ᠬᠡᠷᠡᠭᠯᠡᠭᠡ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠬᠦ ᠵᠢ 2025 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠠᠷᠪᠠᠨ ᠶᠡᠭᠡ ᠡᠭᠦᠷᠭᠡ ᠵᠢᠨ ᠲᠡᠷᠢᠭᠦᠨ᠎ᠳᠤ ᠣᠷᠣᠭᠣᠯᠪᠠ ᠃ ᠣᠢ᠍ᠷ᠎ᠠ᠎ᠳᠤ ᠂ ᠱᠠᠨᠳᠦ᠋ᠩ ᠮᠣᠵᠢ ᠵᠢᠨ ᠷᠠᠳᠢᠤ᠋ ᠲᠧᠯᠸᠢᠰ᠎ᠤᠨ ᠲᠣᠪᠴᠢᠶ᠎ᠠ 《 ᠷᠠᠳᠢᠤ᠋ ᠲᠧᠯᠸᠢᠰ᠎ᠤᠨ ᠦᠵᠡᠵᠦ ᠰᠣᠨᠣᠰᠬᠤ ᠬᠡᠷᠡᠭᠯᠡᠭᠡ ᠵᠢ ᠶᠡᠬᠡ᠎ᠪᠠᠷ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ 》᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂ 《 ᠬᠡᠷᠡᠭᠯᠡᠭᠡ ᠵᠢ ᠳᠡᠭᠡᠭᠰᠢᠯᠡᠭᠦᠯᠬᠦ 》 ᠡᠨᠡ ᠬᠦ᠌ ᠤᠯᠤᠰ᠎ᠤᠨ ᠪᠠᠢ᠌ᠯᠳᠣᠬᠤ ᠪᠣᠳᠣᠯᠭ᠎ᠠ ᠵᠢᠨ ᠪᠠᠢ᠍ᠷᠢᠯᠠᠭᠤᠯᠤᠯᠲᠠ ᠵᠢᠨ ᠤᠷᠢᠶᠠᠯᠠᠭ᠎ᠠ ᠵᠢ ᠢᠳᠡᠪᠬᠢᠲᠡᠢ ᠴᠤᠤᠷᠢᠶᠠᠲᠤᠨ ᠠᠶᠠᠳᠠᠪᠠ ᠃ ᠲᠣᠰ ᠠᠷᠭ᠎ᠠ ᠬᠡᠮᠵᠢᠶ᠎ᠡ ᠨᠢ ᠰᠢᠰᠲ᠋ᠧᠮ ᠲᠠᠢ ᠲᠠᠪᠤᠨ ᠬᠡᠰᠡᠭ ᠬᠤᠷᠢᠨ ᠵᠤᠷᠪᠣᠰ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠵᠢ ᠨᠡᠶ᠋ᠢᠲᠡᠯᠡᠵᠦ ᠂ ᠤᠬᠠᠭᠤᠯᠵᠤ ᠬᠥᠲᠥᠯᠥᠨ ᠵᠢᠯᠣᠭᠤᠳᠬᠤ᠂ ᠵᠦᠴᠦᠭᠡ ᠵᠢᠨ ᠲᠡᠭᠦᠪᠦᠷᠢ ᠵᠢᠨ ᠠᠵᠦ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ᠂ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠪᠤᠶ᠋ᠢᠵᠢᠭᠤᠯᠬᠤ ᠵᠡᠷᠭᠡ ᠴᠢᠭᠯᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠨ᠎ᠤ ᠵᠤᠷᠢᠯᠭ᠎ᠠ᠎ᠨᠢ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠳᠠᠪᠠᠭᠤᠯᠢᠭ᠎ᠢ ᠪᠠᠳᠠᠷᠠᠭᠤᠯᠵᠤ᠂ ᠦᠵᠡᠵᠦ ᠰᠣᠨᠣᠰᠬᠤ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠬᠤ ᠵᠢᠨ ᠲᠥᠯᠥᠭᠡ ᠶᠤᠮ᠃ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠂ ᠮᠡᠷᠭᠡᠵᠢᠯ᠎ᠤᠨ ᠲᠠᠰ ᠳᠡᠪᠰᠢᠭᠦᠯᠬᠦ ᠪᠠ ᠠᠷᠠᠳ᠎ᠲᠤ ᠠᠰᠢᠭ ᠬᠦᠷᠲᠡᠭᠡᠬᠦ ᠠᠵᠢᠯᠯᠠᠭ᠎ᠠ ᠵᠢ ᠨᠢᠭᠡᠳᠦᠭᠦᠯᠬᠦ᠎ᠪᠠᠷ ᠳᠠᠮᠵᠢᠭᠤᠯᠤᠨ᠂ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠵᠤ᠂ ᠱᠠᠨᠳᠦ᠋ᠩ᠎ᠤᠨ ᠠᠵᠤ ᠠᠬᠤᠶ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠥᠷᠭᠡᠨ ᠣᠯᠠᠨ ᠲᠦᠮᠡᠨ᠎ᠳᠤ ᠠᠰᠢᠭ ᠬᠦᠷᠲᠡᠭᠡᠪᠡ᠃
ᠡᠨᠡ ᠵᠢᠯ᠎ᠠᠴᠠ ᠨᠠᠭ᠋ᠠᠰᠢ᠂ ᠲᠥᠪ᠎ᠠᠴᠠ ᠣᠷᠣᠨ ᠨᠤᠲᠤᠭ ᠬᠦᠷᠲᠡᠯ᠎ᠡ ᠠᠯᠢ ᠤᠯᠠᠨ ᠲᠦᠷᠦ ᠵᠢᠨ ᠪᠤᠳᠤᠯᠭ᠎ᠠ ᠵᠢᠨ ᠪᠢᠴᠢᠭ ᠮᠠᠲ᠋ᠧᠷᠢᠶᠠᠯ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ ᠡᠭᠦᠨ᠎ᠤ ᠵᠣᠷᠢᠯᠭ᠎ᠠ᠎ᠨᠢ ᠬᠡᠷᠡᠭᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠴᠢᠨᠠᠷ ᠰᠠᠶ᠋ᠢᠲᠠᠢ ᠬᠠᠩᠭ᠋ᠠᠯᠭ᠎ᠠ ᠵᠢ ᠨᠡᠮᠡᠭᠳᠡᠭᠦᠯᠵᠦ᠂ ᠬᠡᠷᠡᠭᠯᠡᠭᠡᠨ᠎ᠤ ᠣᠷᠴᠢᠨ ᠲᠣᠭᠤᠷᠢᠨ᠎ᠢ ᠰᠠᠶ᠋ᠢᠵᠢᠷᠠᠭᠤᠯᠵᠤ᠂ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ ᠵᠢ ᠠᠬᠢᠭᠤᠯᠬᠤ ᠵᠢᠨ ᠲᠥᠯᠥᠭᠡ ᠶᠤᠮ᠃ 《ᠷᠠᠳᠢᠤ᠋ ᠲᠧᠯᠸᠢᠰ᠎ᠤᠨ ᠦᠵᠡᠵᠦ ᠰᠣᠨᠣᠰᠬᠤ ᠬᠡᠷᠡᠭᠯᠡᠭᠡ ᠵᠢ ᠶᠡᠬᠡ᠎ᠪᠠᠷ ᠠᠬᠢᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ 》 ( ᠱᠠᠨᠳᠦ᠋ᠩ ᠷᠠᠳᠢᠣ᠋ ᠲᠧᠯᠸᠢᠰ ᠲᠠᠷᠬᠠᠭ᠋ᠠᠭᠰᠠᠨ [2025] 13 ᠳ᠋ᠤᠭ᠋ᠠᠷ ᠲᠣᠭ᠋ᠠᠲᠤ ) ᠨᠢ ᠨᠢᠭᠡᠨᠲᠡ ᠱᠠᠨᠳᠦ᠋ᠩ ᠮᠤᠵᠢ ᠵᠢᠨ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠵᠢᠩᠬᠢᠨᠢ᠎ᠪᠠᠷ ᠨᠡᠢ᠌ᠲᠡᠯᠡᠭᠳᠡᠨ ᠬᠡᠷᠡᠭᠵᠢᠭᠦᠯᠦᠭᠳᠡᠪᠡ ᠃ ᠲᠣᠰ ᠠᠷᠭ᠎ᠠ ᠬᠡᠮᠵᠢᠶ᠎ᠡ ᠨᠢ ᠰᠢᠰᠲ᠋ᠧᠮ᠎ᠲᠠᠢ ᠲᠥᠯᠥᠪᠵᠢᠭᠦᠯᠬᠦ ᠵᠢ ᠪᠠᠷᠢᠮᠲᠠᠯᠠᠵᠤ ᠂ ᠰᠢᠨ᠎ᠡ ᠵᠢ ᠡᠭᠦᠳᠦᠨ ᠥᠷᠭᠡᠳᠬᠡᠬᠦ ᠵᠢ ᠪᠠᠷᠢᠮᠲᠠᠯᠠᠵᠤ᠂ ᠲᠠᠪᠤᠨ ᠬᠡᠰᠡᠭ ᠨᠡᠶ᠋ᠢᠲᠡ ᠬᠤᠷᠢᠨ ᠵᠤᠷᠪᠤᠰ ᠬᠥᠲᠥᠯᠥᠨ ᠳᠠᠭ᠋ᠠᠭᠤᠯᠬᠤ ᠴᠢᠨᠠᠷᠲᠠᠶ᠂ ᠳᠠᠶ᠋ᠢᠴᠢᠯᠠᠬᠤ ᠴᠢᠨᠠᠷᠲᠠᠶ ᠂ ᠬᠡᠷᠡᠭᠵᠢᠭᠦᠯᠵᠦ ᠪᠣᠯᠬᠤᠶ᠋ᠢᠴᠠ ᠴᠢᠨᠠᠷᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠨᠢᠭᠡᠳᠦᠭᠡᠷ ᠬᠡᠰᠡᠭ᠎ᠨᠢ ᠦᠵᠡᠵᠦ ᠰᠣᠨᠣᠰᠬᠤ ᠬᠡᠷᠡᠭᠯᠡᠭᠡᠨ᠎ᠤ ᠤᠬᠠᠭᠤᠯᠭ᠎ᠠ ᠵᠢᠯᠤᠭᠤᠳᠤᠯᠭ᠎ᠠ ᠵᠢ ᠴᠢᠩᠭ᠋ᠠᠳᠬᠠᠪᠠ ᠂ ᠡᠭᠦᠨ᠎ᠳᠤ ᠬᠡᠷᠡᠭᠯᠡᠭᠡ ᠵᠢ ᠳᠡᠭᠡᠭᠰᠢᠯᠡᠭᠦᠯᠬᠦ ᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠬᠤ ᠪᠠ ᠬᠡᠷᠡᠭᠯᠡᠭᠡ ᠵᠢ ᠳᠡᠭᠡᠭᠰᠢᠯᠡᠭᠦᠯᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠤᠶᠠᠷ ᠵᠦᠢ᠍ᠯ᠎ᠢ ᠪᠠᠭᠲᠠᠭ᠋ᠠᠪᠠ ᠃
ᠬᠤᠶᠠᠳᠤᠭ᠋ᠠᠷ ᠬᠡᠰᠡᠭ᠎ᠨᠢ ᠵᠦᠴᠦᠭᠡ ᠵᠢᠨ ᠲᠡᠭᠦᠪᠦᠷᠢ ᠵᠢᠨ ᠠᠵᠦ ᠦᠢ᠍ᠯᠡᠰ᠎ᠤᠨ ᠬᠡᠯᠬᠢᠶ᠎ᠡ ᠵᠢ ᠣᠷᠲᠣᠳᠬᠠᠵᠤ ᠬᠦᠴᠦᠨ ᠨᠡᠮᠡᠷᠢᠯᠡᠬᠦ ᠵᠢ ᠠᠬᠢᠭᠣᠯᠪᠠ ᠂ ᠨᠡᠶ᠋ᠢᠳᠡ 4 ᠵᠤᠷᠪᠣᠰ ᠪᠤᠢ᠂ ᠨᠢᠭᠡ᠎ᠳᠤ 《 ᠠᠭᠤᠯᠭ᠎ᠠ + ᠦᠵᠡᠭᠳᠡᠯ 》 ᠬᠤᠯᠪᠣᠭ᠋ᠠᠯᠠᠨ ᠬᠥᠳᠡᠯᠦᠯᠴᠡᠵᠦ ᠬᠡᠷᠡᠭᠯᠡᠭᠡ ᠬᠢᠵᠦ ᠂ ᠬᠤᠶᠠᠷ᠎ᠲᠤ 《 ᠠᠭᠤᠯᠭ᠎ᠠ + ᠦᠢ᠍ᠯᠡᠳᠬᠦᠨ》 ᠬᠤᠯᠪᠣᠭ᠋ᠠᠯᠠᠨ ᠬᠥᠳᠡᠯᠦᠯᠴᠡᠵᠦ ᠬᠡᠷᠡᠭᠯᠡᠭᠡ ᠬᠢᠵᠦ ᠂ ᠭᠤᠷᠪᠠ᠎ᠳᠤ 《 ᠪᠢᠴᠢᠯ ᠣᠬᠤᠷ ᠵᠦᠴᠦᠭᠡ ᠵᠢ ᠳᠠᠭ᠋ᠠᠵᠤ ᠵᠢᠭᠤᠯᠴᠢᠯᠠᠬᠤ》᠎ᠪᠠᠷ ᠬᠡᠷᠡᠭᠯᠡᠭᠡ ᠵᠢ ᠬᠦᠳᠦᠯᠦᠨ ᠳᠠᠭ᠋ᠠᠭᠤᠯᠵᠤ᠂ ᠲᠦᠷᠪᠡ᠎ᠳᠤ 《ᠪᠢᠴᠢᠯ ᠣᠬᠣᠷ ᠵᠦᠴᠦᠭᠡ ᠵᠢᠨ ᠳᠣᠮᠳᠠ᠎ᠠᠴᠠ ᠨᠡᠷᠡᠲᠤ ᠲᠡᠮᠳᠡᠭ᠎ᠢ ᠦᠵᠡᠬᠦ》᠎ᠪᠠᠷ ᠬᠡᠷᠡᠭᠯᠡᠭᠡ ᠵᠢ ᠲᠠᠢ᠌ᠴᠢᠯᠠᠪᠠ᠃
ᠭᠤᠷᠪᠠᠳᠤᠭ᠋ᠠᠷ ᠬᠡᠰᠡᠭ᠎ᠨᠢ ᠦᠵᠡᠵᠦ ᠰᠣᠨᠣᠰᠬᠤ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠦᠵᠡᠭᠳᠡᠯ᠎ᠢ ᠪᠣᠢ᠌ᠵᠢᠭᠣᠯᠪᠠ ᠂ ᠨᠡᠶ᠋ᠢᠳᠡ 4 ᠵᠤᠷᠪᠤᠰ ᠪᠤᠢ᠂ ᠨᠢᠭᠡ᠎ᠳᠤ ᠬᠡᠳᠦ ᠥᠨᠳᠥᠷ ᠲᠣᠩᠭ᠋ᠠᠯᠠᠭ ᠦᠵᠦᠭᠦᠷ᠎ᠠᠴᠠ ᠦᠵᠦᠭᠦᠷ ᠬᠦᠷᠲᠡᠯᠡᠬᠢ ᠳᠠᠪᠬᠣᠴᠠᠯ ᠲᠡᠰ ᠳᠡᠪᠰᠢᠬᠦ ᠵᠢ ᠲᠦᠷᠭᠡᠳᠬᠡᠪᠡ ᠂ ᠬᠤᠶᠠᠷ᠎ᠲᠤ ᠲᠣᠭ᠋ᠠᠴᠢᠯᠠᠭᠰᠠᠨ ᠮᠡᠷᠭᠡᠵᠢᠯ᠎ᠤᠨ ᠰᠣᠭᠲᠣᠭᠣᠷᠠᠮᠠᠯ ᠮᠠᠶᠢᠭ᠎ᠤᠨ ᠶᠡᠭᠡ ᠣᠷᠣᠨ ᠵᠠᠢ ᠵᠢᠨ ᠦᠵᠡᠭᠳᠡᠯ᠎ᠢ ᠨᠡᠭᠡᠭᠡᠨ ᠬᠦᠭᠵᠢᠭᠦᠯᠪᠡ ᠂ ᠭᠤᠷᠪᠠ᠎ᠳᠤ ᠬᠡᠪ ᠳᠠᠭᠤᠷᠢᠶᠠᠯ᠎ᠤᠨ 《ᠦᠵᠡᠵᠦ ᠰᠣᠨᠣᠰᠬᠤ》 ᠬᠡᠷᠡᠭᠯᠡᠭᠡᠨ᠎ᠤ ᠲᠦᠷᠦᠯ ᠵᠦᠢ᠍ᠯ᠎ᠢ ᠪᠣᠢ ᠪᠣᠯᠭ᠋ᠠᠪᠠ ᠂ ᠲᠦᠷᠪᠡ᠎ᠳᠤ ᠰᠢᠨ᠎ᠡ ᠬᠡᠯᠪᠡᠷᠢ ᠵᠢᠨ ᠷᠠᠳᠢᠣ᠋ ᠲᠧᠯᠸᠢᠰ᠎ᠤᠨ ᠰᠦᠯᠵᠢᠶᠡᠨ᠎ᠤ ᠪᠦᠳᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠣᠯᠪᠠ ᠃
ᠳᠥᠷᠪᠡᠳᠦᠭᠡᠷ ᠬᠡᠰᠡᠭ᠎ᠨᠢ ᠦᠵᠡᠵᠦ ᠰᠣᠨᠣᠰᠬᠤ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠪᠡ ᠂ ᠨᠡᠶ᠋ᠢᠲᠡ 6 ᠵᠤᠷᠪᠣᠰ ᠪᠣᠶ᠂ ᠨᠢᠭᠡ᠎ᠳᠤ ᠲᠧᠯᠸᠢᠰ᠎ᠤᠨ ᠨᠢᠭᠡ ᠴᠣᠭᠴᠠᠲᠤ ᠮᠠᠰᠢᠨ᠎ᠢ ᠲᠦᠭᠡᠮᠡᠯᠵᠢᠭᠦᠯᠪᠡ ᠂ ᠬᠤᠶᠠᠷ᠎ᠲᠤ ᠤᠶᠤᠨᠲᠤ ᠷᠠᠳᠢᠣ᠋ ᠲᠧᠯᠸᠢᠰ᠎ᠤᠨ ᠬᠡᠷ ᠪᠦᠯᠢ ᠵᠢᠨ ᠬᠡᠷᠡᠭᠯᠡᠭᠡ ᠵᠢ ᠳᠠᠢ᠌ᠴᠢᠯᠠᠪᠠ ᠂ ᠭᠤᠷᠪᠠ᠎ᠳᠤ ᠠᠷᠠᠳ᠎ᠲᠤ ᠠᠰᠢᠭ ᠬᠦᠷᠲᠡᠭᠡᠵᠦ ᠪᠣᠷᠣᠯᠠᠭᠤᠯᠭ᠎ᠠ ᠵᠢ ᠠᠬᠢᠭᠤᠯᠬᠤ ᠡᠷᠴᠢᠮ᠎ᠢ ᠴᠢᠩᠭ᠋ᠠᠷᠠᠭᠣᠯᠪᠠ ᠂ ᠳᠥᠷᠪᠡ᠎ᠳᠤ ᠲᠧᠯᠸᠢᠰ᠎ᠤᠨ ᠣᠯᠠᠨ ᠳᠠᠪᠬᠤᠷ ᠰᠦᠢ᠍ᠳᠬᠡᠯ ᠬᠤᠷᠢᠶᠠᠬᠤ ᠪᠠ ᠠᠵᠢᠯᠯᠠᠭ᠋ᠠᠨ᠎ᠤ ᠪᠤᠳᠤᠯᠢᠶᠠᠨᠲᠠᠶ ᠵᠠᠰᠠᠯᠲᠠ ᠵᠢ ᠭᠦᠨᠵᠡᠭᠡᠢ᠌ᠷᠡᠭᠦᠯᠪᠡ ᠂ ᠲᠠᠪᠤ᠎ᠳᠤ ᠪᠣᠭᠣᠷᠣᠯᠴᠣᠳ᠎ᠤᠨ ᠬᠠᠮᠲᠣᠯᠢᠭ᠎ᠤᠨ ᠦᠵᠡᠵᠦ ᠰᠣᠨᠣᠰᠬᠤ ᠪᠡᠶᠡᠴᠢ ᠣᠶ᠋ᠢᠯᠠᠭ᠋ᠠᠯᠲᠠ ᠵᠢ ᠨᠡᠮᠡᠭᠳᠡᠭᠦᠯᠪᠡ ᠂ ᠵᠢᠷᠭᠤᠭ᠎ᠠ᠎ᠳᠤ ᠷᠠᠳᠢᠣ᠋ ᠲᠧᠯᠸᠢᠰ᠎ᠤᠨ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠨᠠᠷᠠᠲᠤ ᠲᠡᠮᠳᠡᠭᠲᠦ ᠵᠢ ᠪᠣᠶ ᠪᠣᠯᠭ᠋ᠠᠪᠠ᠃
ᠲᠠᠪᠤᠳᠤᠭ᠋ᠠᠷ ᠬᠡᠰᠡᠭ᠎ᠨᠢ ᠦᠵᠡᠵᠦ ᠰᠣᠨᠣᠰᠬᠤ ᠬᠡᠷᠡᠭᠯᠡᠭᠡᠨ᠎ᠤ ᠠᠵᠢᠯᠯᠠᠭ᠎ᠠ ᠵᠢᠨ ᠠᠴᠢᠶᠠᠯᠠᠪᠤᠷᠢ ᠵᠢ ᠪᠠᠶᠠᠯᠢᠭᠵᠢᠭᠣᠯᠪᠠ ᠂ ᠨᠡᠶ᠋ᠢᠲᠡ 4 ᠵᠤᠷᠪᠤᠰ ᠪᠣᠢ ᠂ ᠨᠢᠭᠡ᠎ᠳᠤ ᠷᠠᠳᠢᠣ᠋ ᠲᠧᠯᠸᠢᠰ ᠵᠶ᠋ᠠᠷ ᠠᠷᠠᠳ᠎ᠲᠤ ᠠᠰᠢᠭ ᠬᠦᠷᠲᠡᠭᠡᠬᠦ ᠬᠡᠷᠡᠭᠯᠡᠭᠡᠨ᠎ᠤ ᠤᠯᠠᠷᠢᠯ᠎ᠤᠨ ᠠᠵᠢᠯᠯᠠᠭ᠎ᠠ ᠵᠢ ᠦᠷᠨᠢᠭᠦᠯᠪᠡ ᠂ ᠬᠤᠶᠠᠷ᠎ᠲᠤ 《ᠴᠢᠨᠠᠷ ᠰᠠᠶ᠋ᠢᠲᠠᠶ ᠪᠠᠷᠠᠭ᠋ᠠᠲᠤ ᠱᠠᠨᠳᠦ᠋ᠩ ᠬᠣᠳᠠᠯᠳᠣᠭ᠎ᠠ᠎ᠨᠢ ᠳᠡᠯᠡᠬᠡᠢ ᠳᠦᠭᠦᠷᠡᠩ ᠲᠦᠭᠡᠯ᠎ᠡ 》 ᠭᠡᠬᠦ ᠬᠡᠷᠡᠭᠯᠡᠭᠡ ᠵᠢ ᠲᠦᠯᠬᠢᠨ ᠠᠬᠢᠭᠤᠯᠬᠤ ᠰᠢᠷᠢᠰ ᠠᠵᠢᠯᠯᠠᠭ᠎ᠠ ᠵᠢ ᠦᠷᠨᠢᠭᠦᠯᠪᠡ ᠂ ᠭᠤᠷᠪᠠ᠎ᠳᠤ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠤᠨ ᠦᠢ᠍ᠯᠡᠴᠢᠯᠡᠭᠡᠨ᠎ᠤ ᠬᠡᠷᠡᠭᠯᠡᠭᠡᠨ᠎ᠤ ᠠᠵᠢᠯᠯᠠᠭ᠎ᠠ ᠵᠢ ᠪᠠᠶ᠋ᠢᠩᠭᠤᠵᠢᠭᠤᠯᠤᠨ ᠦᠷᠨᠢᠭᠦᠯᠪᠡ ᠂ ᠳᠥᠷᠪᠡ᠎ᠳᠤ ᠣᠯᠠᠨ ᠤᠯᠤᠰ᠎ᠤᠨ ᠣᠬᠤᠷ ᠸᠢᠳᠢᠣ᠋ ᠵᠢᠨ ᠤᠷᠤᠯᠳᠤᠭ᠋ᠠᠨ᠂ ᠱᠠᠨᠳᠦ᠋ᠩ᠎ᠤᠨ ᠰᠦᠯᠵᠢᠶᠡᠨ᠎ᠤ ᠦᠵᠡᠵᠦ ᠰᠣᠨᠣᠰᠬᠤ ᠶᠡᠭᠡ ᠬᠤᠷᠠᠯ ᠵᠡᠷᠭᠡ ᠠᠵᠢᠯᠯᠠᠭ᠎ᠠ ᠵᠢ ᠨᠠᠷᠢᠨ ᠨᠢᠮᠪᠠᠶ ᠰᠠᠶ᠋ᠢᠲᠤᠷ ᠡᠷᠬᠢᠯᠡᠪᠡ ᠃ ᠠᠵᠢᠯ ᠲᠥᠷᠥᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠨᠡᠢ᠌ᠳᠬᠡᠬᠦ᠎ᠪᠠᠷ ᠳᠠᠮᠵᠢᠭᠤᠯᠤᠨ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠵᠦ ᠂ ᠬᠡᠷᠡᠭᠯᠡᠭᠴᠢᠳ᠎ᠤᠨ ᠪᠡᠶᠡᠴᠢ ᠣᠶ᠋ᠢᠯᠠᠭ᠋ᠠᠯᠲᠠ ᠵᠢ ᠰᠠᠢ᠌ᠵᠢᠷᠠᠭᠣᠯᠪᠠ ᠂ ᠲᠣᠰ ᠠᠷᠭ᠎ᠠ ᠬᠡᠮᠵᠢᠶ᠎ᠡ᠎ᠨᠢ ᠬᠡᠷᠡᠭᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ ᠥᠷᠭᠡᠳᠬᠡᠬᠦ ᠵᠢ ᠬᠦᠴᠦᠲᠡᠶ ᠠᠬᠢᠭᠤᠯᠵᠤ᠂ ᠠᠷᠠᠳ ᠣᠯᠠᠨ᠎ᠤ ᠣᠯᠠᠨ ᠶᠠᠩᠵᠤᠴᠢᠯᠠᠭᠰᠠᠨ᠂ ᠴᠢᠨᠠᠷ ᠰᠠᠶ᠋ᠢᠲᠠᠶ ᠦᠵᠡᠵᠦ ᠰᠣᠨᠣᠰᠬᠤ ᠬᠡᠷᠡᠭᠯᠡᠭᠡᠨ᠎ᠤ ᠬᠡᠷᠡᠭᠴᠡᠭᠡ ᠵᠢ ᠨᠠᠩ ᠰᠠᠶ᠋ᠢᠲᠤᠷ ᠬᠠᠩᠭ᠋ᠠᠵᠤ ᠂ ᠪᠥᠬᠦ ᠮᠤᠵᠢ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠭᠦᠯᠪᠡ ᠃