎ᠤᠨ ᠴᠢᠳᠠᠪᠤᠷᠢ᠎ᠠᠴᠠ ᠪᠣᠯᠤᠭᠰᠠᠨ ᠲᠡᠳᠦᠢ ᠦᠭᠡᠢ᠂ ᠨᠡᠩ ᠴᠤ᠌ ᠢᠨᠲ᠋ᠧᠷ ᠰᠦᠯᠵᠢᠶᠡᠨ᠎ᠤ ᠲᠠᠪᠴᠠᠩ᠎ᠤᠨ ᠳᠠᠯᠠᠢ᠎ᠳᠤ ᠭᠠᠷᠬᠤ ᠡᠨᠡ ᠬᠦ᠌ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠰᠢᠨ᠎ᠡ ᠠᠷᠭ᠎ᠠ ᠮᠠᠶᠢᠭ ᠵᠢᠴᠢ ᠰᠦᠢ᠍ᠳᠭᠡᠯ ᠲᠣᠰᠢᠶᠠᠵᠦ ᠵᠠᠬᠢᠶᠠᠯᠠᠬᠤ ᠡᠨᠡ ᠬᠦ᠌ ᠬᠤᠳᠠᠯᠳᠤᠭ᠋ᠠᠨ ᠵᠠᠭᠪᠤᠷ᠎ᠢ ᠵᠠᠬᠢᠶᠠᠯᠠᠵᠤ ᠪᠠᠢ᠌ᠬᠤ᠎ᠠᠴᠠ ᠪᠣᠯᠤᠭᠰᠠᠨ ᠶᠤᠮ᠃
ᠨᠢᠭᠡ ᠲᠠᠯ᠎ᠠ᠎ᠪᠠᠷ᠂ ᠲᠠᠪᠴᠠᠩ᠎ᠢ ᠭᠠᠳᠠᠭ᠋ᠠᠳᠤ᠎ᠳᠤ ᠭᠠᠷᠭ᠋ᠠᠬᠤ᠎ᠨᠢ ᠶᠡᠭᠡ ᠬᠡᠮᠵᠢᠶᠡᠨ᠎ᠤ ᠠᠭᠤᠯᠭ᠎ᠠ ᠵᠢ ᠬᠡᠪᠴᠢᠶᠡᠵᠢᠭᠦᠯᠦᠨ ᠭᠠᠳᠠᠭᠰᠢ ᠭᠠᠷᠭ᠋ᠠᠬᠤ ᠵᠢ ᠪᠡᠶᠡᠯᠡᠭᠦᠯᠪᠡ᠃ 2017 ᠣᠨ᠎ᠳᠤ᠂ ᠶᠤᠸᠠᠢ ᠸᠧᠨ ᠪᠥᠯᠥᠭᠯᠡᠯ᠎ᠨᠢ ᠭᠠᠳᠠᠭ᠋ᠠᠳᠤ ᠵᠢᠨ ᠡᠭᠦᠳᠡ ᠡᠷᠦᠬᠡ ᠵᠢᠨ ᠰᠦᠯᠵᠢᠶᠡᠨ᠎ᠤ ᠦᠷᠲᠡᠭᠡᠨ᠎ᠤ ᠡᠬᠢᠯᠡᠯᠲᠡ ᠵᠢᠨ ᠴᠡᠭ᠎ᠤᠨ ᠣᠯᠠᠨ ᠣᠯᠣᠰ᠎ᠤᠨ WebNovel ᠰᠦᠯᠵᠢᠶᠡᠨ᠎ᠳᠤ ᠣᠷᠣᠵᠦ ᠂ ᠭᠠᠳᠠᠭ᠋ᠠᠳᠤ ᠵᠢᠨ ᠬᠡᠷᠡᠭᠯᠡᠭᠴᠢᠳ ᠰᠢᠭᠤᠳ ᠲᠠᠪᠴᠠᠩ ᠳᠡᠭᠡᠷᠡᠬᠢ ᠤᠷᠠᠨ ᠵᠣᠬᠢᠶᠠᠯ᠎ᠤᠨ ᠪᠦᠲᠦᠭᠡᠯ᠎ᠢ ᠤᠩᠰᠢᠵᠤ ᠪᠣᠯᠣᠨ᠎ᠠ᠃ 2024 ᠣᠨ᠎ᠤ ᠡᠴᠦᠰ ᠪᠣᠯᠲᠠᠯ᠎ᠠ᠂ ᠡᠬᠢᠯᠡᠯᠲᠡ ᠵᠢᠨ ᠴᠡᠭ ᠣᠯᠠᠨ ᠤᠯᠤᠰ᠎ᠤᠨ WebNovel ᠲᠠᠪᠴᠠᠩ ᠨᠢᠭᠡᠨᠲᠡ 6800 ᠪᠦᠲᠦᠭᠡᠯ᠎ᠢ ᠰᠦᠯᠵᠢᠶᠡᠨ᠎ᠳᠤ ᠭᠠᠷᠭ᠋ᠠᠵᠠᠢ (AI ᠣᠷᠴᠢᠭᠤᠯᠭ᠎ᠠ ᠵᠢᠨ ᠪᠦᠲᠦᠭᠡᠯ 3200 ᠰᠢᠨ᠎ᠡ᠎ᠪᠠᠷ ᠨᠡᠮᠡᠪᠡ )᠂ ᠭᠠᠳᠠᠭ᠋ᠠᠳᠤ ᠳᠠᠬᠢ ᠬᠦᠶᠥᠯᠭᠡᠯᠲᠡ ᠵᠢᠨ ᠬᠡᠷᠡᠭᠯᠡᠭᠴᠢ ᠨᠢ ᠨᠡᠶ᠋ᠢᠲᠡ 3 ᠳ᠋ᠦᠩᠰᠢᠭᠤᠷ ᠰᠢᠬᠠᠮ ᠪᠣᠯᠵᠠᠢ᠃ ᠪᠢᠴᠢᠯ ᠣᠬᠤᠷ ᠵᠦᠴᠦᠭᠡ᠎ᠨᠢ ᠢᠨᠲ᠋ᠧᠷ ᠰᠦᠯᠵᠢᠶᠡᠨ᠎ᠤ ᠦᠢ᠍ᠯᠡᠳᠬᠦᠨ ᠪᠣᠯᠤᠭᠰᠠᠨ᠎ᠤ ᠬᠤᠪᠢ᠎ᠳᠤ᠂ ᠠᠳᠠᠯᠢᠬᠠᠨ ᠵᠶ᠋ᠠᠷ ᠠᠭᠤᠯᠭ᠎ᠠ ᠵᠢᠨ ᠲᠠᠪᠴᠠᠩ᠎ᠢ ᠨᠢᠭᠡ ᠴᠣᠭᠴᠠᠵᠢᠭᠣᠯᠣᠭᠰᠠᠨ ᠲᠣᠭ᠋ᠠᠴᠢᠯᠠᠭᠰᠠᠨ ᠠᠷᠠᠯᠵᠢᠶᠠᠨ᠎ᠤ ᠠᠷᠭ᠎ᠠ ᠬᠡᠯᠪᠡᠷᠢ ᠵᠢ ᠬᠡᠷᠡᠭᠯᠡᠪᠡ᠃ ᠰᠦᠯᠵᠢᠶᠡᠨ᠎ᠤ ᠪᠢᠴᠢᠯ ᠣᠬᠣᠷ ᠵᠦᠴᠦᠭᠡ ᠵᠢᠨ ᠲᠠᠪᠴᠠᠩ ReelShort᠎ᠨᠢ ᠡᠩ ᠲᠡᠷᠢᠭᠦᠨ᠎ᠳᠤ ᠭᠠᠳᠠᠭ᠋ᠠᠳᠤ᠎ᠳᠤ ᠪᠢᠴᠢᠯ ᠣᠬᠣᠷ ᠵᠦᠴᠦᠭᠡ ᠵᠢᠨ ᠲᠠᠪᠴᠠᠩ᠎ᠢ ᠰᠦᠯᠵᠢᠶᠡᠨ᠎ᠳᠤ ᠭᠠᠷᠭ᠋ᠠᠵᠤ᠂ ᠦᠪᠡᠷᠮᠢᠴᠡ ᠲᠠᠲᠠᠬᠤ ᠬᠦᠴᠦᠨ ᠪᠦᠬᠦᠢ ᠳᠤᠮᠳᠠᠳᠤ ᠤᠯᠤᠰ᠎ᠤᠨ ᠬᠦᠦᠷᠨᠢᠯ᠎ᠤᠨ ᠠᠷᠭ᠎ᠠ ᠮᠠᠶᠢᠭ᠎ᠲᠤ᠎ᠪᠠᠨ ᠲᠦᠰᠢᠭᠯᠡᠨ ᠂ ᠦᠯᠡᠮᠵᠢ ᠣᠯᠠᠨ ᠬᠡᠷᠡᠭᠯᠡᠭᠴᠢᠳ᠎ᠢ ᠦᠳᠲᠡᠷ ᠲᠦᠷᠭᠡᠨ ᠴᠤᠭᠯᠠᠭᠤᠯᠵᠠᠢ᠃ 2025 ᠣᠨ᠎ᠤ ᠨᠢᠭᠡᠳᠦᠭᠡᠷ ᠤᠯᠠᠷᠢᠯ᠎ᠳᠤ ᠂ ReelShort᠎ᠤᠨ ᠰᠢᠨ᠎ᠡ᠎ᠪᠠᠷ ᠨᠡᠮᠡᠭᠳᠡᠭᠰᠡᠨ ᠭᠡᠰᠢᠭᠦᠨ᠎ᠨᠢ 5000 ᠲᠦᠮᠡ ᠵᠢ ᠳᠠᠪᠠᠵᠤ᠂ ᠪᠦᠬᠦ ᠪᠥᠮᠪᠥᠷᠴᠡᠭ᠎ᠤᠨ ᠰᠦᠢ᠍ᠳᠭᠡᠯ ᠲᠣᠰᠢᠶᠠᠬᠤ ᠬᠡᠷᠡᠭᠯᠡᠭᠴᠢᠳ᠎ᠤᠨ ᠬᠡᠪᠴᠢᠶ᠎ᠡ᠎ᠨᠢ 1 ᠳ᠋ᠦᠩᠰᠢᠭᠣᠷᠢ ᠳᠠᠪᠠᠪᠠ᠃
ᠨᠥᠭᠦᠭᠡ ᠲᠠᠯ᠎ᠠ᠎ᠪᠠᠷ᠂ ᠬᠡᠷᠡᠭᠯᠡᠭᠴᠢᠳ᠎ᠤᠨ ᠰᠦᠯᠵᠢᠶᠡᠨ ᠳᠡᠭᠡᠷ᠎ᠡ ᠰᠦᠢ᠍ᠳᠬᠡᠯ ᠲᠤᠰᠢᠶᠠᠬᠤ ᠬᠡᠷᠡᠭᠯᠡᠭᠡᠨ᠎ᠢ ᠬᠤᠳᠠᠯᠳᠤᠭ᠋ᠠᠨ᠎ᠤ ᠶᠠᠪᠣᠳᠠᠯ᠎ᠤᠨ ᠪᠢᠲᠡᠭᠦᠦ ᠴᠠᠭ᠋ᠠᠷᠢᠭ᠎ᠢ Sensor Tower ᠲᠣᠭ᠎ᠠ ᠪᠠᠷᠢᠮᠲᠠ᠎ᠪᠠᠷ ᠢᠯᠡᠷᠡᠭᠦᠯᠦᠭᠰᠡᠨ ᠵᠶ᠋ᠡᠷ᠄ 2024 ᠣᠨ᠎ᠳᠤ᠂ ReelShort᠎ᠤᠨ ᠬᠠᠯᠠᠭᠣᠷᠠᠯ ᠣᠬᠣᠷ ᠵᠦᠴᠦᠭᠡ 《Vampire's Forbidden Love 》᠎ᠤ ᠳᠠᠩ ᠴᠣᠭᠯᠠᠷᠠᠯ᠎ᠤᠨ ᠰᠦᠢ᠍ᠳᠬᠡᠯ ᠲᠣᠰᠢᠶᠠᠬᠤ ᠨᠣᠷᠮ᠎ᠠ᠎ᠨᠢ 35% ᠵᠢ ᠳᠠᠪᠠᠪᠠ᠃ 2025 ᠣᠨ᠎ᠤ ᠨᠢᠭᠡᠳᠦᠭᠡᠷ ᠤᠯᠠᠷᠢᠯ᠎ᠳᠤ᠂ ᠪᠥᠬᠦ ᠪᠥᠮᠪᠥᠷᠴᠡᠭ᠎ᠤᠨ ᠣᠬᠤᠷ ᠵᠦᠴᠦᠭᠡ ᠵᠢᠨ ᠬᠡᠷᠡᠭᠯᠡᠭᠡᠨ᠎ᠤ ᠲᠤᠲᠤᠭ᠋ᠠᠳᠤ᠎ᠠᠴᠠ ᠬᠤᠳᠠᠯᠳᠤᠨ ᠠᠪᠬᠤ ᠣᠷᠣᠯᠭ᠎ᠠ 7 ᠳ᠋ᠦᠩᠰᠢᠭᠤᠷ ᠳ᠋ᠣᠯᠯᠠᠷ ᠪᠣᠯᠲᠠᠯ᠎ᠠ ᠨᠡᠮᠡᠭᠳᠡᠵᠦ᠂ 2024 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 4 ᠳᠠᠬᠢᠨ ᠰᠢᠬᠠᠮ ᠨᠡᠮᠡᠭᠳᠡᠪᠡ ᠂ 2025 ᠣᠨ᠎ᠤ 3 ᠳ᠋ᠤᠭ᠋ᠠᠷ ᠰᠠᠷ᠎ᠠ ᠪᠣᠯᠲᠠᠯ᠎ᠠ ᠳᠤᠮᠳᠠᠳᠤ ᠤᠯᠤᠰ᠎ᠤᠨ ᠭᠠᠳᠠᠭ᠋ᠠᠳᠤ ᠳᠠᠬᠢ ᠣᠬᠤᠷ ᠵᠦᠴᠦᠭᠡ ᠵᠢᠨ ᠵᠠᠬ᠎ᠠ ᠳᠡᠯᠭᠡᠭᠦᠷ᠎ᠲᠤ ᠣᠷᠣᠭᠣᠯᠣᠭᠰᠠᠨ ᠬᠡᠷᠡᠭᠯᠡᠯᠲᠡ ᠵᠢᠨ ᠲᠤᠭ᠎ᠠ ᠨᠢ ᠨᠢᠭᠡᠨᠲᠡ 237 ᠬᠤᠪᠢ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4 ᠳᠠᠬᠢᠨ ᠰᠢᠬᠠᠮ ᠨᠡᠮᠡᠭᠳᠡᠪᠡ᠃ ᠣᠳᠣᠬᠠᠨ᠎ᠳᠤ᠂ ᠰᠦᠯᠵᠢᠶᠡᠨ᠎ᠤ ᠣᠳᠬ᠎ᠠ ᠵᠤᠬᠢᠶᠠᠯ ᠂ ᠰᠦᠯᠵᠢᠶᠡᠨ ᠲᠣᠭᠯᠠᠭ᠋ᠠᠮ ᠪᠠ ᠰᠦᠯᠵᠢᠶᠡᠨ᠎ᠤ ᠵᠦᠴᠦᠭᠡ ᠨᠢ ᠪᠦᠷ ᠰᠠᠶ᠋ᠢᠨ ᠰᠠᠶ᠋ᠢᠬᠠᠨ ᠬᠥᠭᠵᠢᠯᠲᠡ ᠵᠢᠨ ᠬᠠᠨᠳᠤᠰᠢ᠎ᠲᠠᠢ ᠪᠣᠯᠵᠤ᠂ ᠭᠠᠳᠠᠭ᠋ᠠᠳᠤ ᠵᠢᠨ ᠵᠠᠬ᠎ᠠ ᠳᠡᠯᠭᠡᠭᠦᠷ᠎ᠤᠨ ᠣᠷᠣᠯᠭ᠎ᠠ ᠨᠡᠯᠢᠶᠡᠳ ᠥᠨᠳᠥᠷ ᠨᠡᠮᠡᠭᠳᠡᠯ᠎ᠢ ᠪᠠᠲᠣᠯᠠᠵᠦ ᠪᠠᠶ᠋ᠢᠨ᠎ᠠ᠃
ᠭᠤᠷᠪᠠ᠂ ᠰᠣᠶᠣᠯ᠎ᠤᠨ ᠠᠷᠠᠯᠵᠢᠶᠠᠨ᠎ᠤ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠤᠢ ᠪᠣᠯᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠨᠢ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠭᠤᠣᠯ ᠬᠦᠴᠦᠨ ᠪᠣᠯᠪᠠ
ᠨᠢᠭᠡ᠎ᠳᠤ ᠦᠢ᠍ᠯᠡᠴᠢᠯᠡᠭᠡᠨ᠎ᠤ ᠠᠷᠠᠯᠵᠢᠶ᠎ᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠪᠡ ᠃ 2014 ᠣᠨ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ 《 ᠦᠢ᠍ᠯᠡᠴᠢᠯᠡᠭᠡᠨ᠎ᠤ ᠠᠷᠠᠯᠵᠢᠶ᠎ᠠ ᠵᠢ ᠲᠦᠷᠭᠡᠳᠬᠡᠨ ᠬᠥᠭᠵᠢᠭᠦᠯᠬᠦ ᠲᠤᠬᠠᠶ ᠰᠠᠨᠠᠯ᠎ᠤᠳ》᠎ᠢ ᠳᠠᠷᠤᠮᠠᠯᠯᠠᠨ ᠲᠠᠷᠬᠠᠭ᠋ᠠᠵᠤ᠂ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠂ ᠵᠣᠬᠢᠴᠠᠭᠤᠯᠬᠤ ᠲᠣᠭᠲᠠᠴᠠ ᠂ ᠲᠤᠭ᠎ᠠ ᠪᠦᠷᠢᠳᠬᠡᠯ᠎ᠤᠨ ᠲᠣᠭᠲᠠᠯᠴᠠᠭ᠎ᠠ ᠂ ᠴᠢᠳᠠᠪᠤᠷᠢᠲᠠᠨ ᠬᠥᠮᠦᠵᠢᠭᠦᠯᠬᠦ ᠲᠣᠭᠲᠠᠴᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠵᠢ ᠪᠠᠭᠲᠠᠭ᠋ᠠᠭᠰᠠᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢᠨ ᠲᠣᠭᠲᠠᠯᠴᠠᠭ᠎ᠠ ᠵᠢ ᠪᠠᠢ᠌ᠭᠣᠯᠵᠦ ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠬᠡᠪᠴᠢᠶ᠎ᠡ ᠵᠢ ᠥᠷᠭᠡᠳᠬᠡᠨ ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠬᠥᠭᠵᠢᠯᠲᠡ ᠵᠢᠨ ᠵᠠᠭᠪᠤᠷ᠎ᠲᠤ ᠰᠢᠨ᠎ᠡ ᠵᠢ ᠡᠭᠦᠳᠴᠦ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠬᠥᠭᠵᠢᠯᠲᠡ ᠵᠢᠨ ᠶᠠᠰᠤ ᠴᠢᠨᠠᠷ ᠪᠠ ᠬᠥᠭᠵᠢᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ ᠭᠡᠵᠦ ᠳᠣᠷᠠᠳᠪᠠ ᠃ 2024 ᠣᠨ᠎ᠤ 9 ᠳ᠋ᠦ᠍ᠭᠡᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ 《ᠥᠨᠳᠥᠷ ᠲᠦᠪᠰᠢᠨ ᠪᠥᠬᠦᠶ ᠨᠡᠭᠡᠭᠡᠯᠲᠡ᠎ᠪᠠᠷ ᠦᠢ᠍ᠯᠡᠴᠢᠯᠡᠭᠡᠨ᠎ᠤ ᠠᠷᠠᠯᠵᠢᠶ᠎ᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠲᠣᠭ᠋ᠠᠴᠢᠯᠠᠯᠲᠠ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭ᠋ᠠᠬᠤ ᠠᠬᠢᠴᠠ ᠵᠢ ᠲᠦᠷᠭᠡᠳᠬᠡᠨ ᠠᠬᠢᠭᠤᠯᠵᠤ᠂ ᠦᠢ᠍ᠯᠡᠴᠢᠯᠡᠭᠡᠨ᠎ᠤ ᠠᠷᠠᠯᠵᠢᠶ᠎ᠠ ᠵᠢᠨ ᠬᠡᠪᠴᠢᠶ᠎ᠡ ᠵᠢᠨ ᠨᠡᠮᠡᠭᠳᠡᠯ᠂ ᠪᠦᠲᠦᠴᠡ ᠵᠢᠨ ᠰᠢᠯᠢᠳᠡᠭᠵᠢᠯ ᠂ ᠦᠷ᠎ᠡ ᠠᠰᠢᠭ᠎ᠤᠨ ᠳᠡᠭᠡᠭᠰᠢᠯᠡᠯᠲᠡ ᠂ ᠪᠣᠳᠠᠲᠤ ᠬᠦᠴᠦᠨ᠎ᠤ ᠨᠡᠮᠡᠭᠳᠡᠯ᠎ᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
ᠬᠤᠶᠠᠷ᠎ᠲᠤ ᠲᠤᠷᠰᠢᠯᠲᠠ ᠵᠢᠨ ᠴᠡᠭ ᠵᠶ᠋ᠠᠷ ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠣᠯᠪᠠ ᠃ 2016 ᠣᠨ᠂ 2018 ᠣᠨ᠂ 2020 ᠣᠨ᠎ᠳᠤ ᠤᠷᠢᠳ ᠬᠤᠵᠢᠳ ᠪᠦᠬᠦ ᠤᠯᠤᠰ᠎ᠤᠨ 15 ᠮᠤᠵᠢ ᠬᠤᠲᠠ (ᠣᠷᠣᠨ ᠪᠦᠰᠡ)᠂ 17 ᠮᠤᠵᠢ ᠬᠤᠲᠠ ᠣᠷᠣᠨ᠂ 28 ᠮᠤᠵᠢ ᠬᠤᠲᠠ ᠣᠷᠣᠨ᠎ᠳᠤ 2 ᠵᠢᠯ᠎ᠤᠨ ᠬᠤᠭᠤᠴᠠᠭ᠎ᠠ᠎ᠲᠠᠢ 《ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢᠨ ᠲᠤᠷᠰᠢᠯᠲᠠ ᠵᠢᠨ ᠲᠥᠰᠦᠯ 》᠂ 《 ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠬᠦᠨᠵᠡᠭᠡᠢ᠌ᠷᠡᠭᠦᠯᠬᠦ ᠲᠤᠷᠰᠢᠯᠲᠠ ᠵᠢᠨ ᠶᠡᠷᠦᠩᠬᠡᠶ ᠲᠥᠰᠦᠯ》᠂《ᠦᠢ᠍ᠯᠡᠴᠢᠯᠡᠭᠡᠨ᠎ᠤ ᠠᠷᠠᠯᠵᠢᠶᠠᠨ᠎ᠤ ᠰᠢᠨ᠎ᠡ ᠵᠢ ᠡᠭᠦᠳᠬᠦ ᠬᠥᠭᠵᠢᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠲᠤᠷᠰᠢᠯᠲᠠ ᠵᠢᠨ ᠶᠡᠷᠦᠩᠬᠡᠶ ᠲᠥᠰᠦᠯ》᠎ᠢ ᠥᠷᠨᠢᠭᠦᠯᠵᠦ ᠂ ᠮᠠᠨ᠎ᠤ ᠤᠯᠤᠰ᠎ᠤᠨ ᠦᠢ᠍ᠯᠡᠴᠢᠯᠡᠭᠡᠨ᠎ᠤ ᠠᠷᠠᠯᠵᠢᠶᠠᠨ᠎ᠤ ᠭᠦᠨ ᠳᠠᠪᠬᠤᠷᠭ᠎ᠠ ᠵᠢᠨ ᠥᠭᠡᠷᠡᠴᠢᠯᠡᠯᠲᠡ᠂ ᠥᠨᠳᠥᠷ ᠲᠦᠪᠰᠢᠨ ᠪᠦᠬᠦᠢ ᠨᠡᠭᠡᠭᠡᠯᠲᠡ᠂ ᠪᠥᠬᠦ ᠲᠠᠯ᠎ᠠ᠎ᠪᠠᠷ ᠰᠢᠨ᠎ᠡ ᠵᠢ ᠡᠭᠦᠳᠬᠦ ᠪᠠ ᠴᠢᠨᠠᠷ ᠰᠠᠶ᠋ᠢᠲᠠᠶ ᠬᠥᠭᠵᠢᠯᠲᠡ ᠵᠢ ᠪᠦᠬᠦ ᠲᠠᠯ᠎ᠠ᠎ᠪᠠᠷ ᠠᠬᠢᠭᠤᠯᠪᠠ᠃
ᠭᠤᠷᠪᠠ᠎ᠳᠤ ᠭᠤᠣᠯᠳᠠᠯᠭ᠎ᠠ᠎ᠲᠠᠢ ᠠᠵᠤ ᠠᠬᠤᠶ᠋ᠢᠯᠠᠯ ᠪᠣᠯᠤᠨ ᠲᠦᠷᠦᠯ ᠵᠦᠢ᠍ᠯ᠎ᠢ ᠰᠢᠯᠭ᠋ᠠᠷᠠᠭᠤᠯᠬᠤ᠎ᠪᠠᠷ ᠦᠢ᠍ᠯᠡᠴᠢᠯᠡᠭᠡᠨ᠎ᠤ ᠠᠷᠠᠯᠵᠢᠶ᠎ᠠ ᠵᠢ ᠬᠥᠲᠥᠯᠥᠨ ᠳᠠᠭ᠋ᠠᠭᠤᠯᠵᠤ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠦᠨ᠎ᠡ᠃ 2007 ᠣᠨ᠎ᠠᠴᠠ ᠨᠠᠭ᠋ᠠᠰᠢ ᠂ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠲᠥᠪ᠎ᠤᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠣᠶᠠᠷ ᠵᠢᠯ ᠪᠦᠷᠢ᠎ᠳᠤ ᠨᠢᠭᠡ ᠪᠦᠯᠦᠭ ᠤᠯᠤᠰ᠎ᠤᠨ ᠰᠣᠶᠣᠯ᠎ᠤᠨ ᠭᠠᠳᠠᠭ᠋ᠠᠳᠤ ᠭᠠᠷᠭ᠋ᠠᠯᠲᠠ ᠵᠢᠨ ᠭᠣᠤᠯᠳᠠᠯᠭ᠎ᠠ᠎ᠲᠠᠢ ᠠᠵᠤ ᠠᠬᠤᠶ᠋ᠢᠯᠠᠯ ᠪᠣᠯᠤᠨ ᠭᠣᠤᠯᠳᠠᠯᠭ᠎ᠠ᠎ᠲᠠᠢ ᠲᠥᠷᠥᠯ ᠵᠦᠢ᠍ᠯ᠎ᠢ ᠦᠨᠡᠯᠡᠨ ᠲᠣᠭᠲᠠᠭ᠋ᠠᠵᠤ᠂ ᠣᠳᠣ ᠪᠣᠯᠲᠠᠯ᠎ᠠ ᠨᠡᠶ᠋ᠢᠲᠡ 3329 ᠠᠵᠤ ᠠᠬᠤᠶ᠋ᠢᠯᠠᠯ᠂ 1298 ᠲᠥᠷᠥᠯ ᠵᠦᠢ᠍ᠯ᠎ᠢ ᠰᠢᠯᠭ᠋ᠠᠷᠠᠭᠤᠯᠤᠨ ᠭᠠᠷᠭ᠋ᠠᠵᠤ᠂ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠰᠣᠶᠣᠯ ᠤᠷᠠᠯᠢᠭ᠂ ᠲᠣᠭᠯᠠᠭ᠋ᠠᠮ᠎ᠤᠨ ᠺᠠᠷᠲ᠋ᠣᠨ ᠵᠢᠷᠤᠭ ᠪᠠ ᠱᠣᠭ ᠵᠢᠷᠣᠭ ᠵᠡᠷᠭᠡ ᠰᠣᠶᠣᠯ᠎ᠤᠨ ᠠᠷᠠᠯᠵᠢᠶ᠎ᠠ ᠵᠢᠨ ᠬᠦᠷᠢᠶ᠎ᠡ ᠬᠡᠪᠴᠢᠶ᠎ᠡ ᠵᠢ ᠬᠠᠮᠤᠷᠴᠠᠶ᠃
ᠤᠯᠤᠰ᠎ᠤᠨ ᠲᠥᠷᠥ ᠵᠢᠨ ᠪᠣᠳᠣᠯᠭ᠎ᠠ ᠵᠢᠨ ᠬᠦᠴᠦᠲᠠᠢ ᠵᠢᠯᠣᠭᠣᠳᠣᠯᠭ᠎ᠠ ᠳᠡᠮᠵᠢᠯᠭᠡ ᠳᠣᠤᠷ᠎ᠠ᠂ ᠬᠤᠷᠴᠠ ᠰᠡᠷᠭᠡᠭ ᠵᠠᠬ᠎ᠠ ᠳᠡᠯᠭᠡᠭᠦᠷ᠎ᠤᠨ ᠠᠵᠢᠭᠯᠠᠬᠤ ᠴᠢᠳᠠᠪᠤᠷᠢ᠂ ᠠᠮᠢᠳᠤᠯᠢᠭ ᠪᠠᠶ᠋ᠢᠭᠤᠯᠤᠯ ᠲᠣᠭᠲᠠᠴᠠ᠂ ᠬᠦᠴᠦᠷᠬᠡᠭ ᠶᠡᠬᠡ ᠵᠠᠬ᠎ᠠ ᠳᠡᠯᠭᠡᠭᠦᠷ᠎ᠤᠨ ᠥᠷᠢᠰᠥᠯᠳᠦᠬᠦ ᠴᠢᠳᠠᠪᠤᠷᠢ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠨᠢ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ ᠵᠢᠨ ᠭᠣᠤᠯ ᠬᠦᠴᠦᠨ ᠪᠣᠯᠣᠭᠰᠠᠨ ᠪᠠᠢ᠌ᠨ᠎ᠠ ᠃
ᠨᠢᠭᠡ ᠲᠠᠯ᠎ᠠ᠎ᠪᠠᠷ᠂ ᠭᠠᠳᠠᠭ᠋ᠠᠳᠤ ᠳᠠᠬᠢ ᠵᠠᠬ᠎ᠠ ᠳᠡᠯᠭᠡᠭᠦᠷ᠎ᠢ ᠥᠷᠭᠡᠳᠬᠡᠬᠦ ᠪᠣᠯ ᠠᠷᠠᠳ ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠨᠥᠭᠦᠭᠡ ᠲᠠᠯ᠎ᠠ᠎ᠪᠠᠷ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠣᠯᠵᠤ ᠠᠯᠳᠠᠬᠤ᠎ᠪᠠᠨ ᠦᠪᠡᠷ ᠵᠶ᠋ᠡᠨ ᠬᠠᠷᠢᠭᠤᠴᠠᠵᠤ᠂ ᠵᠠᠬ᠎ᠠ ᠳᠡᠯᠭᠡᠭᠦᠷ᠎ᠤᠨ ᠠᠵᠠ ᠲᠣᠬᠢᠶᠠᠯ ᠪᠠ ᠠᠶᠤᠯ ᠲᠦᠭᠰᠢᠭᠦᠷᠢ ᠵᠢᠨ ᠡᠮᠣᠨ᠎ᠡ ᠲᠦᠷᠭᠡᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠵᠤ᠂ ᠠᠵᠠ ᠲᠣᠬᠢᠶᠠᠯ᠎ᠢ ᠨᠠᠩ ᠰᠠᠶ᠋ᠢᠲᠤᠷ ᠡᠵᠡᠮᠳᠡᠨ ᠠᠶᠤᠯ ᠲᠦᠭᠰᠢᠭᠦᠷᠢ ᠵᠢ ᠡᠵᠡᠮᠳᠡᠵᠦ᠂ ᠠᠮᠢᠳᠤᠯᠢᠭ ᠪᠠᠶ᠋ᠢᠭᠤᠯᠤᠯ ᠲᠣᠭᠲᠠᠴᠠ ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠢ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ᠎ᠳᠤ ᠣᠷᠣᠢ᠌ᠯᠠᠭᠣᠯᠪᠠ ᠃ ᠪᠡᠯᠡ ᠣᠷᠣᠭᠤᠯᠬᠤ᠂ ᠬᠤᠳᠠᠯᠳᠤᠨ ᠠᠪᠬᠤ᠂ ᠡᠬᠢ ᠪᠠᠶᠠᠯᠢᠭ᠎ᠤᠨ ᠰᠣᠯᠢᠯᠴᠠᠭ᠎ᠠ ᠬᠢᠬᠦ ᠵᠡᠷᠭᠡ ᠪᠣᠯ ᠠᠵᠤ ᠠᠬᠤᠶ᠋ᠢᠯᠠᠯ᠎ᠤᠨ ᠭᠠᠳᠠᠭ᠋ᠠᠳᠣ᠎ᠳᠤ ᠭᠠᠷᠬᠤ ᠵᠢᠨ ᠴᠢᠬᠤᠯᠠ ᠠᠷᠭ᠎ᠠ ᠪᠠᠷᠢᠯ ᠮᠦᠨ ᠂ ᠲᠡᠷᠢᠭᠦᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠨᠢ ᠭᠠᠳᠠᠭ᠋ᠠᠳᠤ᠎ᠳᠤ ᠪᠡᠯᠡ ᠣᠷᠣᠭᠤᠯᠬᠤ᠂ ᠨᠡᠶ᠋ᠢᠯᠡᠭᠦᠯᠦᠨ ᠬᠤᠳᠠᠯᠳᠤᠨ ᠠᠪᠬᠤ ᠵᠢᠴᠢ ᠭᠠᠳᠠᠭ᠋ᠠᠳᠤ᠎ᠳᠤ ᠣᠷᠣᠨ ᠨᠣᠲᠣᠭᠴᠢᠯᠠᠭᠰᠠᠨ ᠡᠵᠡᠩᠨᠡᠯᠲᠡ ᠵᠢ ᠥᠷᠨᠢᠭᠦᠯᠬᠦ᠎ᠪᠠᠷ ᠳᠠᠮᠵᠢᠨ᠂ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠲᠦᠷᠭᠡᠨ ᠨᠡᠭᠡᠭᠡᠬᠦ ᠵᠢᠨ ᠬᠠᠮᠲᠤ ᠲᠠᠰᠤᠷᠠᠯᠲᠠ ᠤᠢ᠍ᠭᠡᠢ ᠪᠣᠵᠠᠭ᠋ᠠᠢ᠌ᠷᠠᠵᠦ ᠪᠠᠢ᠌ᠨ᠎ᠠ ᠃ ᠵᠢᠱ᠌ᠢᠶᠡᠯᠡᠪᠡᠯ᠂ᠶᠤᠸᠠᠢ ᠸᠧᠨ ᠪᠦᠯᠦᠭᠯᠡᠯ᠎ᠨᠢ ᠭᠠᠲᠠᠭ᠋ᠠᠲᠦ ᠵᠢᠨ ᠵᠠᠬ᠎ᠠ ᠲᠡᠯᠭᠡᠭᠦᠷ᠎ᠢ ᠦᠷᠬᠡᠳᠬᠡᠭᠦ ᠵᠢᠨ ᠳᠦᠯᠦᠬᠡ ᠂ᠲᠠᠢ ᠤᠯᠤᠰ᠎ᠤᠨ OokbeeU ᠂ ᠺᠤᠷᠢᠶᠠ ᠵᠢᠨ Munpia ᠵᠡᠷᠬᠡ ᠭᠠᠲᠠᠭ᠋ᠠᠲᠦ ᠵᠢᠨ ᠲᠡᠷᠢᠭᠦᠨ᠎ᠤ ᠰᠦᠯᠵᠢᠶᠠᠨ ᠲᠡᠬᠡᠷ᠎ᠡ ᠤᠩᠰᠢᠯᠭ᠎ᠠ ᠵᠢᠨ ᠲᠠᠪᠴᠠᠩ᠎ᠳᠤ ᠪᠡᠯᠡ ᠣᠷᠣᠭᠣᠯᠵᠦ᠂ ᠰᠢᠩᠭ᠋ᠠᠫᠣᠷ᠎ᠤᠨ ᠴᠠᠭᠢᠯᠭ᠋ᠠᠨ ᠬᠤᠯᠪᠤᠭ᠎ᠠ ᠯᠤᠭ᠎ᠠ ᠳᠤᠬᠠᠶ᠋ᠢᠯᠠᠭᠰᠠᠨ ᠠᠵᠢᠯ᠎ᠤᠨ ᠬᠠᠮᠲᠤᠷᠠᠯᠴᠠᠭ᠎ᠠ ᠪᠠᠢ᠌ᠭᠣᠯᠪᠠ᠂ ᠠᠹᠷᠢᠺᠠ ᠲᠢᠪ᠎ᠲᠤ ᠴᠤᠸᠠᠨ ᠶᠢᠨ ᠺᠣᠮᠫᠠᠨᠢ᠎ᠲᠠᠢ ᠪᠡᠯᠡ ᠬᠠᠮᠲᠣᠷᠠᠭᠰᠠᠨ ᠺᠤᠮᠫᠠᠨᠢ ᠪᠠᠢ᠌ᠭᠣᠯᠵᠦ ᠤᠩᠰᠢᠯᠭ᠎ᠠ ᠵᠢᠨ ᠵᠠᠬ᠎ᠠ ᠲᠡᠯᠭᠡᠭᠦᠷ᠎ᠲᠤ ᠲᠦᠭᠡᠮᠡᠯᠵᠢᠭᠦᠯᠪᠡ ᠃ ᠰᠦᠯᠵᠢᠶᠡᠨ᠎ᠤ ᠲᠣᠭᠯᠠᠭ᠋ᠠᠮ᠎ᠤᠨ ᠺᠣᠮᠫᠠᠨᠢ ᠵᠢᠨ ᠱᠠᠩᠬᠠᠢ ᠵᠢᠨ ᠮᠦ᠍ ᠲᠦᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠺᠣᠮᠫᠠᠨᠢ ᠰᠢᠭᠣᠳ ᠭᠠᠳᠠᠭ᠋ᠠᠳᠤ᠎ᠳᠤ ᠲᠤᠬᠠᠢ᠍ᠯᠠᠭᠰᠠᠨ ᠠᠵᠢᠯ ᠵᠶ᠋ᠠᠨ ᠥᠷᠨᠢᠭᠦᠯᠵᠦ᠂ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠤ ᠴᠢᠭᠯᠡᠭᠦᠯᠦᠨ ᠶᠡᠬᠡ ᠬᠡᠮᠵᠢᠶᠡᠨ᠎ᠤ ᠪᠡᠯᠡ ᠣᠷᠣᠭᠤᠯᠤᠯᠲᠠ ᠬᠢᠵᠦ᠂ ᠴᠢᠨᠠᠭᠰᠢᠯᠠᠨ ᠵᠡᠭᠦᠨ ᠡᠮᠦᠨᠡᠲᠦ ᠠᠽᠢᠶ᠎ᠠ ᠵᠢᠨ ᠵᠠᠬ᠎ᠠ ᠳᠡᠯᠭᠡᠭᠦᠷ᠎ᠤᠨ ᠢᠨᠲ᠋ᠧᠷ ᠰᠦᠯᠵᠢᠶᠡᠨ᠎ᠤ ᠰᠠᠭᠤᠷᠢ ᠲᠥᠬᠥᠭᠡᠷᠦᠮᠵᠢ ᠲᠡᠭᠦᠯᠳᠡᠷ ᠪᠤᠰᠤ ᠪᠠᠢ᠌ᠳᠠᠯ᠎ᠳᠤ ᠴᠢᠭᠯᠡᠭᠦᠯᠦᠨ᠂ ᠲᠤᠰ ᠭᠠᠵᠠᠷ᠎ᠲᠤᠨᠢ ᠲᠣᠬᠢᠷᠠᠭᠤᠯᠤᠯᠲᠠ ᠬᠢᠵᠦ᠂ ᠡᠭᠦᠨ᠎ᠳᠤ ᠲᠣᠣᠷ ᠰᠦᠯᠵᠢᠶᠡᠨ᠎ᠤ ᠲᠣᠭᠲᠠᠭᠤᠨ ᠪᠠᠢ᠌ᠬᠤ ᠵᠢ ᠪᠠᠲᠤᠯᠠᠬᠤ ᠂ ᠲᠣᠭ᠋ᠠᠴᠠᠭ᠎ᠠ ᠬᠢᠬᠦ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠵᠢ ᠪᠠᠢ᠌ᠷᠢᠯᠠᠭᠣᠯᠬᠤ ᠵᠢᠨ ᠬᠠᠮᠲᠤ 20 ᠭᠠᠷᠤᠢ ᠬᠡᠯᠡᠨ᠎ᠤ ᠴᠤᠭᠯᠠᠪᠣᠷᠢ ᠵᠢ ᠲᠣᠬᠢᠷᠠᠭᠤᠯᠵᠤ᠂ ᠣᠷᠣᠨ ᠨᠤᠲᠤᠭᠴᠢᠯᠠᠭᠰᠠᠨ ᠦᠭᠡ ᠬᠡᠯᠡ᠎ᠪᠠᠷ ᠣᠷᠣᠨ ᠨᠤᠲᠤᠭᠴᠢᠯᠠᠭᠰᠠᠨ ᠵᠠᠭ᠋ᠠᠭ ᠱᠤᠭᠤᠮ᠎ᠢ ᠲᠣᠭᠲᠠᠭ᠋ᠠᠵᠤ ᠂ ᠪᠠᠰᠠ ᠲᠤᠬᠠᠢ ᠵᠢᠨ ᠭᠠᠵᠠᠷ᠎ᠤᠨ ᠱᠣᠭ ᠵᠢᠷᠣᠭᠴᠢᠨ᠎ᠲᠠᠢ ᠬᠠᠮᠲᠤᠷᠠᠨ᠂ ᠲᠤᠬᠠᠢ ᠵᠢᠨ ᠭᠠᠵᠠᠷ᠎ᠤᠨ ᠬᠥᠮᠦᠰ᠎ᠤᠨ ᠬᠦᠷᠢᠶᠡᠯᠡᠯ᠎ᠢ ᠣᠯᠤᠭᠰᠠᠨ ᠱᠣᠭ ᠵᠢᠷᠤᠭ᠎ᠤᠨ IP᠎ᠪᠠᠷ ᠲᠣᠭᠯᠠᠭ᠋ᠠᠮ᠎ᠤᠨ ᠳᠦᠷᠢ ᠵᠢᠨ ᠳᠦᠷᠢ ᠲᠥᠷᠬᠦ ᠪᠣᠯᠭ᠋ᠠᠵᠤ᠂ ᠲᠤᠰ ᠭᠠᠵᠠᠷ᠎ᠤᠨ ᠬᠡᠷᠡᠭᠯᠡᠭᠴᠢᠳ᠎ᠢ ᠦᠳᠲᠡᠷ ᠲᠦᠷᠭᠡᠨ ᠲᠠᠲᠠᠬᠤ ᠵᠢᠨ ᠬᠠᠮᠲᠤ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠭᠰᠡᠨ ᠪᠠᠢ᠌ᠨ᠎ᠠ ᠃ ᠪᠢᠴᠢᠯ ᠣᠬᠤᠷ ᠵᠦᠴᠦᠭᠡ ᠵᠢᠨ ᠠᠵᠤ ᠠᠬᠤᠶ᠋ᠢᠯᠠᠯ ᠹᠧᠩ ᠶᠧ ᠬᠤ᠌ ᠳ᠋ᠦᠩ᠎ᠨᠢ ᠭᠠᠳᠠᠭ᠋ᠠᠳᠤ᠎ᠳᠤ ᠣᠷᠣᠨ ᠨᠤᠲᠤᠭᠴᠢᠯᠠᠭᠰᠠᠨ ᠪᠠᠯᠠ ᠣᠷᠣᠭᠤᠯᠤᠯᠲᠠ ᠬᠢᠵᠦ᠂ ᠦᠢ᠍ᠯᠡᠳᠬᠦ ᠪᠠ ᠡᠵᠡᠩᠨᠡᠬᠦ ᠂ ᠵᠣᠭᠤᠰ ᠬᠠᠯᠠᠮᠰᠢᠯ ᠲᠦᠷᠦᠯ᠎ᠤᠨ ᠵᠦᠢ᠍ᠯ᠎ᠢ ᠪᠣᠶ ᠪᠣᠯᠭ᠋ᠠᠵᠤ᠂ ᠰᠣᠶᠣᠯ᠎ᠤᠨ ᠵᠥᠷᠢᠶ᠎ᠡ ᠵᠢᠨ ᠪᠠᠬᠢᠯᠡᠯᠲᠡ ᠵᠢ ᠠᠮᠵᠢᠯᠲᠠ᠎ᠲᠠᠢ ᠳᠠᠪᠠᠭᠰᠠᠨ ᠪᠠᠢ᠌ᠨ᠎ᠠ ᠃
ᠳᠦᠷᠪᠡ᠂ ᠰᠢᠨ᠎ᠡ ᠨᠢᠬᠡᠨ ᠡᠬᠡᠯᠵᠢ ᠵᠢᠨ ᠰᠢᠨᠵᠢᠯᠡᠭᠦ ᠤᠬᠠᠭ᠋ᠠᠨ ᠲᠸᠭᠨᠢᠭ ᠮᠡᠷᠭᠡᠵᠢᠯ᠎ᠤᠨ ᠰᠤᠶᠤᠯ᠎ᠤᠨ ᠰᠢᠨ᠎ᠡ ᠵᠢ ᠡᠭᠦᠳᠭᠦ ᠠᠵᠢᠯ ᠦᠷᠨᠢᠩᠭᠦᠢ ᠦᠷᠨᠢᠵᠦ᠂ ᠳᠤᠮᠲᠠᠲᠦ ᠤᠯᠤᠰ᠎ᠤᠨ ᠲᠣᠭ᠋ᠠᠴᠢᠯᠠᠯᠲᠠ ᠣᠶᠣᠨᠴᠢᠯᠠᠯᠲᠠ ᠵᠢᠨ ᠰᠤᠶᠤᠯ᠎ᠤᠨ ᠠᠷᠠᠯᠵᠢᠶ᠎ᠠ ᠴᠢᠬᠤᠯᠠ ᠶᠡᠭᠡ ᠬᠦᠭᠵᠢᠯᠲᠠ ᠵᠢᠨ ᠠᠵᠠ ᠳᠤᠭᠢᠶᠠᠯᠢ ᠣᠭᠲᠤᠨ ᠠᠪᠴᠢᠷᠠᠪᠠ
ᠵᠣᠬᠢᠶᠠᠮᠠᠯ ᠤᠶᠤᠨ ᠴᠢᠳᠠᠪᠣᠷᠢ ᠵᠢᠨ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠣᠪᠢᠰᠬᠠᠯ᠎ᠤᠨ ᠥᠷᠨᠢᠯᠲᠡ ᠳᠣᠣᠷ᠎ᠠ ᠂ ᠪᠦᠬᠦ ᠪᠥᠮᠪᠥᠷᠴᠡᠭ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ ᠰᠢᠨ᠎ᠡ ᠬᠥᠭᠵᠢᠯᠲᠡ ᠵᠢᠨ ᠠᠵᠠ ᠲᠣᠬᠢᠶᠠᠯ᠎ᠢ ᠤᠭᠲᠤᠨ ᠠᠪᠴᠢᠷᠠᠪᠠ ᠃ ᠳᠤᠮᠳᠠᠳᠤ ᠤᠯᠤᠰ ᠬᠡᠳᠦ ᠥᠨᠳᠥᠷ ᠲᠣᠩᠭ᠋ᠠᠯᠠᠭ ᠂ ᠵᠢᠱ᠌ᠢᠮᠡᠭ ᠪᠣᠳᠠᠲᠤ ᠠᠬᠤᠢ᠂ ᠰᠣᠭᠲᠣᠭᠣᠷᠠᠮᠠᠯ ᠮᠠᠶᠢᠭ᠎ᠤᠨ ᠲᠣᠮᠣ ᠣᠷᠣᠨ ᠵᠠᠢ ᠵᠢᠨ ᠦᠵᠡᠵᠦ ᠰᠣᠨᠣᠰᠬᠤ ᠪᠠ ᠵᠣᠬᠢᠶᠠᠮᠠᠯ ᠣᠶᠤᠨ ᠴᠢᠳᠠᠪᠤᠷᠢ ᠵᠢᠨ ᠲᠣᠮᠣ ᠵᠠᠭᠪᠤᠷ ᠵᠡᠷᠭᠡ ᠬᠦᠷᠢᠶᠡᠨ᠎ᠳᠤ ᠨᠢᠭᠡᠨᠲᠡ ᠪᠦᠬᠦ ᠪᠥᠮᠪᠥᠷᠴᠡᠭ᠎ᠤᠨ ᠨᠢᠭᠡᠳᠦᠭᠡᠷ ᠡᠩᠨᠡᠭᠡᠨ᠎ᠳᠤ ᠣᠷᠣᠵᠤ᠂ ᠬᠡᠳᠦ ᠶᠡᠬᠡ ᠬᠡᠪᠴᠢᠶᠡᠨ᠎ᠤ ᠵᠠᠬ᠎ᠠ ᠳᠡᠯᠭᠡᠭᠦᠷ ᠪᠠ ᠡᠯᠪᠡᠭ ᠪᠠᠶᠠᠯᠢᠭ ᠬᠡᠷᠡᠭᠯᠡᠭᠡᠨ᠎ᠤ ᠦᠵᠡᠭᠳᠡᠯ᠎ᠳᠤ ᠲᠦᠰᠢᠭᠯᠡᠨ ᠂ ᠳᠤᠮᠳᠠᠳᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠲᠠᠰᠤᠷᠠᠯᠲᠠ ᠦᠭᠡᠢ ᠴᠣᠯᠭᠣᠷᠠᠨ ᠭᠠᠷᠴᠤ᠂ ᠨᠢᠭᠡ ᠪᠦᠯᠦᠭ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠍ᠯᠠᠯ ᠢᠯᠡᠷᠡᠪᠡ ᠂ ᠳᠤᠮᠳᠠᠳᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠰᠢᠨ᠎ᠡ ᠵᠠᠬ᠎ᠠ ᠳᠡᠯᠭᠡᠭᠦᠷ᠎ᠢ ᠥᠷᠭᠡᠳᠭᠡᠬᠦ ᠰᠢᠨ᠎ᠡ ᠠᠵᠠ ᠲᠣᠬᠢᠶᠠᠯ᠎ᠢ ᠤᠭᠲᠤᠨ ᠠᠪᠴᠢᠷᠠᠪᠠ᠃
ᠨᠢᠭᠡ᠎ᠳᠤ ᠬᠡᠲᠦ ᠥᠨᠳᠥᠷ ᠲᠤᠩᠭ᠋ᠠᠯᠠᠭ ᠨᠢᠴᠦᠭᠦᠨ ᠨᠢᠳᠦ ᠲᠠᠢ 3D ᠵᠢᠴᠢ ᠬᠤᠶᠠᠳᠤᠭ᠋ᠠᠷ ᠲᠤᠬᠠᠶ ᠵᠢᠨ ᠲᠠᠯᠠᠪᠣᠷ᠎ᠤᠨ ᠰᠢᠨ᠎ᠡ ᠪᠠᠶ᠋ᠢᠳᠠᠯ᠎ᠢ ᠦᠷᠭᠡᠳᠬᠡᠪᠡ ᠃ ᠮᠠᠨ᠎ᠤ ᠤᠯᠤᠰ᠎ᠤᠨ ᠬᠡᠲᠦ ᠥᠨᠳᠥᠷ ᠲᠤᠩᠭ᠋ᠠᠯᠠᠭ ᠮᠡᠷᠭᠡᠵᠢᠯ ᠪᠦᠬᠦ ᠳᠡᠯᠡᠭᠡᠢ᠎ᠳᠤ ᠲᠡᠷᠢᠬᠦᠯᠡᠵᠤ᠂ ᠵᠠᠬ᠎ᠠ ᠳᠡᠯᠭᠡᠬᠦᠷ᠎ᠤᠨ ᠬᠡᠪᠴᠢᠶ᠎ᠠ ᠶᠡᠭᠡ᠂ ᠭᠡᠷᠡᠭᠯᠡᠭᠡᠨ᠎ᠤ ᠪᠠᠶ᠋ᠢᠳᠠᠯ ᠪᠠᠶᠠᠯᠢᠭ ᠪᠠᠢ᠌ᠵᠦ ᠂ ᠬᠡᠲᠦ ᠥᠨᠳᠥᠷ ᠲᠤᠩᠭ᠋ᠠᠯᠠᠭ ᠦᠵᠡᠵᠦ ᠰᠤᠨᠤᠰᠬᠤ ᠠᠵᠤ ᠦᠢ᠍ᠯᠡᠰ ᠶᠠᠭ ᠳᠦᠷᠭᠡᠨ ᠬᠦᠭᠵᠢᠵᠤ᠂ ᠳᠤᠭ᠋ᠠᠴᠢᠯᠠᠬᠰᠠᠨ ᠰᠤᠶᠤᠯ᠎ᠤᠨ ᠠᠵᠤ ᠦᠢ᠍ᠯᠡᠰ᠎ᠤᠨ ᠰᠢᠨ᠎ᠠ ᠨᠡᠮᠡᠭᠳᠡᠯ᠎ᠤᠨ ᠴᠡᠭ ᠪᠤᠯᠬᠤ ᠪᠤᠯᠤᠨ᠎ᠡ᠃ ᠪᠡᠭᠡᠵᠢᠭ᠎ᠤᠨ ᠳ᠋ᠦᠩ ᠹᠠᠩ ᠬᠡᠲᠦ ᠥᠨᠳᠥᠷ ᠲᠤᠩᠭ᠋ᠠᠯᠠᠭ ᠳᠡᠯᠭᠡᠴᠡ ᠵᠢᠨ ᠮᠡᠷᠭᠡᠵᠢᠯ᠎ᠳᠤ ᠲᠦᠰᠢᠭᠯᠡᠨ ᠂ ᠪᠦᠬᠦ ᠤᠯᠤᠰ᠎ᠲᠤ ᠭᠡᠷ᠎ᠤᠨ ᠭᠠᠳᠠᠨᠠᠬᠢ ᠬᠡᠲᠦ ᠥᠨᠳᠥᠷ ᠲᠤᠩᠭ᠋ᠠᠯᠠᠭ ᠣᠯᠠᠨ ᠲᠥᠷᠥᠯ ᠵᠦᠢ᠍ᠯ᠎ᠢ ᠭᠠᠷᠭ᠋ᠠᠵᠤ᠂ ᠲᠣᠢ᠌ᠯᠤᠨ ᠭᠠᠢ᠌ᠬᠠᠮᠰᠢᠭᠲᠤ ᠬᠠᠷᠠᠭ᠋ᠠᠨ ᠰᠠᠷᠠᠯ᠎ᠤᠨ ᠪᠡᠶᠡᠴᠢ ᠣᠢ᠌ᠯᠠᠭ᠋ᠠᠯᠲᠠ ᠵᠢ ᠠᠪᠴᠢᠷᠠᠭᠰᠠᠨ ᠪᠥᠭᠡᠳ ᠬᠣᠶᠠᠳᠤᠭ᠋ᠠᠷ ᠲᠤᠬᠠᠢ ᠵᠢᠨ ᠲᠠᠯᠠᠪᠣᠷ᠎ᠤᠨ ᠲᠤᠬᠠᠢ᠍ᠯᠠᠭᠰᠠᠨ ᠠᠵᠢᠯ᠎ᠢ ᠦᠷᠭᠡᠳᠬᠡᠪᠡ ᠃ ᠱᠧᠨᠵᠧᠨ᠎ᠤ ᠠᠢ ᠰᠧᠨ ᠲᠧᠯᠸᠢᠰ ᠮᠡᠳᠡᠭᠡᠯᠡᠯ᠎ᠤᠨ ᠺᠣᠮᠫᠠᠨᠢ ᠨᠢ ᠪᠦᠬᠦ ᠪᠥᠮᠪᠥᠷᠴᠡᠭ᠎ᠤᠨ ᠠᠩᠬᠠᠳᠠᠭᠴᠢ AI ᠬᠣᠣᠰ 16K ᠣᠯᠠᠨ ᠮᠣᠳᠧᠯ᠎ᠤᠨ ᠰᠣᠯᠪᠢᠴᠠᠯ᠎ᠤᠨ ᠰᠢᠰᠲ᠋ᠧᠮ᠎ᠤᠨ ᠰᠣᠭᠲᠣᠭᠣᠷᠠᠮᠠᠯ ᠮᠠᠶᠢᠭ᠎ᠤᠨ ᠪᠦᠮᠪᠦᠭᠡᠨ ᠬᠦᠰᠢᠭᠡ ᠵᠢᠨ ᠣᠷᠣᠨ ᠵᠠᠢ ᠵᠢ ᠨᠡᠭᠡᠭᠡᠵᠦ ᠂ ᠬᠡᠳᠦ ᠥᠨᠳᠥᠷ ᠲᠣᠩᠭ᠋ᠠᠯᠠᠭ ᠨᠢᠴᠦᠭᠦᠨ ᠨᠢᠲᠦ 3D ᠵᠢ ᠢᠯᠡᠷᠡᠭᠦᠯᠦᠯᠲᠡ ᠵᠢ ᠪᠡᠶᠡᠯᠡᠭᠦᠯᠵᠦ᠂ ᠰᠣᠶᠣᠯ ᠵᠢᠭᠤᠯᠴᠢᠯᠠᠯ᠂ ᠰᠤᠷᠭ᠋ᠠᠨ ᠬᠥᠮᠦᠵᠢᠯ᠂ ᠤᠷᠠᠯᠢᠭ᠂ ᠲᠣᠭᠯᠠᠯᠲᠠ᠂ ᠺᠢᠨᠤ᠋ ᠲᠧᠯᠸᠢᠰ᠂ ᠬᠤᠳᠠᠯᠳᠤᠭ᠎ᠠ᠂ ᠠᠮᠢᠳᠤᠷᠠᠯ ᠵᠡᠷᠭᠡ ᠬᠦᠷᠢᠶᠡᠨ᠎ᠳᠤ ᠥᠷᠭᠡᠨ ᠳᠡᠯᠭᠡᠷ ᠬᠡᠷᠡᠭᠯᠡᠭᠡᠨ᠎ᠤ ᠦᠵᠡᠭᠳᠡᠯ ᠢᠯᠡᠷᠡᠪᠡ᠃ ᠬᠡᠳᠦ ᠥᠨᠳᠥᠷ ᠲᠣᠩᠭ᠋ᠠᠯᠠᠭ ᠲᠣᠮᠣ ᠳᠡᠯᠭᠡᠴᠡ ᠵᠢᠨ ᠲᠤᠬᠠᠢ᠍ᠯᠠᠭᠰᠠᠨ ᠠᠵᠢᠯ᠂ ᠨᠢᠴᠦᠭᠦᠨ ᠨᠢᠳᠦ 3D ᠲᠤᠬᠠᠢ᠍ᠯᠠᠭᠰᠠᠨ ᠠᠵᠢᠯ᠎ᠨᠢ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠰᠢᠨ᠎ᠡ ᠤᠷᠤᠯᠳᠤᠭ᠋ᠠᠨ᠎ᠤ ᠵᠠᠮ ᠪᠣᠯᠬᠤ ᠪᠣᠯᠤᠨ᠎ᠠ᠃
ᠬᠤᠶᠠᠷ᠎ᠲᠤ ᠵᠢᠱ᠌ᠢᠮᠡᠭ ᠪᠣᠳᠠᠳᠣ ᠠᠬᠤᠶ ᠵᠢᠨ ᠰᠣᠭᠲᠣᠭᠣᠷᠠᠮᠠᠯ ᠮᠠᠶᠢᠭ᠎ᠤᠨ ᠦᠵᠡᠵᠦ ᠰᠣᠨᠣᠰᠬᠤ ᠰᠢᠨ᠎ᠡ ᠤᠷᠤᠯᠳᠤᠭ᠋ᠠᠨ᠎ᠤ ᠵᠠᠮ᠎ᠢ ᠪᠠᠢ᠌ᠷᠢᠯᠠᠭᠣᠯᠪᠠ ᠃ VR᠎ᠪᠠᠷ ᠲᠥᠯᠥᠭᠡᠯᠡᠭᠦᠯᠦᠭᠰᠡᠨ ᠰᠣᠭᠲᠣᠭᠣᠷᠠᠮᠠᠯ ᠮᠠᠶᠢᠭ᠎ᠤᠨ ᠦᠵᠡᠵᠦ ᠰᠣᠨᠣᠰᠬᠤ ᠦᠢ᠍ᠯᠡᠴᠢᠯᠡᠭᠡ ᠶᠠᠭ ᠰᠠᠢ᠌ᠬᠠᠨ ᠪᠦᠬᠦ ᠳᠡᠯᠡᠬᠡᠢ᠎ᠳᠤ ᠦᠷᠨᠢᠨ ᠬᠥᠭᠵᠢᠵᠦ ᠪᠠᠶ᠋ᠢᠨ᠎ᠠ᠃ ᠤᠷᠢᠳᠴᠢᠯᠠᠨ ᠮᠡᠳᠡᠵᠦ ᠳᠡᠢ᠌ᠯᠬᠦ ᠢᠷᠡᠭᠡᠳᠦᠢ᠎ᠳᠤ᠂ VR ᠲᠤᠭᠤᠯᠠᠭ᠎ᠠ\ ᠨᠢᠳᠦᠨ ᠰᠢᠯ᠎ᠨᠢ 《ᠡᠴᠦᠰ᠎ᠤᠨ ᠳᠡᠯᠭᠡᠴᠡ》 ᠪᠣᠯᠵᠤ᠂ VR᠎ᠨᠢ ᠴᠦ᠍ 《 ᠡᠴᠦᠰ᠎ᠤᠨ ᠵᠠᠭᠣᠴᠢᠯᠠᠭᠣᠷ 》 ᠪᠣᠯᠬᠤ ᠪᠣᠯᠤᠨ᠎ᠠ ᠃ ᠲᠣᠮᠣ ᠣᠷᠣᠨ ᠵᠠᠢ ᠵᠢᠨ ᠪᠠᠢ᠌ᠷᠢ ᠲᠣᠭᠲᠠᠭ᠋ᠠᠯᠲᠠ ᠵᠢᠨ ᠮᠡᠷᠭᠡᠵᠢᠯ᠎ᠤᠨ LBE ᠵᠢᠨ ᠲᠦᠷᠭᠡᠨ ᠬᠥᠭᠵᠢᠯᠲᠡ ᠵᠢᠨ ᠠᠴᠢ᠎ᠪᠠᠷ ᠂ VR\MR ᠲᠤᠬᠠᠢ᠍ᠯᠠᠭᠰᠠᠨ ᠠᠵᠢᠯ᠎ᠨᠢ ᠥᠷᠨᠢᠩᠭᠦᠢ ᠬᠥᠭᠵᠢᠵᠦ᠂ ᠵᠠᠬ᠎ᠠ ᠳᠡᠯᠭᠡᠭᠦᠷ ᠳᠡᠭᠡᠷ᠎ᠡ ᠮᠠᠰᠢ ᠣᠯᠠᠨ ᠵᠢᠱ᠌ᠢᠮᠡᠭ ᠪᠣᠳᠠᠲᠤ ᠦᠢ᠍ᠯᠡᠳᠬᠦᠨ ᠢᠯᠡᠷᠡᠨ ᠭᠠᠷᠴᠠᠢ᠂ ᠵᠢᠱ᠌ᠢᠶᠡᠯᠡᠪᠡᠯ᠂ ᠾᠧᠨᠠᠨ ᠰᠣᠪᠠᠭ᠎ᠨᠢ 《ᠳᠠᠩ ᠤᠯᠤᠰ᠎ᠤᠨ ᠣᠷᠳᠣᠨ᠎ᠤ ᠰᠥᠨᠢ ᠵᠢᠨ ᠳᠠᠢ᠍ᠯᠠᠯᠭᠠ》᠂ 《 ᠨᠢᠭᠣᠴᠠᠬᠠᠢ ᠴᠢᠨᠤ ᠣᠩᠭᠣᠨ 》 ᠵᠡᠷᠭᠡ VR ᠺᠢᠨᠤ᠋ ᠵᠢ ᠭᠠᠷᠭ᠋ᠠᠵᠤ᠂ ᠮᠢ ᠭᠦ᠋ ᠵᠢᠨ ᠭᠠᠷᠭ᠋ᠠᠭᠰᠠᠨ 《 ᠪᠣᠳᠠᠯᠠ ᠣᠷᠳᠣᠨ》᠎ᠤ VR ᠲᠣᠮᠣ ᠣᠷᠣᠨ ᠵᠠᠢ ᠵᠢ ᠳᠡᠯᠭᠡᠨ ᠦᠵᠡᠭᠦᠯᠵᠦ᠂ ᠵᠢᠶᠠ ᠴᠤᠸᠠᠩ ᠲᠧᠯᠸᠢᠰ ᠮᠡᠳᠡᠭᠡᠯᠡᠯ ᠪᠡᠭᠡᠵᠢᠩ᠎ᠤᠨ ᠬᠤᠸᠠᠨ ᠵᠢᠩ᠎ᠨᠢ MR ᠲᠥᠷᠥᠯ ᠵᠦᠢ᠍ᠯ 《 ᠱᠠᠨ ᠬᠠᠢ ᠣᠷᠣᠨ ᠵᠠᠢ》 ᠵᠢ ᠭᠠᠷᠭ᠋ᠠᠵᠦ ᠂ ᠠᠢ ᠴᠢ ᠢ 《ᠰᠠᠯᠬᠢᠨ ᠳᠡᠭᠳᠡᠭᠰᠡᠨ ᠯᠦᠸᠧ ᠶᠠᠩ》᠂ 《ᠳᠠᠩ ᠤᠯᠤᠰ᠎ᠤᠨ ᠰᠣᠨᠢᠨ ᠵᠢᠭ᠌ᠲᠠᠢ ᠶᠠᠪᠣᠳᠠᠯ᠎ᠤᠨ ᠲᠡᠮᠳᠡᠭᠯᠡᠯ》 ᠵᠡᠷᠭᠡ VR ᠲᠣᠮᠤ ᠣᠷᠣᠨ ᠵᠠᠢ ᠵᠢᠨ ᠲᠥᠷᠥᠯ ᠵᠦᠢ᠍ᠯ᠎ᠢ ᠭᠠᠷᠭ᠋ᠠᠵᠤ᠂ ᠬᠡᠷᠡᠭᠯᠡᠭᠴᠢᠳ᠎ᠲᠤ ᠴᠣ᠋ ᠰᠢᠨ᠎ᠡ ᠦᠵᠡᠵᠦ ᠰᠣᠨᠣᠰᠬᠤ ᠪᠡᠶᠡᠴᠢ ᠣᠢ᠌ᠯᠠᠭ᠋ᠠᠯᠲᠠ ᠵᠢ ᠠᠪᠴᠢᠷᠠᠵᠤ᠂ ᠦᠵᠡᠵᠦ ᠰᠣᠨᠣᠰᠬᠤ ᠠᠵᠦ ᠦᠢ᠍ᠯᠡᠰ᠎ᠤᠨ ᠬᠦᠭᠵᠢᠯᠲᠡ ᠵᠢᠨ ᠰᠢᠨ᠎ᠡ ᠣᠷᠣᠯᠳᠣᠭ᠋ᠠᠨ᠎ᠤ ᠵᠠᠮ ᠪᠣᠯᠣᠭᠰᠠᠨ ᠪᠠᠢ᠌ᠨ᠎ᠠ ᠃
ᠭᠤᠷᠪᠠ᠎ᠳᠤ ᠵᠣᠬᠢᠶᠠᠮᠠᠯ ᠣᠶᠣᠨ ᠴᠢᠳᠠᠪᠣᠷᠢ ᠵᠢᠨ ᠦᠵᠡᠵᠦ ᠰᠣᠨᠣᠰᠬᠤ ᠦᠢ᠍ᠯᠡᠴᠢᠯᠡᠭᠡᠨ᠎ᠤ ᠠᠰᠢᠭᠲᠠᠢ ᠪᠠᠶ᠋ᠢᠷᠢ ᠵᠢ ᠵᠠᠪᠳᠤᠨ ᠡᠵᠡᠯᠡᠪᠡ᠃ ᠡᠭᠦᠰᠦᠮᠡᠯ ᠮᠠᠶᠢᠭ᠎ᠤᠨ ᠵᠣᠬᠢᠶᠠᠮᠠᠯ ᠣᠶᠣᠨ ᠴᠢᠳᠠᠪᠣᠷᠢ ᠵᠢᠨ ᠲᠠᠪᠴᠠᠩ᠎ᠨᠢ ᠢᠷᠡᠭᠡᠳᠦᠶ ᠵᠢᠨ ᠡᠴᠦᠰ᠎ᠤᠨ ᠣᠶᠤᠨᠴᠢ ᠲᠠᠪᠴᠠᠩ ᠪᠣᠯᠬᠤ ᠪᠣᠯᠤᠮᠵᠢ᠎ᠲᠠᠢ ᠪᠠᠶ᠋ᠢᠵᠤ᠂ ᠳᠤᠮᠳᠠᠳᠤ ᠤᠯᠤᠰ ᠨᠢ ᠳᠡᠯᠡᠬᠡᠶ ᠵᠢᠨ ᠲᠡᠷᠢᠭᠦᠨ᠎ᠤ ᠣᠶᠤᠨᠴᠢ ᠦᠢ᠍ᠯᠡᠴᠢᠯᠡᠭᠡᠨ᠎ᠤ ᠲᠠᠪᠴᠠᠩ᠎ᠢ ᠭᠠᠷᠭ᠋ᠠᠵᠤ᠂ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠭᠤᠤᠯ ᠵᠠᠩᠭᠢᠯᠠᠭ᠎ᠠ ᠵᠢᠨ ᠴᠡᠭ᠎ᠢ ᠤᠯᠠᠮ ᠨᠢᠭᠡ ᠠᠯᠬᠤᠮ ᠴᠣᠭᠴᠠᠯᠠᠬᠤ ᠪᠣᠯᠤᠮᠵᠢ᠎ᠲᠠᠢ ᠪᠠᠶ᠋ᠢᠨ᠎ᠠ᠃ ᠪᠡᠭᠡᠵᠢᠩ᠎ᠤᠨ ᠱᠧᠩ ᠱᠦ᠍ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠲᠣᠮᠣ ᠵᠠᠭᠪᠤᠷ Vidu ᠵᠢᠨ ᠪᠤᠢ ᠪᠣᠯᠭ᠋ᠠᠭᠰᠠᠨ ᠸᠢᠳᠢᠣ᠋ ᠵᠢᠨ ᠠᠭᠤᠯᠭ᠎ᠠ ᠵᠢᠨ ᠶᠠᠰᠤ ᠴᠢᠨᠠᠷ ᠥᠨᠳᠥᠷ᠂ ᠥᠪᠡᠷ᠎ᠤᠨ ᠦᠷᠳᠡᠭ ᠳᠣᠣᠷ᠎ᠠ᠂ ᠨᠢᠭᠡᠨᠲᠡ ᠪᠦᠬᠦ ᠪᠥᠮᠪᠥᠷᠴᠡᠭ᠎ᠤᠨ 200 ᠭᠠᠷᠤᠢ ᠤᠯᠤᠰ ᠪᠠ ᠭᠠᠵᠠᠷ ᠣᠷᠣᠨ᠎ᠳᠤ ᠦᠢ᠍ᠯᠡᠴᠢᠯᠡᠵᠦ᠂ 2500 ᠲᠦᠮᠡᠨ ᠬᠡᠷᠡᠭᠯᠡᠭᠴᠢ ᠵᠢ ᠳᠠᠪᠠᠵᠤ᠂ ᠪᠦᠬᠦ ᠪᠥᠮᠪᠥᠷᠴᠡᠭ᠎ᠤᠨ ᠬᠡᠳᠦᠨ ᠵᠠᠭᠤᠨ ᠠᠵᠤ ᠠᠬᠤᠶ᠋ᠢᠯᠠᠯ᠎ᠳᠤ ᠦᠢ᠍ᠯᠡᠴᠢᠯᠡᠵᠦ᠂ ᠬᠡᠷᠡᠭᠯᠡᠭᠴᠢᠳ ᠨᠢ ᠧᠦ᠋ᠷᠣᠫᠠ ᠠᠮᠧᠷᠢᠺᠠ᠂ ᠶᠠᠫᠣᠨ ᠺᠣᠷᠢᠶᠠ ᠵᠡᠷᠭᠡ ᠬᠥᠭᠵᠢᠭᠰᠡᠨ ᠤᠯᠤᠰ᠎ᠲᠤ ᠲᠠᠷᠬᠠᠵᠤ ᠪᠤᠢ ᠃ ᠵᠣᠬᠢᠶᠠᠮᠠᠯ ᠣᠶᠤᠨ ᠴᠢᠳᠠᠪᠣᠷᠢ ᠵᠢᠨ ᠣᠷᠴᠢᠭᠣᠯᠣᠨ ᠦᠢ᠍ᠯᠡᠳᠴᠦ ᠠᠪᠢᠶ᠎ᠠ ᠲᠠᠭ᠋ᠠᠷᠠᠭᠣᠯᠬᠤ ᠡᠭᠴᠡ ᠵᠠᠭᠪᠣᠷ᠎ᠨᠢ ᠨᠡᠯᠢᠶᠡᠳ ᠪᠣᠯᠪᠠᠰᠤᠷᠠᠩᠭᠤᠢ ᠪᠠᠢ᠌ᠵᠦ ᠂ ᠣᠯᠠᠨ ᠤᠯᠤᠰ᠎ᠤᠨ ᠳᠠᠮᠵᠢᠭᠣᠯᠭ᠎ᠠ᠎ᠳᠤ ᠬᠦᠴᠦᠨ ᠨᠡᠮᠡᠷᠢᠯᠡᠵᠦ ᠪᠠᠢ᠌ᠳᠠᠭ ᠃ ᠦᠬᠠᠨ᠎ᠤ ᠵᠢᠶᠠᠨ ᠱ᠌ᠢ ᠰᠢᠨᠵᠢᠯᠡᠬᠦ ᠣᠬᠠᠭ᠋ᠠᠨ ᠲᠸᠭᠨᠢᠭ ᠮᠡᠷᠭᠡᠵᠢᠯ᠎ᠤᠨ ᠨᠡᠭᠡᠭᠡᠨ ᠬᠦᠭᠵᠢᠭᠦᠯᠦᠯᠲᠡ ᠵᠢᠨ ᠶᠡᠷᠦᠩᠬᠡᠢ᠌ᠯᠡᠭᠰᠡᠨ ᠴᠢᠨᠠᠷᠲᠠᠢ ᠣᠶᠣᠨᠴᠢ ᠳᠠᠮᠵᠢᠭᠣᠯᠭ᠎ᠠ ᠵᠢᠨ ᠲᠠᠪᠴᠠᠩ 《ᠪᠢᠴᠢᠯ ᠡᠯᠴᠢᠨ》᠎ᠨᠢ ᠬᠣᠷᠳᠣᠴᠠ᠎ᠨᠢ ᠨᠡᠩ ᠲᠦᠷᠭᠡᠨ᠂ ᠦᠪᠡᠷ᠎ᠤᠨ ᠦᠷᠲᠡᠭ᠎ᠨᠢ ᠨᠡᠩ ᠳᠣᠣᠷ᠎ᠠ᠂ ᠦᠷ᠎ᠡ ᠪᠦᠲᠦᠮᠵᠢ᠎ᠨᠢ ᠠᠶᠠᠨᠳᠠᠭ᠋ᠠᠨ ᠣᠷᠣᠰᠣᠮ᠎ᠠ᠂ ᠬᠡᠯᠡ ᠠᠯᠣᠰᠯᠠᠭᠰᠠᠨ ᠠᠪᠢᠶ᠎ᠠ ᠵᠢ ᠨᠡᠢ᠌ᠯᠡᠭᠦᠯᠬᠦ ᠵᠢ ᠳᠡᠮᠵᠢᠬᠦ ᠵᠡᠷᠭᠡ ᠳᠠᠪᠠᠭᠣᠯᠢᠭ᠎ᠲᠠᠢ ᠶᠤᠮ᠂ ᠣᠳᠣᠬᠠᠨ᠎ᠳᠤ᠂ ᠲᠤᠰ ᠲᠠᠪᠴᠠᠩ᠎ᠨᠢ ᠨᠢᠭᠡᠨᠲᠡ 800 ᠭᠠᠷᠤᠢ ᠪᠠᠶ᠋ᠢᠭᠤᠯᠤᠮᠵᠢ ᠪᠠ ᠠᠵᠤ ᠠᠬᠤᠶ᠋ᠢᠯᠠᠯ᠎ᠳᠤ ᠣᠶᠤᠨᠴᠢ ᠣᠷᠴᠢᠭᠣᠯᠣᠨ ᠦᠢ᠍ᠯᠡᠳᠬᠦ ᠵᠢ ᠰᠢᠢ᠍ᠳᠪᠦᠷᠢᠯᠡᠬᠦ ᠲᠥᠰᠦᠯ᠎ᠤᠨ ᠦᠢ᠍ᠯᠡᠴᠢᠯᠡᠭᠡ ᠬᠠᠩᠭ᠋ᠠᠵᠤ᠂ ᠨᠡᠶ᠋ᠢᠳᠡ 220 ᠲᠦᠮᠡᠨ ᠮᠢᠨᠦ᠋ᠲ ᠸᠢᠳᠢᠤ᠋ ᠵᠢ ᠣᠷᠴᠢᠭᠣᠯᠣᠨ ᠦᠢ᠍ᠯᠡᠳᠴᠦ ᠠᠪᠢᠶ᠎ᠠ ᠲᠠᠭ᠋ᠠᠷᠠᠭᠣᠯᠣᠨ ᠂ 30 ᠭᠠᠷᠤᠢ ᠲᠦᠷᠦᠯ᠎ᠤᠨ ᠦᠭᠡ ᠬᠡᠯᠡ ᠵᠢ ᠬᠠᠮᠤᠷᠴᠤ᠂ 10000 ᠭᠠᠷᠤᠢ ᠪᠦᠲᠦᠭᠡᠯ᠎ᠢ ᠪᠦᠬᠦ ᠪᠥᠮᠪᠥᠷᠴᠡᠭ᠎ᠲᠤ ᠳᠠᠮᠵᠢᠭᠣᠯᠬᠤ ᠵᠢ ᠪᠡᠶᠡᠯᠡᠭᠦᠯᠦᠭᠰᠡᠨ ᠪᠠᠶ᠋ᠢᠨ᠎ᠠ᠃
ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ᠎ᠨᠢ ᠢᠯᠡ ᠲᠣᠳᠣ ᠮᠡᠷᠭᠡᠵᠢᠯ᠎ᠤᠨ ᠰᠢᠨᠵᠢ ᠴᠢᠨᠠᠷ ᠪᠠ ᠰᠣᠶᠣᠯ᠎ᠤᠨ ᠰᠢᠨᠵᠢ ᠴᠢᠨᠠᠷᠲᠠᠢ ᠪᠠᠶ᠋ᠢᠵᠤ ᠂ ᠲᠡᠷᠢᠭᠦᠨ᠎ᠤ ᠮᠡᠷᠭᠡᠵᠢᠯ ᠵᠶ᠋ᠠᠷ ᠰᠣᠶᠣᠯ᠎ᠤᠨ ᠰᠢᠨ᠎ᠡ ᠵᠢ ᠡᠭᠦᠳᠬᠦ᠎ᠳᠤ ᠬᠦᠴᠦᠨ ᠨᠡᠮᠡᠷᠢᠯᠡᠵᠦ ᠂ ᠰᠢᠨ᠎ᠡ ᠮᠡᠷᠭᠡᠵᠢᠯ᠎ᠳᠤ ᠵᠣᠬᠢᠴᠠᠬᠤ ᠲᠣᠭ᠋ᠠᠴᠢᠯᠠᠭᠰᠠᠨ ᠰᠣᠶᠣᠯ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠤᠢ ᠪᠣᠯᠭ᠋ᠠᠬᠤ ᠪᠣᠯ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ ᠴᠢᠨᠠᠭᠰᠢᠯᠠᠪᠠᠯ ᠪᠦᠬᠦ ᠪᠥᠮᠪᠥᠷᠴᠡᠭ᠎ᠤᠨ ᠲᠣᠭ᠋ᠠᠴᠢᠯᠠᠭᠰᠠᠨ ᠰᠣᠶᠣᠯ᠎ᠤᠨ ᠰᠢᠨ᠎ᠡ ᠬᠡᠷᠡᠭᠯᠡᠭᠡ ᠵᠢ ᠬᠦᠳᠦᠯᠦᠨ ᠳᠠᠭ᠋ᠠᠭᠤᠯᠬᠤ ᠵᠢᠨ ᠵᠠᠶ᠋ᠢᠯᠠᠰᠢ ᠦᠭᠡᠢ ᠶᠠᠪᠤᠬᠤ ᠵᠠᠮ ᠪᠣᠯᠤᠨ᠎ᠠ᠃ ᠳᠤᠮᠳᠠᠳᠤ ᠤᠯᠤᠰ ᠥᠩᠭᠡᠷᠡᠭᠰᠡᠨ᠎ᠳᠤ ᠢᠨᠲ᠋ᠧᠷ ᠰᠦᠯᠵᠢᠶᠡᠨ᠎ᠤ ᠲᠣᠭ᠋ᠠᠴᠢᠯᠠᠯᠲᠠ ᠂ ᠰᠢᠯᠵᠢᠯᠳᠠ ᠵᠢᠨ ᠣᠷᠢᠳ ᠵᠶ᠋ᠠᠷ ᠬᠦᠭᠵᠢᠭᠦᠯᠬᠦ ᠳᠠᠪᠠᠭᠤᠯᠢᠭ᠎ᠢ ᠠᠳᠬᠤᠵᠤ᠂ ᠰᠣᠶᠣᠯ᠎ᠤᠨ ᠭᠠᠳᠠᠭ᠋ᠠᠳᠤ᠎ᠳᠤ ᠭᠠᠷᠭ᠋ᠠᠬᠤ ᠰᠢᠨ᠎ᠡ ᠭᠤᠷᠪᠠᠨ ᠵᠦᠢ᠍ᠯ᠎ᠢ ᠡᠭᠦᠳᠪᠡ᠃ ᠣᠳᠣᠬᠢ ᠱᠠᠲᠤᠨ᠎ᠳᠤ᠂ ᠬᠡᠷᠪᠡ ᠬᠡᠳᠦ ᠥᠨᠳᠥᠷ ᠲᠤᠩᠭ᠋ᠠᠯᠠᠭ᠂ ᠵᠢᠱ᠌ᠢᠮᠡᠭ ᠠᠬᠤᠶ ᠂ ᠵᠣᠬᠢᠶᠠᠮᠠᠯ ᠣᠶᠤᠨ ᠴᠢᠳᠠᠪᠤᠷᠢ ᠵᠢᠨ ᠬᠦᠷᠢᠶᠡᠨ᠎ᠳᠠᠬᠢ ᠤᠷᠢᠳ ᠵᠶ᠋ᠠᠷ ᠬᠥᠭᠵᠢᠭᠦᠯᠬᠦ ᠳᠠᠪᠠᠭᠤᠯᠢᠭ᠎ᠢ ᠦᠷᠭᠦᠯᠵᠢᠯᠡᠨ ᠡᠵᠡᠮᠰᠢᠪᠡᠯ ᠂ ᠮᠠᠨ᠎ᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ ᠨᠢ ᠪᠥᠬᠦ ᠪᠥᠮᠪᠥᠷᠴᠡᠭ᠎ᠤᠨ ᠰᠣᠶᠣᠯ᠎ᠤᠨ ᠬᠡᠷᠡᠭᠯᠡᠭᠡᠨ᠎ᠤ ᠬᠤᠪᠢᠰᠤᠯᠲᠠ ᠵᠢ ᠬᠥᠲᠥᠯᠥᠨ ᠳᠠᠭ᠋ᠠᠭᠤᠯᠬᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠰᠣᠶᠣᠯ᠎ᠤᠨ ᠰᠢᠨ᠎ᠡ ᠵᠢ ᠡᠭᠦᠳᠬᠦ ᠬᠦᠴᠦᠷᠬᠡᠭ ᠤᠯᠤᠰ᠎ᠤᠨ ᠪᠠᠶ᠋ᠢᠷᠢ ᠰᠠᠭᠤᠷᠢ ᠵᠢ ᠪᠣᠶ ᠪᠣᠯᠭ᠋ᠠᠬᠤ ᠴᠢᠬᠤᠯᠠ ᠶᠡᠭᠡ ᠲᠡᠦᠬᠡᠨ ᠠᠵᠠ ᠲᠣᠬᠢᠶᠠᠯ᠎ᠢ ᠤᠭᠲᠤᠨ ᠠᠪᠴᠢᠷᠠᠬᠤ ᠪᠣᠯᠤᠨ᠎ᠠ᠃