6 ᠳ᠋ᠤᠭ᠋ᠠᠷ ᠰᠠᠷ᠎ᠠ ᠵᠢᠨ 18 ᠤ ᠡᠳᠦᠷ᠂ ᠤᠯᠤᠰ᠎ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ ᠢᠯᠠᠯᠲᠠ ᠣᠯᠤᠭᠰᠠᠨ 80 ᠵᠢᠯ᠎ᠤᠨ ᠤᠢ ᠵᠢᠨ ᠭᠤᠣᠯᠳᠠᠯᠭ᠎ᠠ᠎ᠲᠠᠢ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ ᠵᠢ ᠨᠡᠪᠲᠡᠷᠡᠭᠦᠯᠬᠦ ᠵᠢ ᠠᠬᠢᠭᠤᠯᠬᠤ ᠬᠤᠷᠠᠯ᠎ᠢ ᠬᠤᠷᠠᠯᠳᠤᠭᠤᠯᠵᠤ ᠂ ᠤᠯᠤᠰ᠎ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠳᠡᠳ᠋ ᠲᠣᠪᠴᠢᠶ᠎ᠠ ᠵᠢᠨ ᠳᠠᠷᠤᠭ᠎ᠠ ᠯᠢᠦ ᠵᠢᠶᠠᠨ ᠭᠦᠸᠧ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
《ᠪᠢᠳᠡᠨ᠎ᠤ ᠨᠣᠲᠣᠭ ᠳᠡᠪᠢᠰᠭᠡᠷ 》᠂ 《 ᠴᠡᠷᠢᠭ ᠠᠩᠭᠢ᠎ᠳᠤ᠎ᠪᠠᠨ ᠪᠤᠴᠠᠭᠰᠠᠨ ᠨᠢ 》᠂ 《 ᠵᠢᠭᠰᠠᠭ᠋ᠠᠯ᠎ᠤᠨ ᠭᠠᠵᠠᠷ》᠂ 《ᠰᠠᠯᠬᠢ ᠬᠢᠭᠡᠳ ᠲᠦᠯᠭᠢᠭᠡᠨ 》᠂ 《ᠨᠠᠢ᠍ᠮᠠᠨ ᠮᠢᠩᠭ᠋ᠠᠨ ᠭᠠᠵᠠᠷ᠎ᠤᠨ ᠵᠠᠮ᠎ᠤᠨ ᠡᠭᠦᠯᠡ ᠪᠠ ᠰᠠᠷ᠎ᠠ 》᠂ 《ᠬᠥᠮᠦᠨ ᠲᠥᠷᠥᠯᠬᠢᠲᠡᠨ᠎ᠢ ᠡᠰᠡᠷᠭᠦᠴᠡᠬᠦ ᠪᠠᠯᠠᠮᠠᠳ ᠬᠡᠷᠴᠡᠭᠡᠢ ᠠᠵᠢᠯᠯᠠᠭ᠎ᠠ》 ᠵᠡᠷᠭᠡ ᠶᠠᠫᠣᠨ᠎ᠢ ᠡᠰᠡᠷᠭᠦᠴᠡᠬᠦ ᠳᠠᠶ᠋ᠢᠨ᠎ᠤ 6 ᠢᠵᠢ ᠭᠤᠤᠯᠳᠠᠯᠭ᠎ᠠ᠎ᠲᠠᠢ ᠪᠦᠲᠦᠭᠡᠯ᠎ᠤᠨ ᠭᠤᠤᠯ ᠪᠦᠲᠦᠭᠡᠯ᠎ᠤᠨ ᠪᠦᠯᠬᠦᠮ ᠨᠡᠶ᠋ᠢᠲᠡ᠎ᠠᠴᠠ ᠵᠣᠬᠢᠶᠠᠨ ᠪᠦᠲᠦᠭᠡᠯᠭᠡ ᠵᠢᠨ ᠠᠬᠢᠴᠠ ᠪᠣᠯᠤᠨ ᠵᠦᠴᠦᠭᠡ ᠵᠢᠨ ᠭᠠᠷᠴᠠᠭ᠎ᠤᠨ ᠣᠨᠴᠠᠯᠢᠭ᠎ᠢ ᠲᠠᠨᠢᠯᠴᠠᠭᠤᠯᠪᠠ᠃ 《ᠪᠢᠳᠡᠨ᠎ᠤ ᠨᠣᠲᠣᠭ ᠳᠡᠪᠢᠰᠭᠡᠷ 》᠎ᠨᠢ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠳᠠᠶ᠋ᠢᠨ ᠵᠶ᠋ᠠᠷ ᠳᠠᠮᠵᠢᠨ 《ᠴᠡᠷᠢᠭ ᠠᠷᠠᠳ ᠪᠣᠯ ᠢᠯᠠᠯᠲᠠ ᠵᠢᠨ ᠦᠨᠳᠦᠰᠦ ᠮᠥᠨ》 ᠭᠡᠬᠦ ᠭᠦᠨ ᠶᠣᠰᠣ ᠵᠢ ᠭᠦᠨᠵᠡᠭᠡᠶ ᠲᠣᠳᠣᠷᠬᠠᠶ᠋ᠢᠯᠠᠨ ᠥᠭᠦᠯᠡᠵᠦ᠂ 《ᠴᠡᠷᠢᠭ ᠠᠩᠭᠢ᠎ᠳᠤ᠎ᠪᠠᠨ ᠪᠤᠴᠠᠭᠰᠠᠨ ᠨᠢ 》 ᠨᠢ ᠵᠡᠭᠦᠨ ᠬᠤᠶ᠋ᠢᠲᠤ ᠣᠷᠣᠨ᠎ᠤ ᠶᠠᠫᠣᠨ᠎ᠢ ᠡᠰᠡᠷᠭᠦᠴᠡᠬᠦ ᠳᠠᠶ᠋ᠢᠨ᠎ᠤ ᠲᠡᠦᠬᠡ ᠵᠢᠴᠢ ᠳᠤᠮᠳᠠᠳᠤ ᠵᠥᠪᠯᠡᠯᠲᠦ ᠵᠢᠨ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠶ᠋ᠢᠨ᠎ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠵᠢ ᠵᠢᠵᠢᠭ ᠬᠠᠷᠠᠭ᠋ᠠᠰᠣᠠᠴᠠ ᠢᠯᠡᠷᠡᠭᠦᠯᠵᠦ᠂ 《ᠵᠢᠭᠰᠠᠭ᠋ᠠᠯ᠎ᠤᠨ ᠭᠠᠵᠠᠷ》᠎ᠳᠤ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠪᠦᠯᠬᠦᠮᠳᠡᠯ᠎ᠲᠠᠢ ᠤᠯᠤᠰ ᠵᠶ᠋ᠠᠨ ᠬᠠᠶ᠋ᠢᠷᠠᠯᠠᠬᠤ ᠳᠠᠪᠰᠢᠩᠭᠤᠢ ᠰᠣᠶᠣᠯ᠎ᠤᠨ ᠬᠥᠮᠦᠰ 《 ᠰᠣᠶᠣᠯ᠎ᠤᠨ ᠲᠠᠯ᠎ᠠ᠎ᠪᠠᠷ ᠶᠠᠫᠤᠨ᠎ᠢ ᠡᠰᠡᠷᠭᠦᠴᠡᠬᠦ 》 ᠠᠵᠢᠯᠯᠠᠭ᠎ᠠ ᠥᠷᠨᠢᠭᠦᠯᠦᠭᠰᠡᠨ ᠦᠯᠢᠭᠡᠷ᠎ᠢ ᠶᠠᠷᠢᠵᠦ ᠂ 《ᠰᠠᠯᠬᠢ ᠬᠢᠭᠡᠳ ᠲᠦᠯᠭᠢᠭᠡᠨ 》᠎ᠨᠢ ᠣᠣᠮᠧᠨ᠎ᠤ ᠶᠠᠫᠣᠨ᠎ᠢ ᠡᠰᠡᠷᠭᠦᠴᠡᠵᠦ ᠮᠥᠬᠥᠯ᠎ᠠᠴᠠ ᠠᠪᠤᠷᠠᠬᠤ ᠬᠥᠳᠡᠯᠭᠡᠭᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ 《ᠨᠠᠢ᠍ᠮᠠᠨ ᠮᠢᠩᠭ᠋ᠠᠨ ᠭᠠᠵᠠᠷ᠎ᠤᠨ ᠵᠠᠮ᠎ᠤᠨ ᠡᠭᠦᠯᠡ ᠪᠠ ᠰᠠᠷ᠎ᠠ 》 ᠨᠢ ᠵᠢᠵᠢᠭ ᠳᠦᠷᠢ ᠵᠢᠨ ᠣᠶᠠᠷᠠᠬᠤ ᠪᠠᠶᠠᠷᠯᠠᠬᠤ ᠬᠠᠭ᠋ᠠᠴᠠᠬᠤ ᠨᠡᠢ᠌ᠯᠡᠬᠦ᠎ᠪᠠᠷ ᠳᠤᠮᠳᠠᠳᠤ ᠤᠯᠤᠰ᠎ᠤᠨ ᠡᠯ᠎ᠡ ᠡᠲᠡᠭᠡᠳ᠎ᠤᠨ ᠬᠥᠮᠦᠰ᠎ᠤᠨ ᠬᠠᠮᠲᠤ᠎ᠪᠠᠷ ᠣᠯᠣᠰ᠎ᠤᠨ ᠵᠤᠪᠠᠯᠠᠩ᠎ᠢ ᠲᠤᠭᠤᠯᠤᠭᠰᠠᠨ ᠤᠯᠤᠰ ᠭᠡᠷ᠎ᠤᠨ ᠶᠡᠬᠡ ᠵᠢᠷᠤᠮ᠎ᠢ ᠲᠤᠰᠬᠠᠵᠤ ᠂ 《ᠬᠥᠮᠦᠨ ᠲᠥᠷᠥᠯᠬᠢᠲᠡᠨ᠎ᠢ ᠡᠰᠡᠷᠭᠦᠴᠡᠬᠦ ᠪᠠᠯᠠᠮᠠᠳ ᠬᠡᠷᠴᠡᠭᠡᠢ ᠠᠵᠢᠯᠯᠠᠭ᠎ᠠ》᠎ᠨᠢ ᠶᠠᠫᠣᠨ᠎ᠤ 731 ᠴᠡᠷᠢᠭ ᠠᠩᠭᠢ ᠵᠢᠨ ᠪᠠᠯᠠᠮᠠᠳ ᠬᠡᠷᠴᠡᠭᠡᠢ ᠠᠵᠢᠯᠯᠠᠭ᠎ᠠ ᠵᠢᠨ ᠦᠨᠡᠨ ᠪᠠᠶ᠋ᠢᠳᠠᠯ᠎ᠢ ᠢᠯᠡᠴᠢᠯᠡᠬᠦ᠎ᠪᠠᠷ ᠳᠠᠮᠵᠢᠨ ᠂ ᠳᠡᠯᠡᠬᠡᠢ ᠵᠢᠨ ᠠᠷᠠᠳ ᠲᠦᠮᠡᠨ᠎ᠤ ᠶᠠᠯ᠎ᠠ ᠨᠢᠭᠦᠯᠢ ᠡᠰᠡᠷᠭᠦᠴᠡᠵᠦ᠂ ᠡᠩᠬᠡ ᠲᠠᠶ᠋ᠢᠪᠤᠩ᠎ᠢ ᠬᠦᠰᠡᠨ ᠮᠥᠷᠥᠭᠡᠳᠬᠦ ᠴᠢᠩᠭ᠎ᠠ ᠬᠠᠮᠲᠤ ᠵᠢᠨ ᠴᠤᠤᠷᠢᠶᠠᠲᠤᠯ᠎ᠢ ᠳᠠᠢ᠌ᠴᠢᠯᠠᠭᠰᠠᠨ ᠪᠠᠢ᠌ᠨ᠎ᠠ ᠃ ᠡᠳᠡᠭᠡᠷ ᠵᠦᠴᠦᠭᠡ ᠵᠢᠨ ᠭᠠᠷᠴᠠᠭ᠎ᠤᠨ ᠣᠯᠠᠨ ᠲᠠᠯᠠᠲᠤ᠂ ᠰᠢᠨ᠎ᠡ ᠬᠠᠷᠠᠭ᠋ᠠᠰᠤ᠎ᠨᠢ ᠶᠠᠫᠣᠨ᠎ᠢ ᠡᠰᠡᠷᠭᠦᠴᠡᠬᠦ ᠳᠠᠢ᠌ᠨ᠎ᠤ ᠲᠡᠦᠬᠡ ᠵᠢ ᠢᠯᠡᠷᠡᠭᠦᠯᠵᠦ᠂ ᠶᠠᠫᠣᠨ᠎ᠢ ᠡᠰᠡᠷᠭᠦᠴᠡᠬᠦ ᠠᠦᠭ᠎ᠠ ᠶᠡᠬᠡ ᠵᠣᠷᠢᠭ ᠰᠠᠨᠠᠭ᠎ᠠ ᠵᠢ ᠪᠠᠳᠠᠷᠠᠭᠤᠯᠵᠠᠢ᠃
ᠬᠤᠷᠠᠯ᠎ᠠᠴᠠ᠂ ᠶᠠᠫᠣᠨ᠎ᠢ ᠡᠰᠡᠷᠭᠦᠴᠡᠬᠦ ᠲᠠᠶ᠋ᠢᠨ᠎ᠤ ᠰᠡᠳᠦᠪᠲᠦ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ᠎ᠨᠢ ᠳᠣᠣᠷᠠᠬᠢ ᠵᠠᠷᠴᠢᠮ᠎ᠤᠳ᠎ᠢ ᠭᠦᠢ᠍ᠴᠡᠳ ᠲᠠᠨᠢᠬᠤ ᠪᠠ ᠭᠤᠣᠯᠳᠠᠯᠭ᠎ᠠ᠎ᠲᠠᠢ ᠡᠵᠡᠮᠳᠡᠬᠦ ᠬᠡᠷᠡᠭᠲᠡᠢ᠄ ᠨᠢᠭᠡ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ᠎ᠤ ᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠣᠯ ᠲᠤᠯᠭ᠋ᠠᠭᠤᠷᠢ ᠵᠢᠨ ᠦᠢ᠍ᠯᠡᠳᠦᠯ ᠵᠶ᠋ᠠᠨ ᠪᠠᠳᠠᠷᠠᠭᠣᠯᠤᠭᠰᠠᠨ ᠠᠭᠤᠤ ᠶᠡᠭᠡ ᠢᠯᠠᠯᠲᠠ ᠪᠣᠯᠬᠤ ᠵᠢ ᠭᠦᠨᠵᠡᠭᠡᠢ ᠲᠠᠨᠢᠵᠤ᠂ ᠲᠧᠯᠸᠢᠰ ᠵᠦᠴᠦᠭᠡ ᠵᠢᠨ ᠪᠦᠲᠦᠭᠡᠯ ᠵᠶ᠋ᠠᠷ ᠳᠠᠮᠵᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠠᠳ ᠲᠦᠮᠡᠨ᠎ᠢ ᠤᠳᠤᠷᠢᠳᠤᠨ ᠬᠤᠪᠢᠰᠬᠠᠯᠲᠤ ᠲᠡᠮᠡᠴᠡᠯ ᠬᠢᠵᠦ᠂ ᠦᠨᠳᠦᠰᠦᠲᠡᠨ᠎ᠤ ᠴᠢᠯᠥᠭᠡᠯᠡᠯᠲᠡ ᠵᠢ ᠪᠡᠶᠡᠯᠡᠭᠦᠯᠦᠭᠰᠡᠨ ᠲᠡᠦᠬᠡ ᠵᠢ ᠰᠠᠶ᠋ᠢᠲᠤᠷ ᠶᠠᠷᠢᠵᠤ᠂ ᠨᠠᠮ᠎ᠤᠨ ᠲᠡᠮᠡᠴᠡᠯ᠎ᠤᠨ ᠥᠩᠭᠡᠷᠡᠯᠲᠡ᠂ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ ᠵᠢ ᠠᠮᠢᠳᠤᠯᠢᠭ ᠵᠶ᠋ᠠᠷ ᠲᠤᠰᠬᠠᠬᠤ ᠬᠡᠷᠡᠭᠲᠡᠢ᠃ ᠬᠤᠶᠠᠷ᠎ᠲᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ᠎ᠤ ᠢᠯᠠᠯᠲᠠ ᠪᠣᠯ ᠤᠯᠤᠰ ᠵᠶ᠋ᠠᠨ ᠬᠠᠶ᠋ᠢᠷᠠᠯᠠᠬᠤ ᠦᠵᠡᠯ ᠵᠶ᠋ᠠᠷ ᠭᠤᠣᠯ ᠪᠣᠯᠭ᠋ᠠᠭᠰᠠᠨ ᠦᠨᠳᠦᠰᠦᠲᠡᠨ᠎ᠤ ᠵᠣᠷᠢᠭ ᠰᠠᠨᠠᠭ᠋ᠠᠨ᠎ᠤ ᠠᠭᠤᠤ ᠶᠡᠭᠡ ᠢᠯᠠᠯᠲᠠ ᠪᠣᠯᠬᠤ ᠵᠢ ᠭᠦᠨᠵᠡᠭᠡᠢ ᠲᠠᠨᠢᠵᠤ᠂ ᠶᠠᠫᠣᠨ᠎ᠢ ᠡᠰᠡᠷᠭᠦᠴᠡᠬᠦ ᠲᠠᠶ᠋ᠢᠨ᠎ᠤ ᠬᠤᠪᠢᠰᠬᠠᠯ᠎ᠤᠨ ᠲᠡᠦᠬᠡ ᠵᠢᠨ ᠬᠤᠪᠢᠰᠬᠠᠯ᠎ᠤᠨ ᠡᠬᠢ ᠪᠠᠶᠠᠯᠢᠭ᠎ᠢ ᠭᠦᠢ᠍ᠴᠡᠳ ᠰᠠᠶ᠋ᠢᠲᠤᠷ ᠠᠰᠢᠭᠯᠠᠨ ᠨᠠᠮ᠎ᠤᠨ ᠲᠡᠦᠬᠡ ᠵᠢᠨ ᠬᠢᠴᠢᠶᠡᠯ᠂ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠢ ᠰᠠᠶ᠋ᠢᠲᠤᠷ ᠶᠠᠷᠢᠵᠤ ᠂ ᠤᠯᠤᠰ ᠵᠶ᠋ᠠᠨ ᠬᠠᠶ᠋ᠢᠷᠠᠯᠠᠬᠤ ᠦᠵᠡᠯ᠎ᠤᠨ ᠵᠣᠷᠢᠭ ᠰᠠᠨᠠᠭ᠎ᠠ ᠵᠢ ᠶᠡᠭᠡ᠎ᠪᠠᠷ ᠪᠠᠳᠠᠷᠠᠭᠤᠯᠵᠤ᠂ ᠵᠠᠯᠠᠭᠤ ᠨᠢᠭᠡ ᠦᠶ᠎ᠡ ᠵᠢᠨ᠎ᠬᠢᠨ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠂ ᠤᠯᠤᠰ ᠵᠶ᠋ᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ ᠂ ᠤᠯᠤᠰ᠎ᠲᠤ᠎ᠪᠠᠨ ᠵᠢᠳᠬᠦᠬᠦ ᠠᠵᠢᠯᠯᠠᠭ᠎ᠠ ᠵᠢ᠎ᠨᠢ ᠤᠬᠠᠮᠰᠠᠷ᠎ᠠᠴᠠ᠎ᠪᠠᠨ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠲᠡᠮᠡᠴᠡᠯ᠎ᠳᠤ ᠤᠬᠠᠮᠰᠠᠷ᠎ᠠᠴᠠ᠎ᠪᠠᠨ ᠠᠭᠤᠰᠤᠯᠴᠠᠭᠤᠯᠬᠤ ᠬᠡᠷᠡᠭᠲᠡᠢ᠃ ᠭᠤᠷᠪᠠ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠲᠠᠶ᠋ᠢᠨ᠎ᠤ ᠢᠯᠠᠯᠲᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠤ ᠹᠠᠱ᠌ᠢᠰ᠎ᠢ ᠡᠰᠡᠷᠭᠦᠴᠡᠬᠦ ᠬᠤᠯᠪᠤᠭ᠋ᠠᠲᠠᠨ ᠤᠯᠤᠰ ᠵᠢᠴᠢ ᠡᠯ᠎ᠡ ᠤᠯᠤᠰ᠎ᠤᠨ ᠠᠷᠠᠳ ᠲᠦᠮᠡᠨ᠎ᠲᠠᠢ ᠮᠥᠷᠥ ᠵᠡᠷᠭᠡᠴᠡᠨ ᠲᠡᠮᠡᠴᠡᠭᠰᠡᠨ ᠠᠭᠤᠤ ᠶᠡᠭᠡ ᠢᠯᠠᠯᠲᠠ ᠪᠣᠯᠬᠤ ᠵᠢ ᠭᠦᠨᠵᠡᠭᠡᠢ ᠲᠠᠨᠢᠵᠤ᠂ ᠳᠡᠯᠡᠬᠡᠢ ᠵᠢᠨ ᠬᠤᠶᠠᠳᠤᠭ᠋ᠠᠷ ᠲᠠᠶ᠋ᠢᠨ᠎ᠤ ᠵᠥᠪ ᠣᠨᠣᠪᠴᠢᠲᠠᠢ ᠲᠡᠦᠬᠡ ᠵᠢᠨ ᠦᠵᠡᠯᠲᠡ ᠵᠢ ᠪᠠᠷᠢᠮᠲᠠᠯᠠᠵᠤ᠂ ᠶᠠᠫᠣᠨ᠎ᠢ ᠡᠰᠡᠷᠭᠦᠴᠡᠬᠦ ᠲᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ᠎ᠤ ᠢᠯᠠᠯᠲᠠ ᠵᠢᠨ ᠳᠡᠯᠡᠬᠡᠢ ᠵᠢᠨ ᠡᠩᠬᠡ ᠲᠠᠶ᠋ᠢᠪᠤᠩ᠎ᠢ ᠲᠡᠮᠡᠴᠡᠨ ᠣᠯᠬᠤ ᠠᠭᠤᠤ ᠶᠡᠭᠡ ᠦᠢ᠍ᠯᠡᠰ᠎ᠲᠤ ᠦᠵᠡᠭᠦᠯᠬᠦ ᠴᠢᠬᠤᠯᠠ ᠶᠡᠭᠡ ᠠᠯᠤᠰ ᠬᠡᠳᠤ ᠵᠢᠨ ᠨᠥᠯᠥᠭᠡ ᠵᠢ ᠭᠦᠢ᠍ᠴᠡᠳ ᠲᠤᠰᠬᠠᠵᠤ᠂ ᠪᠦᠬᠦ ᠳᠡᠯᠡᠬᠡᠢ ᠵᠢᠨ ᠠᠷᠠᠳ ᠲᠦᠮᠡᠨ᠎ᠢ ᠲᠠᠶ᠋ᠢᠨ᠎ᠤ ᠢᠯᠠᠯᠲᠠ ᠵᠢᠨ ᠦᠷ᠎ᠡ ᠪᠦᠲᠦᠭᠡᠯ ᠪᠣᠯᠤᠨ ᠳᠡᠯᠡᠬᠡᠢ ᠵᠢᠨ ᠲᠥᠪ ᠭᠤᠣᠯᠴᠢ ᠰᠢᠳᠤᠷᠭᠤ ᠶᠣᠰᠣ ᠵᠢ ᠬᠠᠮᠲᠤ᠎ᠪᠠᠷ ᠬᠠᠮᠠᠭ᠋ᠠᠯᠠᠬᠤ ᠵᠢ ᠣᠷᠢᠶᠠᠯᠠᠬᠤ ᠬᠡᠷᠡᠭᠲᠡᠢ ᠭᠡᠵᠦ ᠵᠢᠭ᠋ᠠᠵᠦ ᠭᠠᠷᠭ᠋ᠠᠭᠰᠠᠨ ᠪᠠᠢ᠌ᠨ᠎ᠠ ᠃
ᠬᠤᠷᠠᠯ᠎ᠠᠴᠠ᠂ ᠲᠥᠪ᠎ᠤᠨ ᠶᠠᠫᠣᠨ᠎ᠢ ᠡᠰᠡᠷᠭᠦᠴᠡᠬᠦ ᠲᠠᠶ᠋ᠢᠨ᠎ᠤ ᠢᠯᠠᠯᠲᠠ ᠣᠯᠤᠭᠰᠠᠨ 80 ᠵᠢᠯ᠎ᠤᠨ ᠤᠢ ᠵᠢ ᠳᠤᠷᠠᠰᠬᠠᠬᠤ ᠬᠤᠯᠪᠣᠭᠳᠠᠯ ᠪᠦᠬᠦᠢ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠠᠫᠣᠨ᠎ᠢ ᠡᠰᠡᠷᠭᠦᠴᠡᠬᠦ ᠲᠠᠶ᠋ᠢᠨ᠎ᠤ ᠰᠡᠳᠦᠪ᠎ᠢ ᠵᠣᠬᠢᠶᠠᠨ ᠪᠦᠲᠦᠭᠡᠬᠦ᠂ ᠨᠡᠪᠲᠡᠷᠡᠭᠦᠯᠬᠦ᠂ ᠤᠬᠠᠭᠤᠯᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ ᠨᠢᠭᠡ᠎ᠳᠤ ᠵᠣᠬᠢᠶᠠᠨ ᠪᠦᠲᠦᠭᠡᠭᠴᠢ ᠤᠷᠠᠨ ᠳᠠᠷᠬᠠᠨ᠎ᠤ ᠣᠷᠠᠨ ᠰᠠᠨᠠᠭ᠎ᠠ ᠵᠢ ᠪᠠᠲᠤ ᠰᠠᠬᠢᠵᠤ᠂ ᠰᠣᠳᠣᠨ ᠪᠦᠲᠦᠭᠡᠯ᠎ᠢ ᠪᠦᠲᠦᠭᠡᠬᠦ ᠬᠡᠷᠡᠭᠲᠡᠢ᠃ ᠰᠡᠳᠬᠢᠯ ᠰᠠᠨᠠᠭ᠎ᠠ᠎ᠪᠠᠨ ᠲᠣᠭᠲᠠᠭᠤᠨ ᠪᠠᠶ᠋ᠢᠯᠭ᠋ᠠᠵᠤ᠂ ᠡᠬᠢᠨ᠎ᠠᠴᠠ᠎ᠨᠢ ᠳᠠᠭᠤᠰᠲᠠᠯ᠎ᠠ ᠪᠣᠯᠭᠤᠮᠵᠢᠯᠠᠵᠤ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠪᠣᠯᠤᠨ ᠰᠣᠳᠣᠨ ᠪᠦᠲᠦᠭᠡᠯ᠎ᠤᠨ ᠤᠬᠠᠮᠰᠠᠷ᠎ᠢ ᠵᠣᠬᠢᠶᠠᠨ ᠪᠦᠲᠦᠭᠡᠬᠦ ᠪᠦᠬᠦ ᠶᠠᠪᠤᠴᠠ᠎ᠳᠤ ᠲᠤᠭᠤᠰᠢᠯᠠᠭᠤᠯᠵᠤ ᠂ ᠰᠡᠭᠦᠯᠴᠢ ᠵᠢᠨ ᠬᠤᠭᠤᠴᠠᠭ᠋ᠠᠨ᠎ᠤ ᠡᠯ᠎ᠡ ᠵᠦᠢ᠍ᠯ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠢ᠃ 4K ᠬᠡᠲᠦ ᠥᠨᠳᠥᠷ ᠲᠣᠩᠭ᠋ᠠᠯᠠᠭᠢ ᠦᠢ᠍ᠯᠡᠳᠬᠦ᠎ᠪᠠᠨ ᠦᠨᠳᠦᠷ ᠪᠠᠷᠢᠮᠵᠢᠶ᠎ᠠ᠎ᠪᠠᠷ ᠦᠨᠳᠦᠷ ᠶᠠᠰᠤ ᠴᠢᠨᠠᠷ ᠵᠶ᠋ᠠᠷ ᠪᠡᠶᠡᠯᠡᠭᠦᠯᠵᠦ᠂ ᠠᠵᠢᠯ ᠲᠥᠷᠥᠯ᠎ᠳᠤ ᠬᠡᠪ ᠳᠠᠭᠤᠷᠢᠶᠠᠯ ᠪᠣᠯᠬᠤ ᠬᠡᠷᠡᠭᠲᠡᠶ᠃ ᠬᠤᠶᠠᠷ᠎ᠲᠤ ᠨᠡᠪᠲᠡᠷᠡᠭᠦᠯᠭᠡ ᠵᠢᠨ ᠲᠠᠪᠴᠠᠩ᠎ᠢ ᠤᠷᠢᠳᠴᠢᠯᠠᠨ ᠪᠠᠶ᠋ᠢᠷᠢᠯᠠᠭᠤᠯᠵᠤ᠂ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠬᠡᠷᠡᠭᠲᠡᠶ᠃ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠮᠤᠵᠢ ᠵᠢᠨ ᠳᠡᠰ᠎ᠤᠨ ᠣᠳᠣᠨ ᠲᠧᠯᠸᠢᠰ ᠪᠠ ᠭᠤᠤᠯ ᠪᠣᠯᠬᠤ ᠸᠢᠳᠢᠤ᠋ ᠵᠢᠨ ᠰᠦᠯᠵᠢᠶᠡᠨ ᠥᠷᠲᠡᠭᠡ᠎ᠨᠢ ᠲᠥᠪ᠎ᠤᠨ ᠶᠠᠫᠣᠨ᠎ᠢ ᠡᠰᠡᠷᠭᠦᠴᠡᠬᠦ ᠳᠠᠶ᠋ᠢᠨ᠎ᠤ ᠢᠯᠠᠯᠲᠠ ᠣᠯᠤᠭᠰᠠᠨ 80 ᠵᠢᠯ᠎ᠤᠨ ᠣᠶ ᠵᠢ ᠳᠤᠷᠠᠰᠬᠠᠬᠤ ᠤᠬᠠᠭᠤᠯᠭ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ ᠵᠢ ᠢᠳᠡᠪᠬᠢᠲᠡᠶ ᠨᠠᠶ᠋ᠢᠳᠠᠪᠤᠷᠢᠵᠢᠭᠤᠯᠵᠤ ᠂ ᠬᠤᠯᠪᠣᠭ᠋ᠠᠯᠠᠨ ᠬᠤᠳᠠᠯᠳᠤᠨ ᠠᠪᠴᠤ ᠬᠤᠯᠪᠣᠭ᠋ᠠᠯᠠᠨ ᠨᠡᠪᠲᠡᠷᠡᠭᠦᠯᠬᠦ ᠲᠣᠭᠲᠠᠴᠠ ᠵᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠵᠤ᠂ ᠪᠠᠶ᠋ᠢᠯᠳᠤᠬᠤ ᠪᠣᠳᠣᠯᠭ᠎ᠠ ᠵᠢᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠂ ᠭᠠᠳᠠᠭᠰᠢᠯᠠᠭᠤᠯᠵᠤ ᠨᠡᠪᠲᠡᠷᠡᠭᠦᠯᠬᠦ ᠨᠡᠶ᠋ᠢᠯᠡᠮᠡᠯ ᠬᠦᠴᠦᠨ᠎ᠢ ᠴᠢᠩᠭ᠋ᠠᠳᠬᠠᠵᠤ᠂ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠰᠠᠶ᠋ᠢᠲᠤᠷ ᠨᠡᠪᠲᠡᠷᠡᠭᠦᠯᠵᠦ᠂ 《ᠢᠳᠡᠪᠬᠢ ᠬᠦᠴᠦᠨ》 ᠵᠶ᠋ᠠᠷ 《ᠶᠡᠭᠡ ᠤᠷᠤᠰᠬᠠᠯ᠎ᠤᠨ ᠬᠡᠮᠵᠢᠶ᠎ᠡ》 《ᠶᠡᠭᠡ ᠲᠠᠭᠤᠨ᠎ᠤ ᠬᠡᠮᠵᠢᠶ᠎ᠡ 》 ᠵᠢ ᠪᠣᠶ ᠪᠣᠯᠭ᠋ᠠᠬᠤ ᠬᠡᠷᠡᠭᠲᠡᠶ᠃ ᠭᠤᠷᠪᠠ᠎ᠳᠤ ᠡᠯ᠎ᠡ ᠬᠠᠮᠢᠶ᠎ᠠ ᠪᠥᠬᠦᠶ ᠨᠢᠭᠡᠴᠢ᠎ᠨᠦᠭᠦᠳ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠶ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠪᠥᠬᠦ ᠶᠠᠪᠤᠴᠠ ᠵᠢᠨ ᠬᠠᠮᠢᠶᠠᠷᠤᠯᠲᠠ ᠦᠢ᠍ᠯᠡᠴᠢᠯᠡᠭᠡᠨ᠎ᠤ ᠲᠣᠭᠲᠠᠴᠠ ᠵᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠬᠤ ᠵᠢᠨ ᠬᠠᠮᠲᠤ ᠲᠠᠰᠤᠷᠠᠯᠲᠠ ᠥᠬᠡᠶ ᠰᠢᠯᠢᠳᠡᠭᠵᠢᠭᠦᠯᠵᠦ ᠪᠥᠬᠦ ᠶᠠᠪᠤᠴᠠ ᠵᠢ ᠦᠷᠭᠦᠯᠵᠢᠯᠡᠨ ᠭᠦᠨᠵᠡᠭᠡᠶ ᠲᠣᠭᠣᠰᠢᠯᠠᠭᠣᠯᠵᠦ ᠂ ᠡᠯ᠎ᠡ ᠬᠠᠮᠢᠶ᠎ᠠ ᠪᠥᠬᠦᠶ ᠨᠢᠭᠡᠴᠢ ᠵᠢ ᠵᠣᠬᠢᠴᠠᠭᠤᠯᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠵᠢᠭᠰᠠᠭ᠋ᠠᠨ ᠨᠡᠪᠲᠡᠷᠡᠭᠦᠯᠬᠦ ᠂ ᠤᠬᠠᠭᠤᠯᠤᠨ ᠲᠠᠨᠢᠯᠴᠠᠭᠤᠯᠬᠤ ᠵᠡᠷᠭᠡ ᠡᠯ᠎ᠡ ᠵᠦᠢ᠍ᠯ᠎ᠤᠨ ᠠᠵᠢᠯ᠎ᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠥᠨᠳᠥᠷ ᠪᠦᠲᠦᠮᠵᠢᠲᠡᠶ᠎ᠪᠠᠷ ᠪᠡᠶᠡᠯᠡᠭᠦᠯᠵᠦ᠂ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠲᠣᠭᠲᠠᠭᠰᠠᠨ ᠬᠤᠭᠤᠴᠠᠭ᠋ᠠᠨ᠎ᠳᠤ ᠴᠢᠨᠠᠷ᠎ᠢ ᠪᠠᠲᠤᠯᠠᠨ ᠭᠠᠷᠭ᠋ᠠᠬᠤ ᠵᠢ ᠦᠨᠡᠨ ᠬᠦ᠌ ᠪᠠᠲᠤᠯᠠᠵᠤ᠂ ᠰᠠᠶ᠋ᠢᠨ ᠰᠠᠶ᠋ᠢᠬᠠᠨ ᠳᠠᠮᠵᠢᠭᠣᠯᠭ᠎ᠠ ᠵᠢᠨ ᠦᠷ᠎ᠡ ᠪᠦᠲᠦᠮᠵᠢ ᠤᠯᠬᠤ᠎ᠪᠠᠷ ᠴᠢᠷᠮᠠᠢ᠌ᠬᠤ ᠬᠡᠷᠡᠭᠲᠡᠢ ᠃ ᠲᠦᠷᠪᠡ᠎ᠳᠤ ᠤᠳᠬ᠎ᠠ ᠤᠷᠠᠯᠢᠭ᠎ᠤᠨ ᠰᠢᠭᠦᠮᠵᠢ ᠵᠢ ᠰᠠᠶ᠋ᠢᠲᠤᠷ ᠬᠢᠵᠦ᠂ ᠵᠥᠪ ᠲᠠᠯ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠭᠤᠣᠯ ᠣᠷᠣᠰᠬᠠᠯ᠎ᠤᠨ ᠶᠠᠷᠢᠶ᠎ᠠ ᠬᠡᠯᠡᠯᠴᠡᠭᠡ ᠵᠢ ᠪᠤᠵᠠᠭ᠋ᠠᠶ᠋ᠢᠷᠠᠭᠤᠯᠤᠨ᠎ᠠ᠃ ᠤᠳᠬ᠎ᠠ ᠤᠷᠠᠯᠢᠭ᠎ᠤᠨ ᠰᠢᠭᠦᠮᠵᠢᠯᠡᠯ ᠪᠣᠯ ᠵᠣᠬᠢᠶᠠᠨ ᠪᠦᠲᠦᠭᠡᠯᠭᠡ ᠵᠢ ᠬᠥᠲᠥᠯᠥᠨ ᠵᠢᠯᠣᠭᠣᠳᠬᠤ᠂ ᠰᠣᠳᠣᠨ ᠪᠦᠲᠦᠭᠡᠯ᠎ᠢ ᠢᠯᠡᠭᠦᠬᠡᠨ ᠭᠠᠷᠭ᠋ᠠᠬᠤ᠂ ᠭᠤᠸ᠎ᠠ ᠲᠠᠭ᠋ᠠᠰᠢᠶᠠᠯ᠎ᠢ ᠳᠡᠭᠡᠭᠰᠢᠯᠡᠭᠦᠯᠬᠦ᠂ ᠬᠡᠪ ᠰᠤᠷᠲᠠᠯ᠎ᠢ ᠬᠥᠲᠥᠯᠥᠨ ᠳᠠᠭ᠋ᠠᠭᠤᠯᠬᠤ ᠴᠢᠬᠤᠯᠠ ᠬᠦᠴᠦᠨ ᠪᠣᠯᠤᠨ᠎ᠠ᠃ ᠲᠡᠤᠬᠡ ᠵᠢᠨ ᠂ ᠠᠷᠠᠳ ᠲᠦᠮᠡᠨ᠎ᠤ ᠂ ᠤᠷᠠᠯᠢᠭ᠎ᠤᠨ ᠂ ᠭᠤᠸ᠎ᠠ ᠰᠠᠶ᠋ᠢᠬᠠᠨ᠎ᠤ ᠦᠵᠡᠯᠲᠡ᠎ᠪᠠᠷ ᠪᠦᠲᠦᠭᠡᠯ᠎ᠢ ᠦᠨᠡᠯᠡᠬᠦ ᠪᠠ ᠰᠣᠨᠢᠷᠬᠠᠵᠤ᠂ ᠵᠥᠪ ᠲᠠᠯ᠎ᠠ ᠵᠢᠨ ᠤᠬᠠᠭᠤᠯᠭ᠎ᠠ ᠵᠢᠨ ᠬᠥᠮᠦᠰ᠎ᠢ ᠵᠣᠷᠢᠭᠵᠢᠭᠤᠯᠬᠤ᠂ ᠬᠥᠮᠦᠰ᠎ᠢ ᠵᠣᠷᠢᠭᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠦᠬᠦ ᠨᠡᠶ᠋ᠢᠭᠡᠮ ᠵᠶ᠋ᠡᠷ ᠵᠶ᠋ᠡᠨ ᠪᠦᠯᠬᠦᠮᠳᠡᠨ ᠤᠷᠤᠭᠰᠢᠯᠠᠬᠤ ᠬᠦᠴᠦᠷᠬᠡᠭ ᠶᠡᠭᠡ ᠬᠦᠴᠦᠨ᠎ᠢ ᠬᠥᠭᠵᠢᠭᠡᠵᠦ᠂ ᠶᠠᠫᠣᠨ᠎ᠢ ᠡᠰᠡᠷᠭᠦᠴᠡᠬᠦ ᠲᠠᠶ᠋ᠢᠨ᠎ᠤ ᠢᠯᠠᠯᠲᠠ ᠣᠯᠤᠭᠰᠠᠨ 80 ᠵᠢᠯ᠎ᠤᠨ ᠤᠢ ᠵᠢ ᠪᠡᠯᠭᠡᠯᠡᠬᠦ᠎ᠳᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠣᠯᠠᠴᠢᠯᠠᠭᠰᠠᠨ ᠪᠠᠢ᠌ᠨ᠎ᠠ ᠃
ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠤᠬᠠᠭᠤᠯᠬᠤ ᠵᠤᠷᠭ᠋ᠠᠨ᠂ ᠲᠧᠯᠸᠢᠰ ᠵᠦᠴᠦᠭᠡ ᠵᠢᠨ ᠵᠤᠷᠭ᠋ᠠᠨ᠂ ᠰᠦᠯᠵᠢᠶᠡᠨ᠎ᠤ ᠦᠵᠡᠵᠦ ᠰᠣᠨᠣᠰᠬᠤ ᠵᠤᠷᠭ᠋ᠠᠨ᠂ ᠣᠯᠠᠨ ᠤᠯᠤᠰ᠎ᠤᠨ ᠵᠤᠷᠭ᠋ᠠᠨ ᠵᠢᠴᠢ ᠪᠡᠭᠡᠵᠢᠩ ᠬᠤᠲᠠ᠂ ᠬᠠᠷᠠᠮᠥ᠋ᠷᠡᠨ ᠮᠤᠵᠢ᠂ ᠱᠠᠩᠬᠠᠶ ᠬᠤᠲᠠ᠂ ᠱᠠᠨᠳᠦ᠋ᠩ ᠮᠤᠵᠢ᠂ ᠭᠤᠸᠠᠩᠳᠦ᠋ᠩ ᠮᠤᠵᠢ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠂ ᠪᠡᠭᠡᠵᠢᠩ᠂ ᠱᠠᠩᠬᠠᠶ᠂ ᠵᠢᠶᠠᠩᠰᠦ᠂ ᠵᠧᠵᠢᠶᠠᠩ᠂ ᠬᠤᠨᠠᠨ᠎ᠤ ᠷᠠᠳᠢᠣ᠋ ᠲᠧᠯᠸᠢᠰ ᠬᠤᠷᠢᠶ᠎ᠠ᠂ ᠠᠶ ᠴᠢ ᠢ᠂ ᠲᠧᠩ ᠰᠢᠶᠦ᠋ᠨ᠂ ᠶᠢᠦ ᠺᠦ᠋ ᠂ ᠮᠠᠩ ᠭᠥᠸᠧ᠂ ᠮᠢ ᠭᠦ᠋᠂ ᠪᠢ ᠯᠢ ᠪᠢ ᠯᠢ ᠵᠡᠷᠭᠡ ᠰᠦᠯᠵᠢᠶᠡᠨ᠎ᠤ ᠲᠠᠪᠴᠠᠩ᠎ᠤᠨ ᠬᠠᠷᠢᠭᠤᠴᠠᠯᠭ᠋ᠠᠲᠠᠨ ᠵᠢᠴᠢ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠬᠤᠷᠠᠯ᠎ᠳᠤ ᠣᠷᠣᠯᠴᠠᠵᠠᠶ᠃