ᠲᠦᠷᠦᠭᠦᠬᠡᠨ᠂ 2025 ᠣᠨ᠎ᠤ ᠰᠣᠶᠣᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠲᠦᠷᠦᠭᠦᠴᠦᠳ᠎ᠤᠨ ᠶᠠᠷᠢᠶᠠᠨ᠎ᠤ ᠲᠠᠪᠴᠠᠩ . ᠲᠣᠭ᠋ᠠᠴᠢᠯᠠᠯᠲᠠ ᠣᠶᠣᠨᠴᠢᠯᠠᠯᠲᠠ᠎ᠪᠠᠷ ᠰᠣᠶᠣᠯ᠎ᠤᠨ ᠠᠷᠠᠯᠵᠢᠶᠠᠨ᠎ᠤ ᠶᠠᠷᠢᠶᠠᠨ᠎ᠤ ᠲᠠᠪᠴᠠᠩᠲᠤ ᠬᠦᠴᠦᠨ ᠨᠡᠮᠡᠷᠢᠯᠡᠬᠦ 《 ᠭᠠᠳᠠᠭ᠋ᠠᠳᠣ᠎ᠳᠤ ᠭᠠᠷᠬᠤ ᠰᠢᠨ᠎ᠡ ᠬᠦᠴᠦᠨ ᠴᠡᠷᠢᠭ᠄ ᠲᠣᠭ᠋ᠠᠴᠢᠯᠠᠭᠰᠠᠨ ᠰᠣᠶᠣᠯ᠎ᠤᠨ ᠠᠷᠠᠯᠵᠢᠶ᠎ᠠ ᠵᠢᠨ ᠪᠥᠬᠦ ᠪᠥᠮᠪᠥᠷᠴᠡᠭ᠎ᠤᠨ ᠵᠠᠬ᠎ᠠ ᠳᠡᠯᠭᠡᠭᠦᠷ᠎ᠢ ᠥᠷᠭᠡᠳᠬᠡᠬᠦ ᠰᠢᠨ᠎ᠡ ᠬᠠᠭᠤᠳᠠᠰᠤ》 ᠵᠢᠨ ᠲᠣᠭᠤᠷᠢᠭ ᠰᠢᠷᠡᠭᠡᠨ᠎ᠤ ᠬᠤᠷᠠᠯ ᠱᠧᠨᠵᠧᠨ᠎ᠳᠤ ᠶᠠᠪᠤᠭᠳᠠᠪᠠ᠃ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ ᠂ ᠰᠦᠯᠵᠢᠶᠡᠨ᠎ᠤ ᠵᠢᠭᠣᠯᠴᠢᠯᠠᠯ ᠂ ᠪᠢᠴᠢᠯ ᠣᠬᠤᠷ ᠵᠦᠴᠦᠭᠡ᠂ ᠵᠢᠱ᠌ᠢᠮᠡᠭ ᠪᠣᠲᠠᠲᠤ ᠠᠬᠤᠢ ᠵᠢᠨ ᠤᠷᠠᠯᠢᠭ᠂ ᠵᠣᠬᠢᠶᠠᠮᠠᠯ ᠤᠶᠤᠨ ᠴᠢᠳᠠᠪᠤᠷᠢ ᠵᠢᠨ ᠲᠤᠮᠤ ᠵᠠᠭᠪᠤᠷ ᠵᠡᠷᠭᠡ ᠬᠦᠷᠢᠶᠡᠨ᠎ᠤ ᠲᠥᠯᠥᠭᠡᠯᠡᠬᠦ ᠴᠢᠨᠠᠷᠲᠠᠢ ᠠᠵᠤ ᠠᠬᠤᠶ᠋ᠢᠯᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠢᠭᠡ ᠲᠠᠩᠬᠢᠮ᠎ᠳᠤ ᠴᠤᠭᠯᠠᠷᠠᠵᠤ᠂ ᠲᠤᠭ᠋ᠠᠴᠢᠯᠠᠯᠲᠠ ᠤᠶᠤᠨᠴᠢᠯᠠᠯᠲᠠ ᠵᠢᠨ ᠮᠡᠷᠭᠡᠵᠢᠯ ᠵᠶ᠋ᠠᠷ ᠬᠥᠳᠡᠯᠭᠡᠭᠦᠷ ᠪᠣᠯᠭ᠋ᠠᠭᠰᠠᠨ ᠰᠣᠶᠣᠯ᠎ᠤᠨ ᠭᠠᠳᠠᠭ᠋ᠠᠳᠣ᠎ᠳᠤ ᠭᠠᠷᠴᠤ ᠰᠢᠨ᠎ᠡ ᠵᠢ ᠡᠭᠦᠳᠬᠦ ᠬᠦᠭᠵᠢᠯᠲᠡ ᠵᠢ ᠬᠠᠮᠲᠤ᠎ᠪᠠᠷ ᠶᠠᠷᠢᠯᠴᠠᠵᠠᠢ ᠃
ᠨᠢᠭᠡ᠂ ᠰᠢᠨ᠎ᠡ ᠤᠷᠤᠯᠳᠤᠭ᠋ᠠᠨ᠎ᠤ ᠵᠠᠮ᠄ ᠤᠯᠠᠮᠵᠢᠯᠠᠯᠲᠤ 《ᠰᠢᠨ᠎ᠡ ᠭᠤᠷᠪᠠᠨ ᠵᠦᠢ᠍ᠯ 》᠎ᠤᠨ ᠭᠠᠳᠠᠭ᠋ᠠᠳᠣ᠎ᠳᠤ ᠭᠠᠷᠬᠤ ᠵᠢ ᠲᠦᠷᠭᠡᠳᠪᠡ
ᠰᠦᠯᠵᠢᠶᠡᠨ᠎ᠤ ᠵᠦᠴᠦᠭᠡ᠂ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ᠂ ᠰᠦᠯᠵᠢᠶᠡᠨ᠎ᠤ ᠵᠢᠭᠤᠯᠴᠢᠯᠠᠯ ᠵᠡᠷᠭᠡ ᠳᠤᠮᠳᠠᠳᠤ ᠤᠯᠤᠰ᠎ᠤᠨ ᠰᠣᠶᠣᠯ ᠭᠠᠳᠠᠭ᠋ᠠᠳᠣ᠎ᠳᠤ ᠭᠠᠷᠬᠤ 《 ᠰᠢᠨ᠎ᠡ ᠭᠤᠷᠪᠠᠨ ᠵᠦᠢ᠍ᠯ》 ᠦᠷᠨᠢᠭᠦᠨ ᠬᠥᠭᠵᠢᠵᠦ᠂ ᠪᠦᠬᠦ ᠪᠥᠮᠪᠥᠷᠴᠡᠭ᠎ᠤᠨ ᠲᠣᠭ᠋ᠠᠴᠢᠯᠠᠭᠰᠠᠨ ᠰᠣᠶᠣᠯ᠎ᠤᠨ ᠠᠷᠠᠯᠵᠢᠶᠠᠨ᠎ᠤ ᠰᠢᠨ᠎ᠡ ᠤᠷᠤᠯᠳᠤᠭ᠋ᠠᠨ᠎ᠤ ᠵᠠᠮ᠎ᠢ ᠬᠦᠴᠦᠲᠡᠢ ᠥᠷᠭᠡᠳᠭᠡᠨ᠂ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠠᠬᠢ ᠳᠠᠪᠠᠭᠤᠯᠢᠭ ᠪᠠᠢ᠌ᠷᠢ ᠰᠠᠭᠤᠷᠢ ᠤᠯᠠᠮ ᠨᠢᠭᠡ ᠠᠯᠬᠤᠮ ᠳᠣᠪᠣᠢ᠍ᠮᠠ ᠪᠣᠯᠪᠠ᠃
(ᠨᠢᠭᠡ) ᠪᠢᠴᠢᠯ ᠣᠬᠣᠷ ᠵᠦᠴᠦᠭᠡ ᠵᠡᠷᠭᠡ ᠨᠢ ᠪᠦᠬᠦ ᠳᠡᠯᠡᠬᠡᠢ ᠵᠢᠨ ᠵᠠᠬ᠎ᠠ ᠳᠡᠯᠭᠡᠭᠦᠷ᠎ᠲᠤ ᠦᠷᠭᠦᠯᠵᠢᠯᠡᠨ ᠲᠡᠷᠢᠭᠦᠯᠡᠵᠦ ᠪᠠᠢ᠌ᠭ᠎ᠠ ᠳᠤᠮᠳᠠᠳᠤ ᠤᠯᠤᠰ᠎ᠤᠨ ᠰᠦᠯᠵᠢᠶᠡᠨ᠎ᠤ ᠵᠦᠴᠦᠭᠡ ᠵᠢᠨ ᠭᠠᠳᠠᠭ᠋ᠠᠳᠤ᠎ᠳᠤ ᠭᠠᠷᠬᠤ ᠪᠠᠢ᠌ᠳᠠᠯ ᠮᠠᠰᠢ ᠲᠦᠷᠭᠡᠨ ᠪᠠᠢ᠌ᠵᠦ ᠂ ᠭᠠᠳᠠᠭ᠋ᠠᠳᠣ᠎ᠳᠤ ᠭᠠᠷᠬᠤ ᠪᠢᠴᠢᠯ ᠣᠬᠣᠷ ᠵᠦᠴᠦᠭᠡ ᠵᠢᠨ ᠲᠠᠪᠴᠠᠩ᠎ᠨᠢ ᠵᠠᠬ᠎ᠠ ᠳᠡᠯᠭᠡᠭᠦᠷ᠎ᠤᠨ ᠶᠡᠬᠡᠩᠬᠢ ᠬᠤᠪᠢ ᠵᠢ ᠡᠵᠡᠯᠡᠵᠦ ᠪᠠᠢ᠌ᠨ᠎ᠠ ᠃ 2024 ᠣᠨ᠎ᠳᠤ ᠪᠦᠬᠦ ᠳᠡᠯᠡᠬᠡᠢ ᠵᠢᠨ ᠪᠢᠴᠢᠯ ᠣᠬᠣᠷ ᠵᠦᠴᠦᠭᠡ ᠵᠢᠨ ᠵᠠᠬ᠎ᠠ ᠳᠡᠯᠭᠡᠭᠦᠷ᠎ᠤᠨ ᠬᠡᠪᠴᠢᠶ᠎ᠡ 150 ᠳ᠋ᠦᠩᠰᠢᠭᠣᠷ ᠳ᠋ᠣᠯᠯᠠᠷ᠎ᠢ ᠳᠠᠪᠠᠵᠤ᠂ ᠳᠤᠮᠳᠠᠳᠤ ᠤᠯᠤᠰ᠎ᠤᠨ ᠪᠢᠴᠢᠯ ᠣᠬᠣᠷ ᠵᠦᠴᠦᠭᠡ ᠵᠢᠨ ᠪᠦᠬᠦ ᠳᠡᠯᠡᠬᠡᠢ ᠵᠢᠨ ᠬᠤᠪᠢᠳᠠᠴᠠ᠎ᠨᠢ 80% ᠵᠢ ᠳᠠᠪᠠᠵᠤ᠂ ᠳᠤᠮᠳᠠᠳᠤ ᠤᠯᠤᠰ᠎ᠤᠨ ᠭᠠᠳᠠᠭ᠋ᠠᠳᠤ ᠳᠠᠬᠢ ᠪᠢᠴᠢᠯ ᠣᠬᠣᠷ ᠵᠦᠴᠦᠭᠡ ᠵᠢᠨ ᠲᠠᠪᠴᠠᠩ ᠨᠢᠭᠡᠨᠲᠡ 200 ᠭᠠᠷᠤᠢ ᠪᠣᠯᠵᠤ ᠂ ᠭᠠᠳᠠᠭ᠋ᠠᠳᠤ ᠵᠢᠨ ᠪᠢᠴᠢᠯ ᠣᠬᠣᠷ ᠵᠦᠴᠦᠭᠡ ᠵᠢᠨ ᠬᠡᠷᠡᠭᠯᠡᠭᠡᠨ᠎ᠤ 90%᠎ᠠᠴᠠ ᠳᠡᠭᠡᠭᠰᠢᠬᠢ᠎ᠨᠢ ᠳᠤᠮᠳᠠᠳᠤ ᠤᠯᠤᠰ᠎ᠤᠨ ᠠᠷᠣ ᠦᠵᠡᠭᠳᠡᠯ ᠂ ᠹᠧᠩ ᠶᠧ ᠬᠤ᠌ ᠳ᠋ᠦᠩ᠎ᠤᠨ ReelShort᠂ ᠳ᠋ᠢᠶᠠᠨ ᠵᠦᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ DramaBox ᠪᠣᠯᠤᠨ ᠵᠢᠦ ᠵᠧᠦ ᠵᠢᠨ ᠰᠣᠶᠣᠯ᠎ᠤᠨ ShortMax᠎ᠨᠢ ᠡᠯ᠎ᠡ ᠤᠯᠤᠰ᠎ᠤᠨ ᠵᠠᠬ᠎ᠠ ᠳᠡᠯᠭᠡᠭᠦᠷ᠎ᠲᠤ ᠦᠨᠳᠦᠰᠦᠨ᠎ᠳᠤ᠎ᠪᠠᠨ ᠴᠦᠮ ᠡᠮᠦᠨ᠎ᠡ ᠭᠤᠷᠪᠠ᠎ᠳᠤ ᠵᠢᠭᠰᠠᠭ᠋ᠠᠭᠳᠠᠪᠠ᠃
ᠳᠤᠮᠳᠠᠳᠤ ᠤᠯᠤᠰ᠎ᠤᠨ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ᠎ᠤᠨ ᠭᠠᠳᠠᠭ᠋ᠠᠳᠤ᠎ᠳᠤ ᠭᠠᠷᠣᠭᠰᠠᠨ ᠬᠡᠪᠴᠢᠶ᠎ᠡ ᠪᠦᠬᠦ ᠳᠡᠯᠡᠬᠡᠢ᠎ᠳᠤ ᠲᠡᠷᠢᠭᠦᠯᠡᠵᠦ᠂ 2024 ᠣᠨ᠎ᠤ ᠭᠠᠳᠠᠭ᠋ᠠᠳᠤ᠎ᠳᠤ ᠭᠠᠷᠣᠭᠰᠠᠨ ᠪᠦᠲᠦᠭᠡᠯ᠎ᠤᠨ ᠶᠡᠷᠦᠩᠬᠡᠢ ᠬᠡᠮᠵᠢᠶ᠎ᠡ ᠨᠢ 80 ᠲᠦᠮᠡ ᠵᠢ ᠳᠠᠪᠠᠵᠤ᠂ ᠭᠠᠳᠠᠭ᠋ᠠᠳᠤ ᠳᠠᠬᠢ ᠵᠠᠬ᠎ᠠ ᠳᠡᠯᠭᠡᠭᠦᠷ᠎ᠤᠨ ᠬᠡᠪᠴᠢᠶ᠎ᠡ ᠨᠢ ᠠᠷᠠᠳ᠎ᠤᠨ ᠵᠤᠭᠤᠰ ᠵᠶ᠋ᠠᠷ 50.7 ᠳ᠋ᠦᠩᠰᠢᠭᠤᠷ ᠲᠥᠭᠦᠷᠢᠭ᠎ᠲᠤ ᠬᠦᠷᠴᠦ ᠂ 2019 ᠣᠨ᠎ᠤ 4.6 ᠳ᠋ᠦᠩᠰᠢᠭᠤᠷ ᠲᠥᠭᠦᠷᠢᠭ᠎ᠠᠴᠠ 10 ᠳᠠᠬᠢᠨ ᠨᠡᠮᠡᠭᠳᠡᠵᠦ᠂ ᠲᠦᠷᠭᠡᠨ ᠵᠶ᠋ᠠᠷ ᠥᠷᠭᠡᠳᠬᠡᠬᠦ ᠪᠠᠶ᠋ᠢᠳᠠᠯ ᠢᠯᠡᠷᠡᠪᠡ᠃
ᠳᠤᠮᠳᠠᠳᠤ ᠤᠯᠤᠰ᠎ᠤᠨ ᠲᠣᠭᠯᠠᠭ᠋ᠠᠮ ᠨᠢ ᠪᠦᠬᠦ ᠳᠡᠯᠡᠬᠡᠢ ᠵᠢᠨ ᠲᠣᠭᠯᠠᠭ᠋ᠠᠮ᠎ᠤᠨ ᠠᠵᠤ ᠦᠢ᠍ᠯᠡᠰ᠎ᠤᠨ ᠴᠢᠬᠤᠯᠠ ᠨᠢᠭᠡ ᠲᠤᠶ᠋ᠢᠯ ᠪᠣᠯᠪᠠ ᠃ ᠳᠤᠮᠳᠠᠳᠤ ᠤᠯᠤᠰ᠎ᠤᠨ ᠲᠣᠭᠯᠠᠭ᠋ᠠᠮ᠎ᠤᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠠᠬᠢ ᠶᠡᠷᠦᠩᠬᠡᠶ ᠡᠵᠡᠯᠡᠬᠦ ᠬᠠᠷᠢᠴᠠᠯ 30% ᠵᠢ ᠳᠠᠪᠠᠵᠤ᠂ ᠭᠠᠷ ᠵᠢᠭᠣᠯᠴᠢᠯᠠᠯ᠎ᠤᠨ ᠭᠠᠳᠠᠭ᠋ᠠᠳᠤ ᠳᠠᠬᠢ ᠵᠠᠬ᠎ᠠ ᠳᠡᠯᠭᠡᠭᠦᠷ᠎ᠤᠨ ᠬᠡᠪᠴᠢᠶ᠎ᠡ ᠨᠢ ᠪᠦᠬᠦ ᠳᠡᠯᠡᠬᠡᠶ ᠵᠢᠨ ᠲᠡᠷᠢᠭᠦᠨ᠎ᠳᠤ ᠣᠷᠣᠪᠠ ᠃ 2024 ᠣᠨ᠎ᠳᠤ ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠲᠣᠭᠯᠠᠭ᠋ᠠᠮ᠎ᠤᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠲᠠᠬᠢ ᠪᠣᠳᠠᠲᠠᠢ ᠪᠣᠷᠣᠯᠠᠭᠤᠯᠤᠯᠲᠠ ᠵᠢᠨ ᠣᠷᠣᠯᠭ᠎ᠠ ᠨᠢ 185.6 ᠳ᠋ᠦᠩᠰᠢᠭᠤᠷ ᠳ᠋ᠣᠯᠯᠠᠷ᠎ᠲᠤ ᠬᠦᠷᠴᠦ᠂ 2014 ᠣᠨ᠎ᠤ᠎ᠬᠢ᠎ᠠᠴᠠ 5 ᠳᠠᠬᠢᠨ ᠨᠡᠮᠡᠭᠳᠡᠪᠡ᠃
(ᠬᠤᠶᠠᠷ) IP᠎ᠪᠠᠷ ᠭᠠᠳᠠᠭ᠋ᠠᠳᠣ᠎ᠳᠤ ᠭᠠᠷᠬᠤ ᠠᠵᠤ ᠦᠢ᠍ᠯᠡᠰ᠎ᠤᠨ ᠬᠡᠯᠬᠢᠶ᠎ᠡ ᠵᠢᠨ ᠭᠠᠳᠠᠭ᠋ᠠᠳᠣ᠎ᠳᠤ ᠭᠠᠷᠬᠤ ᠰᠣᠶᠣᠯ᠎ᠤᠨ ᠠᠵᠦ ᠠᠬᠣᠢ᠌ᠯᠠᠯ᠎ᠢ ᠳᠠᠢ᠌ᠴᠢᠯᠠᠨ ᠭᠠᠳᠠᠭ᠋ᠠᠳᠣ᠎ᠳᠤ ᠭᠠᠷᠬᠤ ᠶᠠᠪᠣᠴᠠ᠎ᠳᠤ ᠠᠭᠤᠯᠭ᠎ᠠ ᠵᠢᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠠᠪᠴᠠᠯᠳᠣᠯᠢ ᠲᠦᠷᠭᠡᠳᠭᠡᠵᠦ᠂ IP᠎ᠪᠠᠷ ᠠᠵᠦ ᠦᠢ᠍ᠯᠡᠰ᠎ᠤᠨ ᠬᠡᠯᠬᠢᠶ᠎ᠡ ᠵᠢ ᠨᠡᠭᠡᠭᠡᠨ ᠬᠦᠭᠵᠢᠭᠦᠯᠵᠦ᠂ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ ᠂ ᠺᠢᠨᠤ᠋ ᠲᠧᠯᠸᠢᠰ ᠵᠦᠴᠦᠭᠡ᠂ ᠳᠠᠭᠤᠲᠤ ᠨᠣᠮ ᠂ ᠲᠣᠭᠯᠠᠭ᠋ᠠᠮ᠂ ᠡᠭᠦᠰᠦᠮᠡᠯ ᠦᠢ᠍ᠯᠡᠳᠬᠦᠨ ᠵᠡᠷᠭᠡ ᠰᠣᠶᠣᠯ᠎ᠤᠨ ᠪᠦᠲᠦᠭᠡᠭᠳᠡᠬᠦᠨ᠎ᠢ ᠪᠠᠭᠲᠠᠭ᠋ᠠᠭᠰᠠᠨ IP ᠠᠮᠢ ᠠᠬᠤᠢ ᠵᠢᠨ ᠬᠡᠯᠬᠢᠶ᠎ᠡ ᠵᠢ ᠪᠣᠢ ᠪᠣᠯᠭ᠋ᠠᠵᠦ ᠂ ᠳᠤᠮᠳᠠᠳᠤ ᠤᠯᠤᠰ᠎ᠤᠨ ᠠᠭᠤᠯᠭ᠎ᠠ ᠵᠢᠨ ᠬᠡᠪᠴᠢᠶ᠎ᠡ᠎ᠪᠠᠷ ᠭᠠᠳᠠᠭ᠋ᠠᠳᠣ᠎ᠳᠤ ᠭᠠᠷᠬᠤ ᠵᠢ ᠪᠡᠶᠡᠯᠡᠭᠦᠯᠦᠨ᠎ᠡ᠃
2024 ᠣᠨ᠎ᠳᠤ᠂ ᠶᠤᠸᠠᠢ ᠸᠧᠨ ᠪᠦᠲᠦᠭᠡᠯ᠎ᠤᠨ ᠭᠡᠷ᠎ᠡ ᠲᠣᠭᠲᠠᠨ ᠭᠠᠳᠠᠭ᠋ᠠᠳᠤ᠎ᠳᠤ ᠬᠡᠪᠯᠡᠭᠦᠯᠬᠦ ᠡᠷᠬᠡ ᠣᠯᠭᠤᠭᠰᠠᠨ ᠲᠤᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 80%᠎ᠪᠠᠷ ᠨᠡᠮᠡᠭᠳᠡᠵᠦ᠂ ᠰᠦᠯᠵᠢᠶᠡᠨ᠎ᠤ ᠤᠳᠬ᠎ᠠ ᠵᠣᠬᠢᠶᠠᠯ᠎ᠤᠨ ᠠᠭᠤᠯᠭ᠎ᠠ ᠵᠢᠨ ᠦᠢ᠍ᠯᠡᠳᠪᠦᠷᠢᠯᠡᠯ᠎ᠠᠴᠠ ᠪᠥᠬᠦ ᠠᠵᠤ ᠦᠢ᠍ᠯᠡᠰ᠎ᠤᠨ IP ᠵᠢᠭᠰᠠᠭ᠋ᠠᠯ᠎ᠤᠨ ᠪᠦᠬᠦᠯᠢ ᠴᠣᠭᠴᠠ᠎ᠪᠠᠷ ᠭᠠᠳᠠᠭ᠋ᠠᠳᠣ᠎ᠳᠤ ᠭᠠᠷᠬᠤ ᠬᠦᠷᠲᠡᠯᠡᠬᠢ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠪᠡᠶᠡᠯᠡᠭᠦᠯᠪᠡ ᠃ IP ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠠᠬᠢᠭᠤᠯᠤᠯ ᠵᠶ᠋ᠠᠷ ᠳᠠᠮᠵᠢᠭᠤᠯᠤᠨ᠂ ᠶᠤᠸᠠᠢ ᠸᠧᠨ ᠪᠦᠯᠦᠭᠯᠡᠯ᠎ᠤᠨ ᠺᠢᠨᠣ᠋ 《 ᠷᠧ ᠯᠠ ᠭᠦᠨ ᠲᠠᠩ 》᠂ ᠵᠦᠴᠦᠭᠡ ᠵᠢᠨ ᠲᠡᠭᠦᠪᠦᠷᠢ 《 ᠴᠢᠩ ᠢᠦᠢ ᠨᠢᠶᠠᠨ᠎ᠤ ᠬᠤᠶᠠᠳᠤᠭ᠋ᠠᠷ ᠪᠦᠯᠦᠭ 》᠂ 《ᠰᠠᠷᠭ᠋ᠠᠢ ᠴᠡᠴᠡᠭ᠎ᠤᠨ ᠥᠯᠢᠭᠡᠷ》 ᠵᠡᠷᠭᠡ ᠵᠢᠴᠢ 7 ᠬᠡᠯᠡᠨ᠎ᠤ 1700 ᠱᠤᠭ ᠵᠢᠷᠤᠭ᠂ 12 ᠺᠠᠷᠲ᠋ᠣᠨ ᠵᠢᠷᠤᠭ᠎ᠢ ᠪᠥᠬᠦ ᠳᠡᠯᠡᠬᠡᠢ᠎ᠳᠤ ᠳᠠᠭᠣᠷᠢᠰᠣᠭᠰᠠᠨ ᠪᠠᠢ᠌ᠨ᠎ᠠ ᠃ ᠳᠠᠭᠣ᠎ᠲᠤ ᠪᠦᠲᠦᠭᠡᠯ᠎ᠤᠨ ᠭᠠᠭᠴᠠ ᠬᠡᠰᠡᠭ᠎ᠢ ᠨᠡᠪᠲᠡᠷᠡᠭᠦᠯᠦᠭᠰᠡᠨ ᠬᠡᠮᠵᠢᠶ᠎ᠡ (《 ᠣᠷᠣᠭ ᠪᠣᠰᠣᠷᠣᠭᠰᠠᠨᠠᠴᠠ ᠰᠡᠭᠦᠯᠡᠷ ᠲᠡᠷᠡ ᠭᠣᠶᠤ ᠬᠡᠭᠡᠨᠴᠢᠷ ᠮᠦᠷᠲᠡᠭᠡᠨ ᠵᠢᠪᠬᠣᠯᠠᠩᠲᠠᠢ 》᠎ᠨᠢ 4.6 ᠳ᠋ᠦᠩᠰᠢᠭᠤᠷ᠎ᠢ ᠳᠠᠪᠠᠵᠤ᠂ ᠳᠠᠭᠤᠲᠤ ᠪᠦᠲᠦᠭᠡᠯ᠎ᠢ ᠭᠠᠳᠠᠭ᠋ᠠᠳᠤ᠎ᠳᠤ ᠨᠡᠪᠲᠡᠷᠡᠭᠦᠯᠦᠭᠰᠡᠨ ᠲᠡᠮᠳᠡᠭᠯᠡᠯ᠎ᠢ ᠡᠪᠳᠠᠪᠠ ᠂ ᠶᠤᠸᠠᠢ ᠸᠧᠨ ᠺᠠᠷᠲ᠋ᠣᠨ ᠵᠢᠷᠤᠭ᠎ᠤᠨ ᠪᠦᠲᠦᠭᠡᠯ᠎ᠤᠨ Youtube ᠳᠡᠭᠡᠷᠡᠬᠢ ᠶᠡᠷᠦᠩᠬᠡᠢ ᠨᠡᠪᠲᠡᠷᠡᠭᠦᠯᠦᠭᠰᠡᠨ ᠬᠡᠮᠵᠢᠶ᠎ᠡ᠎ᠨᠢ 12.37 ᠳ᠋ᠦᠩᠰᠢᠭᠤᠷ ᠤᠳᠠᠭ᠎ᠠ᠎ᠳᠤ ᠬᠦᠷᠴᠦ ᠂ ᠲᠦᠷᠦᠭᠦᠦ ᠰᠠᠷ᠎ᠠ ᠵᠢᠨᠠᠴᠠᠪᠠᠨ 35.4%᠎ᠪᠠᠷ ᠨᠡᠮᠡᠭᠳᠡᠵᠡᠢ ᠂ ᠲᠣᠭᠯᠠᠭ᠋ᠠᠮ 《ᠳ᠋ᠧᠦ ᠯᠦᠸᠧ ᠳ᠋ᠠ ᠯᠦ᠍ . ᠾᠦᠨ ᠱ᠌ᠢ ᠳ᠋ᠦᠢ ᠵᠢᠤᠸᠠᠢ 》᠎ᠨᠢ 80 ᠭᠠᠷᠤᠢ ᠤᠯᠤᠰ ᠪᠠ ᠭᠠᠵᠠᠷ ᠣᠷᠣᠨ᠎ᠤ ᠰᠦᠯᠵᠢᠶᠡᠨ᠎ᠳᠤ ᠭᠠᠷᠴᠦ᠂ ᠣᠷᠣᠯᠭ᠎ᠠ᠎ᠨᠢ 100 ᠳ᠋ᠦᠩᠰᠢᠭᠤᠷ᠎ᠢ ᠳᠠᠪᠠᠪᠠ᠂ 《 ᠳ᠋ᠧᠦ ᠫᠥᠸᠧ ᠼᠠᠩ ᠴᠢᠦ᠋ᠩ . ᠨᠦ᠍ ᠾᠥᠸᠧ ᠶᠦᠨ ᠯᠠᠨ 》 ᠨᠢ ᠨᠢᠭᠡᠨᠲᠡ ᠪᠦᠬᠦ ᠳᠡᠯᠡᠬᠡᠢ ᠵᠢᠨ 170 ᠭᠠᠷᠤᠶ ᠤᠯᠤᠰ ᠪᠠ ᠭᠠᠵᠠᠷ ᠣᠷᠣᠨ᠎ᠤ ᠰᠦᠯᠵᠢᠶᠡᠨ᠎ᠳᠤ ᠭᠠᠷᠪᠠ ᠃
(ᠭᠤᠷᠪᠠ) ᠣᠷᠣᠨ ᠨᠣᠲᠣᠭᠴᠢᠯᠠᠬᠤᠪᠠᠷ ᠰᠣᠶᠣᠯ᠎ᠤᠨ ᠵᠥᠷᠢᠶ᠎ᠡ ᠵᠢᠨ ᠪᠡᠬᠢᠯᠡᠯᠲᠡ ᠵᠢ ᠡᠪᠳᠡᠵᠦ ᠬᠠᠮᠲᠤᠷᠠᠨ ᠠᠵᠢᠯᠯᠠᠵᠤ ᠬᠠᠮᠲᠤ᠎ᠪᠠᠷ ᠡᠭᠦᠳᠴᠦ ᠂ ᠰᠣᠶᠣᠯ᠎ᠤᠨ ᠭᠠᠳᠠᠭ᠋ᠠᠳᠣ᠎ᠳᠤ ᠭᠠᠷᠬᠤ ᠰᠢᠨ᠎ᠡ ᠬᠡᠪ ᠵᠠᠭᠪᠤᠷ᠎ᠢ ᠪᠣᠢ ᠪᠣᠯᠭ᠋ᠠᠪᠠ ᠃ ᠳᠤᠮᠳᠠᠳᠤ ᠤᠯᠤᠰ᠎ᠤᠨ ᠰᠣᠶᠣᠯ ᠭᠠᠳᠠᠭ᠋ᠠᠳᠣ᠎ᠳᠤ ᠭᠠᠷᠬᠤ᠎ᠨᠢ ᠨᠢᠭᠡᠨᠲᠡ ᠪᠦᠬᠦ ᠳᠡᠯᠡᠬᠡᠢ ᠵᠢᠨ IP ᠵᠢ ᠬᠠᠮᠲᠤ᠎ᠪᠠᠷ ᠡᠭᠦᠳᠬᠦ ᠰᠢᠨ᠎ᠡ ᠱᠠᠲᠤᠨ᠎ᠳᠤ ᠣᠷᠣᠵᠤ᠂ IP ᠵᠢᠨ ᠣᠷᠣᠨ ᠨᠣᠲᠣᠭᠴᠢᠯᠠᠬᠤ ᠬᠥᠭᠵᠢᠯᠲᠡ ᠪᠠ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠭᠠᠳᠠᠭ᠋ᠠᠳᠤ ᠵᠢᠨ ᠬᠡᠷᠡᠭᠯᠡᠭᠴᠢᠳ᠎ᠤᠨ ᠳᠤᠮᠳᠠᠳᠤ ᠤᠯᠤᠰ᠎ᠤᠨ IP ᠵᠢ ᠮᠡᠳᠡᠷᠡᠬᠦ ᠂ ᠳᠤᠮᠳᠠᠳᠤ ᠤᠯᠤᠰ᠎ᠤᠨ ᠦᠯᠢᠭᠡᠷ᠎ᠢ ᠣᠢ᠌ᠯᠭ᠋ᠠᠬᠤ᠎ᠳᠤ ᠬᠦᠴᠦᠨ ᠨᠡᠮᠡᠷᠢᠯᠡᠪᠡ ᠃ ᠶᠤᠸᠠᠢ ᠸᠧᠨ ᠪᠦᠯᠦᠭᠯᠡᠯ᠎ᠤᠨ᠎ᠬᠢᠨ IP ᠵᠢᠨ ᠭᠠᠳᠠᠭ᠋ᠠᠳᠣ᠎ᠳᠤ ᠭᠠᠷᠬᠤ ᠦᠵᠡᠭᠳᠡᠯ᠎ᠢ ᠢᠳᠡᠪᠬᠢᠲᠡᠢ ᠰᠦᠪᠡᠭᠴᠢᠯᠡᠨ ᠥᠷᠭᠡᠳᠬᠡᠵᠦ᠂ 2024 ᠣᠨ᠎ᠳᠤ᠂ ᠳ᠋ᠠ ᠶᠢᠩ ᠨᠣᠮ᠎ᠤᠨ ᠰᠠᠩ᠎ᠳᠤ 10 ᠢᠵᠢ ᠳᠤᠮᠳᠠᠳᠤ ᠤᠯᠤᠰ᠎ᠤᠨ ᠰᠦᠯᠵᠢᠶᠡᠨ᠎ᠤ ᠣᠳᠬ᠎ᠠ ᠵᠣᠬᠢᠶᠠᠯ᠎ᠤᠨ ᠪᠦᠲᠦᠭᠡᠯ᠎ᠢ ᠲᠠᠬᠢᠨᠲᠠ ᠬᠤᠷᠢᠶᠠᠨ ᠴᠤᠭᠯᠠᠭᠤᠯᠬᠤ ᠵᠢ ᠠᠬᠢᠭᠣᠯᠣᠭᠰᠠᠨ ᠪᠦᠭᠡᠳ 《ᠲᠣᠭ᠋ᠠᠴᠢᠯᠠᠭᠰᠠᠨ ᠴᠠᠭ ᠦᠶ᠎ᠡ ᠵᠢᠨ ᠤᠳᠬ᠎ᠠ ᠵᠣᠬᠢᠶᠠᠯ》᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠪᠡ ᠂ ᠰᠸᠢᠰ᠎ᠤᠨ ᠤᠯᠤᠰ᠎ᠤᠨ ᠵᠢᠭᠤᠯᠴᠢᠯᠠᠯ᠎ᠤᠨ ᠲᠣᠪᠴᠢᠶ᠎ᠠ᠎ᠲᠠᠢ ᠬᠤᠯᠪᠣᠭ᠋ᠠᠯᠠᠨ 《ᠪᠦᠷᠢᠨ ᠲᠣᠰᠢᠶᠠᠯ᠎ᠲᠤ ᠴᠢᠳᠠᠪᠤᠷᠢᠲᠠᠨ᠄ 25 ᠵᠢᠯ᠎ᠳᠤ ᠽᠦᠢ᠍ᠷᠢᠱ᠌ᠢᠲᠠᠢ ᠪᠣᠯᠵᠤᠬᠤ ᠲᠥᠯᠥᠪᠯᠡᠭᠡ 》 ᠵᠢ ᠡᠭᠦᠰᠭᠡᠨ ᠪᠠᠢ᠌ᠭᠣᠯᠪᠠ᠂ YUEWEN WONDERLAND ᠵᠢᠨ ᠦᠪᠡᠳᠡᠭᠰᠢ ᠴᠣᠭᠯᠠᠭ᠋ᠠᠨ᠂ IP ᠵᠢᠨ ᠦᠪᠡᠳᠡᠭᠰᠢ ᠶᠣᠰᠣᠯᠠᠯ ᠵᠡᠷᠭᠡ ᠵᠢ ᠰᠢᠩᠭ᠋ᠠᠫᠣᠷ᠎ᠲᠤ ᠵᠠᠯᠭ᠋ᠠᠭ᠎ᠠ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠪᠠ ᠂ ᠶᠠᠫᠣᠨ᠎ᠤ ᠠᠯᠳᠠᠷᠲᠤ ᠰᠣᠶᠣᠯ᠎ᠤᠨ ᠠᠵᠤ ᠠᠬᠤᠶ᠋ᠢᠯᠠᠯ CCC ᠪᠦᠯᠦᠭᠯᠡᠯ᠎ᠲᠠᠢ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠬᠢᠵᠦ᠂ IP ᠬᠠᠮᠲᠤ᠎ᠪᠠᠷ ᠡᠭᠦᠳᠬᠦ ᠪᠠ ᠰᠢᠨ᠎ᠡ ᠵᠢ ᠡᠭᠦᠳᠬᠦ ᠡᠵᠡᠩᠨᠡᠯᠲᠡ ᠵᠢᠨ ᠲᠣᠭᠤᠷᠢᠨ᠎ᠳᠤ ᠭᠦᠨᠵᠡᠭᠡᠶ ᠬᠠᠮᠲᠤᠷᠠᠯᠴᠠᠭ᠎ᠠ ᠥᠷᠨᠢᠭᠦᠯᠪᠡ᠃
ᠪᠠᠶ᠋ᠢᠴᠠᠭ᠋ᠠᠨ ᠰᠤᠳᠤᠯᠤᠯᠲᠠ ᠵᠢ ᠴᠢᠩᠭ᠋ᠠᠳᠬᠠᠵᠤ᠂ ᠥᠪᠡᠷᠮᠢᠴᠡ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠪᠠ ᠃ ᠮᠦ᠍ ᠲᠦᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠨᠢ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠥᠷᠭᠡᠳᠬᠡᠬᠦ᠎ᠳᠤ᠎ᠪᠠᠨ ᠂ ᠵᠠᠬ᠎ᠠ ᠳᠡᠯᠭᠡᠭᠦᠷ᠎ᠢ ᠣᠷᠢᠳᠴᠢᠯᠠᠨ ᠪᠠᠢ᠌ᠴᠠᠭ᠋ᠠᠨ ᠰᠣᠳᠣᠯᠵᠦ᠂ ᠲᠤᠬᠠᠢ ᠵᠢᠨ ᠭᠠᠵᠠᠷ᠎ᠤᠨ ᠬᠡᠷᠡᠭᠯᠡᠭᠴᠢᠳ᠎ᠤᠨ ᠬᠡᠷᠡᠭᠴᠡᠭᠡ ᠵᠢ ᠴᠣᠭᠯᠠᠭᠣᠯᠬᠤ ᠵᠢᠨ ᠬᠠᠮᠲᠤ ᠲᠠᠰᠤᠷᠠᠯᠳᠠ ᠦᠭᠡᠢ ᠵᠠᠰᠠᠪᠤᠷᠢ ᠣᠷᠣᠭᠤᠯᠵᠤ᠂ ᠲᠤᠬᠢᠷᠠᠭᠤᠯᠵᠤ᠂ ᠳᠤᠮᠳᠠᠳᠤ ᠤᠯᠤᠰ᠎ᠤᠨ ᠲᠣᠭᠯᠠᠭ᠋ᠠᠮ᠎ᠤᠨ ᠣᠷᠣᠭᠰᠢᠲᠠᠢ ᠭᠠᠳᠠᠭ᠋ᠠᠳᠣ᠎ᠳᠤ ᠳᠠᠯᠠᠢ᠎ᠳᠤ ᠭᠠᠷᠬᠤ ᠵᠢ ᠪᠡᠶᠡᠯᠡᠭᠦᠯᠵᠠᠢ᠃ ᠵᠡᠭᠦᠨ ᠡᠮᠦᠨᠡᠲᠦ ᠠᠽᠢᠶ᠎ᠠ ᠵᠢᠨ ᠵᠠᠬ᠎ᠠ ᠳᠡᠯᠭᠡᠭᠦᠷ᠎ᠤᠨ ᠢᠨᠲᠸᠷ ᠰᠦᠯᠵᠢᠶᠡᠨ᠎ᠤ ᠦᠨᠳᠦᠰᠦᠨ ᠪᠦᠲᠦᠭᠡᠨ ᠪᠠᠢ᠌ᠭᠣᠯᠣᠯᠲᠠ ᠵᠢᠨ ᠠᠰᠠᠭᠤᠳᠠᠯ᠎ᠳᠤ ᠬᠠᠨᠳᠣᠵᠦ ᠂ ᠮᠦ᠍ ᠲᠦᠩ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠨᠢ ᠶᠡᠬᠡ ᠬᠡᠮᠵᠢᠶᠡᠨ᠎ᠤ ᠣᠷᠣᠨ ᠨᠣᠲᠣᠭᠴᠢᠯᠠᠭᠰᠠᠨ ᠲᠤᠬᠢᠷᠠᠭᠣᠯᠣᠯᠲᠠ ᠵᠢ ᠪᠡᠶᠡᠯᠡᠭᠦᠯᠵᠦ᠂ ᠰᠦᠯᠵᠢᠶᠡᠨ᠎ᠤ ᠲᠣᠭᠲᠠᠭᠣᠨᠢ ᠪᠠᠲᠣᠯᠠᠬᠤ ᠵᠢ ᠪᠠᠢ᠌ᠷᠢᠯᠠᠭᠣᠯᠬᠤ᠂ ᠲᠣᠭ᠋ᠠᠴᠠᠭ᠎ᠠ ᠬᠢᠬᠦ ᠠᠰᠠᠭᠣᠳᠠᠯ᠎ᠢ ᠰᠢᠢ᠍ᠳᠪᠦᠷᠢᠯᠡᠬᠦ ᠵᠡᠷᠭᠡ ᠵᠢ ᠪᠠᠭᠲᠠᠭ᠋ᠠᠭᠰᠠᠨ ᠪᠠᠢ᠌ᠨ᠎ᠠ᠂ ᠬᠡᠯᠡᠨ᠎ᠤ ᠠᠰᠠᠭᠤᠳᠠᠯ᠎ᠳᠤ ᠴᠢᠭᠯᠡᠭᠦᠯᠦᠨ ᠂ 20 ᠭᠠᠷᠤᠢ ᠬᠡᠯᠡᠨ᠎ᠤ ᠴᠣᠭᠯᠠᠪᠣᠷᠢ ᠲᠣᠬᠢᠷᠠᠭᠤᠯᠵᠤ᠂ ᠭᠣᠣ ᠮᠢᠶᠠᠨ ᠬᠡᠯᠡ᠂ ᠲᠠ ᠺᠠᠨ ᠯᠥᠸᠧ ᠬᠡᠯᠡ ᠵᠡᠷᠭᠡ ᠬᠡᠯᠡᠨ᠎ᠳᠤ ᠴᠢᠭᠯᠡᠭᠦᠯᠦᠨ ᠲᠤᠭᠲᠠᠭ᠋ᠠᠭᠰᠠᠨ ᠣᠷᠣᠨ ᠨᠣᠲᠣᠭᠴᠢᠯᠠᠭᠰᠠᠨ ᠭᠠᠳᠠᠷᠭᠤ ᠵᠢᠨ ᠰᠣᠩᠭᠣᠯᠲᠠ ᠵᠢ ᠭᠢᠵᠦ ᠦᠭᠬᠦᠨ᠎ᠡ ᠂ ᠰᠣᠶᠣᠯ᠎ᠤᠨ ᠠᠭᠤᠯᠭ᠎ᠠ ᠵᠢᠨ ᠵᠥᠷᠢᠶᠡᠨᠤ ᠡᠮᠦᠨ᠎ᠡ᠂ ᠲᠤᠬᠠᠢ ᠵᠢᠨ ᠭᠠᠵᠠᠷ᠎ᠤᠨ ᠱᠣᠭ ᠵᠢᠷᠣᠭᠴᠢᠨ᠎ᠲᠠᠢ ᠬᠠᠮᠲᠤᠷᠠᠨ ᠠᠵᠢᠯᠯᠠᠵᠤ᠂ ᠲᠤᠬᠠᠢ ᠵᠢᠨ ᠭᠠᠵᠠᠷ᠎ᠤᠨ ᠬᠦᠷᠢᠶᠡᠯᠡᠯ᠎ᠢ ᠣᠯᠤᠭᠰᠠᠨ ᠱᠣᠭ ᠵᠢᠷᠤᠭ᠎ᠤᠨ IP ᠵᠶ᠋ᠠᠷ ᠲᠣᠭᠯᠠᠭ᠋ᠠᠮ᠎ᠤᠨ ᠪᠠᠭ᠋ᠠᠲᠤᠷ ᠪᠣᠯᠭ᠋ᠠᠵᠤ᠂ ᠬᠡᠷᠡᠭᠯᠡᠭᠴᠢᠳ᠎ᠢ ᠨᠡᠩ ᠰᠠᠢ᠌ᠨ ᠲᠠᠲᠠᠪᠠ ᠃
ᠬᠤᠶᠠᠷ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠄ ᠰᠣᠭᠲᠣᠭᠣᠷᠠᠮᠠᠯ ᠮᠠᠶᠢᠭ᠎ᠤᠨ ᠶᠡᠭᠡ ᠣᠷᠣᠨ ᠵᠠᠶ᠎ᠳᠤ ᠰᠣᠶᠣᠯ᠎ᠤᠨ ᠰᠢᠨ᠎ᠡ ᠪᠠᠶ᠋ᠢᠳᠠᠯ᠎ᠢ ᠪᠣᠶ ᠪᠣᠯᠭ᠋ᠠᠪᠠ
ᠰᠣᠭᠲᠣᠭᠣᠷᠠᠮᠠᠯ ᠮᠠᠶᠢᠭ᠎ᠤᠨ ᠪᠦᠮᠪᠦᠭᠡᠨ ᠳᠡᠯᠭᠡᠴᠡ᠎ᠪᠠᠷ ᠣᠯᠠᠨ ᠠᠵᠢᠯ ᠲᠥᠷᠥᠯ᠎ᠳᠤ ᠬᠦᠴᠦᠨ ᠨᠡᠮᠡᠷᠢᠯᠡᠪᠡ ᠃ ᠠᠢ᠌ᠰᠸᠨ ᠲᠧᠯᠸᠢᠰ᠎ᠤᠨ ᠮᠡᠳᠡᠭᠡᠯᠡᠯ᠎ᠨᠢ ᠱᠸᠨᠵᠸᠨ᠎ᠤ ᠶᠠᠨᠲ᠋ᠠᠢ᠎ᠳᠤ ᠨᠠᠨᠤᠮᠸᠲᠷᠤᠨ ᠭᠡᠷᠡᠯ᠎ᠤᠨ ᠤᠬᠠᠭ᠋ᠠᠨ᠎ᠤ ᠲᠦᠷᠬᠢᠮᠡᠯ ᠳᠠᠪᠬᠤᠷᠭ᠎ᠠ ᠂ ᠭᠡᠷᠡᠯ᠎ᠤᠨ ᠤᠬᠠᠭ᠋ᠠᠨ᠎ᠤ ᠢᠷᠮᠡᠭ᠎ᠲᠤ ᠰᠢᠯ᠎ᠤᠨ ᠳᠦᠷᠰᠦ ᠪᠦᠲᠦᠭᠡᠬᠦ ᠮᠡᠷᠭᠡᠵᠢᠯ᠎ᠢ ᠪᠣᠢ ᠪᠣᠯᠭ᠋ᠠᠵᠦ ᠂ AI ᠣᠯᠠᠨ ᠵᠠᠭᠪᠤᠷ᠎ᠤᠨ ᠰᠣᠯᠪᠢᠴᠠᠬᠤ ᠰᠢᠰᠲ᠋ᠧᠮ᠎ᠤᠨ ᠮᠢᠩᠭ᠎ᠠ ᠰᠢᠬᠠᠮ ᠲᠡᠭᠰᠢ ᠳᠥᠷᠪᠡᠯᠵᠢᠨ ᠮᠧᠲᠷ ᠪᠦᠬᠦᠢ ᠰᠣᠭᠲᠣᠭᠣᠷᠠᠮᠠᠯ ᠮᠠᠶᠢᠭ᠎ᠤᠨ ᠪᠦᠮᠪᠦᠭᠡᠨ ᠳᠡᠯᠭᠡᠴᠡ ᠵᠢᠨ ᠣᠷᠣᠨ ᠵᠠᠢ ᠵᠢ ᠠᠴᠢᠶᠠᠯᠠᠨ ᠂ ᠬᠡᠳᠦ ᠥᠨᠳᠥᠷ ᠲᠣᠩᠭ᠋ᠠᠯᠠᠭ ᠨᠢᠴᠦᠭᠦᠨ ᠨᠢᠳᠦᠨ᠎ᠤ 3D ᠢᠯᠡᠷᠡᠭᠦᠯᠦᠯᠲᠡ ᠵᠢ ᠪᠡᠶᠡᠯᠡᠭᠦᠯᠪᠡ᠃ ᠲᠣᠰ ᠮᠡᠷᠭᠡᠵᠢᠯ᠎ᠤᠨ ᠰᠠᠭᠤᠷᠢ᠎ᠳᠤ ᠰᠠᠭᠤᠷᠢᠯᠠᠭᠰᠠᠨ ᠰᠣᠭᠲᠣᠭᠣᠷᠠᠮᠠᠯ ᠮᠠᠶᠢᠭ᠎ᠤᠨ ᠲᠤᠭᠲᠠᠯᠴᠠᠭ᠎ᠠ᠎ᠨᠢ ᠭᠤᠤᠯᠳᠠᠭᠤ ᠰᠣᠶᠣᠯ ᠵᠢᠭᠤᠯᠴᠢᠯᠠᠯ᠂ ᠰᠤᠷᠭ᠋ᠠᠨ ᠬᠥᠮᠦᠵᠢᠯ᠂ ᠤᠷᠠᠯᠢᠭ᠂ ᠤᠷᠠᠨ ᠲᠣᠭᠯᠠᠯᠲᠠ᠂ ᠺᠢᠨᠣ᠋ ᠲᠧᠯᠸᠢᠰ᠂ ᠬᠤᠳᠠᠯᠳᠤᠭ᠎ᠠ᠂ ᠠᠮᠢᠳᠤᠷᠠᠯ ᠵᠡᠷᠭᠡ ᠲᠤᠯᠤᠭ᠋ᠠᠨ ᠶᠡᠭᠡ ᠭᠤᠤᠯ ᠬᠡᠷᠡᠭᠯᠡᠭᠡᠨ᠎ᠤ ᠦᠵᠡᠭᠳᠡᠯ᠎ᠳᠤ ᠠᠩᠬᠠᠷᠣᠯ ᠵᠶ᠋ᠠᠨ ᠲᠦᠪᠯᠡᠷᠡᠭᠦᠯᠵᠦ ᠂ ᠦᠵᠡᠭᠳᠡᠯ᠎ᠢ ᠨᠠᠷᠢᠨ ᠬᠤᠪᠢᠶᠠᠭᠰᠠᠨ ᠰᠣᠭᠲᠣᠭᠣᠷᠠᠮᠠᠯ ᠮᠠᠶᠢᠭ᠎ᠤᠨ ᠵᠠᠭᠤ ᠰᠢᠬᠠᠮ ᠲᠤᠭ᠋ᠠᠨ᠎ᠤ ᠣᠢ᠌ᠯᠠᠭ᠋ᠠᠯᠲᠠ᠎ᠳᠤ ᠠᠩᠬᠠᠷᠣᠯ ᠵᠶ᠋ᠠᠨ ᠲᠦᠪᠯᠡᠷᠡᠭᠦᠯᠵᠦ᠂ ᠣᠬᠤᠷ ᠵᠦᠴᠦᠭᠡ᠂ ᠲᠣᠭᠯᠠᠭ᠋ᠠᠮ᠂ ᠰᠢᠭᠤᠳ ᠨᠡᠪᠲᠡᠷᠡᠭᠦᠯᠭᠡ ᠵᠡᠷᠭᠡ ᠠᠵᠢᠯ ᠲᠦᠷᠦᠯ᠎ᠤᠨ᠎ᠬᠢᠨ᠎ᠤ ᠰᠢᠨ᠎ᠡ ᠵᠢ ᠡᠭᠦᠳᠬᠦ ᠦᠵᠡᠭᠳᠡᠯ ᠵᠶ᠋ᠡᠷ ᠭᠠᠳᠠᠭ᠋ᠠᠳᠤ ᠵᠢ ᠭᠠᠷᠬᠤ᠎ᠳᠤ ᠨᠡᠩ ᠢᠯᠡᠭᠦᠦ ᠬᠦᠴᠦᠨ ᠨᠡᠮᠡᠷᠢᠯᠡᠪᠡ᠃
VR ᠶᠡᠬᠡ ᠣᠷᠣᠨ ᠵᠠᠢ᠎ᠳᠤ ᠰᠢᠨ᠎ᠡ ᠰᠣᠶᠣᠯ᠎ᠤᠨ ᠣᠢ᠍ᠯᠠᠭ᠋ᠠᠯᠲᠠ ᠲᠠᠢ ᠪᠣᠯᠪᠠ ᠃ ᠮᠢ ᠭᠦ᠋ᠨᠢ 《ᠮᠦᠷᠦᠭᠡᠳᠦᠯ ᠬᠠᠮᠲᠤ᠎ᠪᠠᠷ ᠠᠶᠠᠯᠠᠬᠤ. ᠪᠠᠷᠢᠮᠲᠠᠲᠤ ᠹᠢᠯᠢᠮ 〈ᠪᠤᠳᠠᠯᠠ ᠣᠷᠳᠣᠨ〉 VR ᠶᠡᠬᠡ ᠣᠷᠣᠨ ᠵᠠᠢ᠎ᠳᠤ ᠰᠣᠭᠲᠣᠭᠣᠷᠠᠭᠰᠠᠨ ᠭᠡᠷᠡᠯ ᠵᠢᠷᠤᠭ᠎ᠤᠨ ᠦᠵᠡᠭᠦᠯᠭᠡ》 ᠵᠢ ᠡᠭᠦᠳᠦᠨ ᠪᠦᠲᠦᠭᠡᠵᠦ ᠂ ᠪᠠᠷᠢᠮᠲᠠᠲᠤ ᠹᠢᠯᠢᠮ 《ᠪᠤᠳᠠᠯᠠ ᠣᠷᠳᠣᠨ》᠎ᠤ ᠬᠣᠶᠠᠳᠣᠭ᠋ᠠᠷ ᠪᠦᠯᠦᠭ ᠵᠶ᠋ᠡᠷ ᠰᠠᠭᠣᠷᠢ ᠪᠣᠯᠭ᠋ᠠᠨ ᠂ ᠣᠢ᠍ᠠᠲᠣᠷ ᠬᠢᠷᠢ ᠳᠣᠢ᠍ᠪᠰᠢᠠ ᠪᠤᠢ᠍ᠭᠦᠢ ᠲᠤᠭ᠋ᠠᠴᠢᠯᠠᠭᠰᠠᠨ ᠮᠠᠷᠭᠡᠵᠢᠯ ᠪᠤᠯᠣᠠ ᠦᠨᠳᠦᠷ ᠦᠷᠲᠡᠭ᠎ᠲᠤ ᠣᠷᠠᠯᠢᠭ᠎ᠤᠨ ᠢᠯᠡᠷᠡᠭᠦᠯᠦᠯᠢ ᠭᠦᠨᠵᠡᠭᠡᠢ ᠠᠭᠣᠰᠣᠯᠴᠠᠭᠣᠯᠵᠦ ᠂ ᠬᠡᠲᠤ ᠦᠨᠳᠦᠷ ᠲᠣᠩᠭ᠋ᠠᠯᠠᠭ ᠰᠣᠭᠲᠣᠭᠣᠷᠠᠮᠠᠯ ᠮᠠᠶᠢᠭ᠎ᠤᠨ ᠦᠵᠡᠭᠦᠯᠭᠡ ᠪᠠ ᠬᠠᠷᠢᠯᠴᠠᠨ ᠬᠦᠳᠡᠯᠦᠯᠴᠡᠬᠦ ᠬᠡᠯᠪᠡᠷᠢ ᠵᠢᠨ ᠬᠠᠢ᠌ᠨ ᠰᠦᠪᠡᠭᠴᠢᠯᠡᠯᠲᠡ ᠵᠢ ᠣᠶᠠᠯᠳᠣᠭᠣᠯᠬᠤ ᠣᠢ᠍ᠯᠢᠭᠡᠷ ᠮᠠᠶ᠋ᠢᠭ᠎ᠤᠨ ᠰᠣᠢ᠍ᠯᠵᠢᠶᠡ ᠪᠠ ᠬᠠᠷᠢᠯᠴᠠᠨ ᠣᠶᠠᠯᠲᠣᠭᠣᠯᠬᠤ ᠬᠡᠯᠪᠠᠷᠢ᠎ᠪᠠᠷ ᠲᠠᠮᠵᠢᠭᠣᠯᠣᠠ᠂ ᠦᠵᠡᠭᠴᠢᠳ᠎ᠤᠨ ᠳᠠᠭ᠋ᠠᠭᠣᠯᠣᠨ ᠪᠤᠳᠠᠯᠠ ᠣᠷᠳᠣᠨ᠎ᠤ ᠣᠷᠢᠳᠣ ᠲᠦᠷᠦᠯ ᠡᠨᠡ ᠦᠶ᠎ᠡ ᠵᠢᠨ ᠪᠠᠢ᠌ᠳᠠᠯ᠎ᠢ ᠣᠢ᠌ᠯᠭ᠋ᠠᠭᠣᠯᠪᠠ᠃ ᠦᠵᠡᠭᠴᠢᠳ ᠬᠡᠳᠦᠢ᠎ᠳᠤ ᠴᠤ᠌ ᠭᠡᠰᠡᠨ ᠲᠦᠭᠦᠮ ᠭᠠᠷᠤᠨ ᠲᠤᠬᠢᠶ᠎ᠠ᠎ᠪᠠᠷ ᠳᠠᠮᠵᠢᠭᠣᠯᠣᠨ᠂ ᠦᠢ᠍ᠯᠡᠳᠬᠦᠨ᠎ᠲᠠᠢ ᠬᠠᠷᠢᠯᠴᠠᠨ ᠦᠢ᠍ᠯᠡᠳᠦᠯᠴᠡᠵᠦ᠂ ᠤᠯᠠᠮᠵᠢᠯᠠᠯᠲᠤ ᠪᠠᠷᠢᠮᠲᠠᠲᠤ ᠹᠢᠯᠢᠮ᠎ᠤᠨ ᠭᠠᠭᠴᠠ ᠴᠢᠭᠯᠡᠯ ᠵᠶ᠋ᠠᠷ ᠳᠠᠮᠵᠢᠭᠤᠯᠬᠤ ᠵᠠᠭᠪᠤᠷ᠎ᠢ ᠡᠪᠳᠡᠵᠦ᠂ ᠰᠣᠶᠣᠯ᠎ᠤᠨ ᠳᠠᠮᠵᠢᠭᠣᠯᠭ᠎ᠠ ᠵᠢᠨ 《ᠦᠵᠡᠬᠦ》᠎ᠠᠴᠠ᠎ᠪᠠᠨ 《ᠣᠷᠣᠯᠴᠠᠬᠤ》 ᠪᠣᠯᠣᠨ ᠳᠡᠰ ᠳᠡᠪᠰᠢᠬᠦ ᠵᠢ ᠪᠡᠶᠡᠯᠡᠭᠦᠯᠵᠡᠶ᠃
ᠭᠤᠷᠪᠠ᠂ ᠰᠢᠨ᠎ᠡ ᠦᠢ᠍ᠯᠡᠴᠢᠯᠡᠭᠡ᠄ ᠵᠣᠬᠢᠶᠠᠮᠠᠯ ᠣᠶᠤᠨ ᠴᠢᠳᠠᠪᠤᠷᠢ ᠨᠢ ᠳᠤᠮᠳᠠᠳᠤ ᠤᠯᠤᠰ᠎ᠤᠨ ᠰᠣᠶᠣᠯ᠎ᠤᠨ ᠦᠢ᠍ᠯᠡᠴᠢᠯᠡᠭᠡ ᠭᠠᠳᠠᠭ᠋ᠠᠳᠣ᠎ᠳᠤ ᠭᠠᠷᠬᠤ᠎ᠳᠤ ᠬᠦᠴᠦᠨ ᠨᠡᠮᠡᠷᠢᠯᠡᠪᠡ
ᠮᠠᠨ᠎ᠤ ᠤᠯᠤᠰ᠎ᠤᠨ ᠮᠡᠷᠭᠡᠵᠢᠯ᠎ᠤᠨ ᠲᠦᠷᠭᠡᠨ ᠳᠠᠪᠰᠢᠯᠲᠠ ᠴᠢᠨᠠᠭᠰᠢᠯᠠᠪᠠᠯ ᠲᠦᠷᠦᠭᠦᠯᠡᠬᠦ ᠵᠢ ᠳᠠᠭ᠋ᠠᠯᠳᠣᠨ᠂ ᠳᠤᠮᠳᠠᠳᠤ ᠤᠯᠤᠰ᠎ᠤᠨ ᠲᠣᠭ᠋ᠠᠴᠢᠯᠠᠭᠰᠠᠨ ᠰᠣᠶᠣᠯ᠎ᠤᠨ ᠦᠢ᠍ᠯᠡᠴᠢᠯᠡᠭᠡᠨ᠎ᠤ ᠠᠷᠠᠯᠵᠢᠶ᠎ᠠ ᠨᠡᠩ ᠶᠡᠭᠡ ᠬᠤᠷᠳᠤᠴᠠ᠎ᠲᠠᠢ ᠪᠣᠯᠵᠤ᠂ ᠳᠡᠯᠡᠬᠡᠢ ᠵᠢᠨ ᠲᠠᠪᠴᠠᠩ᠎ᠳᠤ ᠨᠡᠩ ᠢᠯᠡᠷᠬᠡᠢ ᠨᠥᠯᠥᠭᠡᠯᠡᠬᠦ ᠬᠦᠴᠦᠨ᠎ᠲᠠᠢ ᠪᠣᠯᠵᠠᠢ᠃
ᠸᠢᠳᠢᠤ᠋ ᠵᠢᠨ ᠶᠡᠬᠡ ᠵᠠᠭᠪᠤᠷ ᠨᠢ ᠪᠦᠬᠦ ᠪᠥᠮᠪᠥᠷᠴᠡᠭ᠎ᠤᠨ ᠬᠡᠷᠡᠭᠯᠡᠭᠴᠢᠳ᠎ᠲᠤ ᠦᠢ᠍ᠯᠡᠴᠢᠯᠡᠪᠡ ᠃ ᠱᠧᠩ ᠱᠦ᠍ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠥᠨᠳᠥᠷ ᠴᠠᠭ᠎ᠤᠨ ᠣᠷᠲᠤ ᠂ ᠥᠨᠳᠥᠷ ᠬᠥᠳᠡᠯᠦᠩᠭᠦᠢ ᠸᠢᠳᠢᠤ᠋ ᠵᠢᠨ ᠲᠣᠮᠣ ᠵᠠᠭᠪᠤᠷ Vidu ᠨᠢ ᠨᠢᠭᠡᠨᠲᠡ ᠪᠦᠬᠦ ᠳᠡᠯᠡᠬᠡᠢ ᠵᠢᠨ 200 ᠭᠠᠷᠤᠢ ᠤᠯᠤᠰ ᠪᠠ ᠭᠠᠵᠠᠷ ᠣᠷᠣᠨ᠎ᠳᠤ ᠦᠢ᠍ᠯᠡᠴᠢᠯᠡᠵᠦ᠂ 2500 ᠲᠦᠮᠡᠨ ᠬᠡᠷᠡᠭᠯᠡᠭᠴᠢ ᠵᠢ ᠳᠠᠪᠠᠵᠦ ᠂ ᠬᠡᠳᠦᠨ ᠵᠠᠭᠤᠨ ᠠᠵᠤ ᠠᠬᠣᠢ᠌ᠯᠠᠯ᠎ᠳᠤ ᠦᠢ᠍ᠯᠡᠴᠢᠯᠡᠵᠦ᠂ ᠬᠡᠷᠡᠭᠯᠡᠭᠴᠢ ᠵᠢᠨ ᠭᠠᠵᠠᠷ ᠣᠷᠣᠨ᠎ᠨᠢ ᠭᠣᠣᠯᠳᠠᠭᠤ ᠧᠦ᠋ᠷᠣᠫᠠ ᠠᠮᠧᠷᠢᠺᠠ᠂ ᠶᠠᠫᠣᠨ ᠺᠣᠷᠢᠶᠠ ᠵᠡᠷᠭᠡ ᠬᠥᠭᠵᠢᠭᠰᠡᠨ ᠤᠯᠤᠰ᠎ᠲᠤ ᠲᠥᠪᠯᠡᠷᠡᠵᠦ ᠪᠠᠢ᠌ᠨ᠎ᠠ ᠃ Vidu᠎ᠨᠢ ᠭᠤᠷᠪᠠᠨ ᠳᠠᠪᠠᠭᠤᠯᠢᠭ ᠲᠠᠯ᠎ᠠ᠎ᠲᠠᠢ᠄ ᠨᠢᠭᠡ᠎ᠳᠤ ᠮᠡᠷᠭᠡᠵᠢᠯ᠎ᠤᠨ ᠪᠦᠬᠦ ᠤᠷᠤᠴᠠ ᠵᠢ ᠥᠪᠡᠷ ᠵᠶ᠋ᠠᠨ ᠰᠤᠳᠤᠯᠵᠤ ᠪᠡᠶ᠎ᠡ᠎ᠪᠠᠨ ᠳᠠᠭ᠋ᠠᠭ᠋ᠠᠵᠤ ᠡᠵᠡᠮᠳᠡᠵᠦ ᠪᠣᠯᠣᠨ᠎ᠠ᠂ VIDU ᠮᠡᠷᠭᠡᠵᠢᠯ᠎ᠤᠨ ᠰᠠᠭᠤᠷᠢ ᠨᠢ ᠴᠢᠩᠬᠤᠸᠠ ᠶᠡᠭᠡ ᠰᠤᠷᠭ᠋ᠠᠭᠤᠯᠢ ᠪᠠ ᠱᠧᠩ ᠱᠦ᠍ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠬᠠᠮᠲᠤᠷᠠᠨ ᠨᠡᠶ᠋ᠢᠲᠡᠯᠡᠭᠰᠡᠨ U—ViT ᠪᠦᠲᠦᠴᠡ ᠪᠣᠯᠣᠨ᠎ᠠ ᠂ ᠬᠤᠶᠠᠷ᠎ᠲᠤ ᠪᠤᠢ ᠪᠣᠯᠣᠭᠰᠠᠨ ᠸᠢᠳᠢᠣ᠋ ᠵᠢᠨ ᠠᠭᠤᠯᠭ᠎ᠠ ᠵᠢᠨ ᠶᠠᠰᠤ ᠴᠢᠨᠠᠷ ᠨᠢ ᠥᠨᠳᠥᠷ ᠪᠠᠢ᠌ᠵᠦ ᠂ Vidu Q1 ᠵᠠᠭᠪᠤᠷ᠎ᠨᠢ ᠣᠯᠠᠨ ᠠᠵᠢᠯ ᠲᠥᠷᠥᠯ᠎ᠤᠨ ᠡᠷᠬᠡ ᠰᠦᠷᠲᠦ ᠦᠨᠡᠯᠡᠨ ᠵᠢᠱ᠌ᠢᠯᠲᠡ᠎ᠳᠤ ᠨᠢᠭᠡᠳᠦᠭᠡᠷ᠎ᠲᠤ ᠵᠢᠭᠰᠠᠭ᠋ᠠᠭᠳᠠᠪᠠ᠂ ᠭᠤᠷᠪᠠ᠎ᠳᠤ ᠥᠪᠡᠷ᠎ᠤᠨ ᠥᠷᠲᠡᠭ᠎ᠤᠨ ᠳᠠᠪᠠᠭᠤᠯᠢᠭ ᠂ ᠰᠧᠺᠦ᠋ᠨ᠋ᠳ᠋ ᠪᠦᠷᠢ ᠵᠢᠨ ᠸᠢᠳᠢᠤ᠋ ᠵᠢᠨ ᠦᠨᠡᠨ᠎ᠢ ᠵᠦᠪᠬᠡᠨ 0.3 ᠲᠦᠬᠦᠷᠢᠭ ᠪᠠᠢ᠌ᠵᠦ᠂ ᠠᠵᠢᠯ ᠲᠦᠷᠦᠯ᠎ᠤᠨ ᠳᠣᠮᠳᠠᠴᠢ ᠦᠨ᠎ᠡ᠎ᠠᠴᠠ 10 ᠳᠠᠬᠢᠨ ᠳᠣᠣᠷ᠎ᠠ ᠪᠠᠶ᠋ᠢᠳᠠᠭ᠃
ᠵᠣᠬᠢᠶᠠᠮᠠᠯ ᠣᠶᠤᠨ ᠴᠢᠳᠠᠪᠣᠷᠢ ᠣᠷᠴᠢᠭᠣᠯᠣᠨ ᠦᠢ᠍ᠯᠡᠳᠬᠦ ᠠᠪᠢᠶ᠎ᠠ ᠲᠠᠭ᠋ᠠᠷᠠᠭᠣᠯᠬᠤ ᠮᠡᠷᠭᠡᠵᠢᠯ ᠨᠢ ᠳᠡᠯᠡᠬᠡᠢ ᠵᠢᠨ ᠳᠠᠮᠵᠢᠭᠣᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠠᠢ ᠃ 2024 ᠣᠨ᠎ᠳᠤ ᠂ ᠶᠤᠸᠠᠢ ᠸᠧᠨ᠎ᠳᠤ AI ᠣᠷᠴᠢᠭᠤᠯᠭ᠎ᠠ ᠵᠢᠨ ᠪᠦᠲᠦᠭᠡᠯ 3200 ᠨᠡᠮᠡᠭᠳᠡᠵᠦ ᠂ ᠡᠬᠢᠯᠡᠯᠲᠡ ᠵᠢᠨ ᠴᠡᠭ᠎ᠲᠠᠬᠢ ᠳᠡᠯᠡᠬᠡᠢ ᠵᠢᠨ ᠭᠠᠳᠠᠭ᠋ᠠᠳᠣ᠎ᠳᠤ ᠭᠠᠷᠭ᠋ᠠᠬᠤ ᠪᠤᠢ ᠪᠦᠬᠦᠢ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ᠎ᠤᠨ ᠪᠦᠬᠦ ᠲᠣᠭ᠋ᠠᠨ᠎ᠤ 47% ᠵᠢ ᠡᠵᠡᠯᠡᠵᠦ᠂ ᠨᠡᠩ ᠤᠯᠠᠨ ᠳᠤᠮᠳᠠᠳᠤ ᠤᠯᠤᠰ᠎ᠤᠨ ᠰᠦᠯᠵᠢᠶᠡᠨ᠎ᠤ ᠣᠳᠬ᠎ᠠ ᠵᠤᠬᠢᠶᠠᠯ᠎ᠤᠨ ᠪᠦᠲᠦᠭᠡᠯ᠎ᠤᠨ ᠨᠡᠩ ᠤᠯᠠᠨ ᠡᠰᠢᠲᠦ᠂ ᠨᠡᠩ ᠵᠢᠵᠢᠭ ᠵᠠᠬ᠎ᠠ ᠳᠡᠯᠭᠡᠭᠦᠷ᠎ᠲᠤ ᠣᠷᠣᠬᠤ ᠵᠢ ᠠᠬᠢᠭᠤᠯᠪᠠ᠃ 2024 ᠣᠨ᠎ᠤ ᠡᠴᠦᠰ᠎ᠠᠴᠠ ᠡᠬᠢᠯᠡᠨ᠂ ᠠᠪᠢᠶ᠎ᠠ ᠲᠠᠭ᠋ᠠᠷᠠᠭᠤᠯᠬᠤ ᠵᠦᠴᠦᠭᠡ ᠵᠢᠨ ᠳᠠᠯᠠᠢ᠎ᠳᠤ ᠭᠠᠷᠬᠤ ᠬᠠᠨᠳᠣᠰᠢ ᠪᠣᠯᠵᠠᠢ᠃ YouTube ᠠᠯᠪᠠᠨ᠎ᠤ ᠲᠠᠯ᠎ᠠ ᠵᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ ᠂ ᠠᠪᠢᠶ᠎ᠠ ᠲᠠᠭ᠋ᠠᠷᠠᠭᠣᠯᠣᠭᠰᠠᠨ ᠵᠦᠴᠦᠭᠡ ᠵᠢᠨ ᠳᠠᠮᠵᠢᠭᠣᠯᠭ᠎ᠠ ᠵᠢᠨ ᠦᠷ᠎ᠡ ᠪᠦᠲᠦᠮᠵᠢ ᠪᠠ ᠠᠰᠢᠭ ᠣᠷᠣᠯᠭ᠎ᠠ᠎ᠨᠢ ᠴᠦᠮ ᠦᠰᠦᠭᠲᠦ ᠳᠡᠯᠭᠡᠴᠡ ᠵᠢᠨ ᠵᠦᠴᠦᠭᠡ ᠵᠢᠨ᠎ᠬᠢ᠎ᠠᠴᠠ 2᠎ᠠᠴᠠ 3 ᠳᠠᠬᠢᠨ ᠥᠨᠳᠥᠷ ᠪᠠᠢ᠌ᠳᠠᠭ ᠃ ᠵᠢᠶᠠᠨ ᠱ᠌ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠨᠢ ᠥᠪᠡᠷ᠎ᠤᠨ ᠶᠡᠷᠦᠩᠬᠡᠶ᠋ᠢᠯᠡᠭᠰᠡᠨ ᠴᠢᠨᠠᠷᠲᠠᠢ ᠣᠶᠤᠨᠴᠢ ᠳᠠᠮᠵᠢᠭᠤᠯᠭ᠎ᠠ ᠵᠢᠨ ᠲᠠᠪᠴᠠᠩ᠎ᠤᠨ 《ᠪᠢᠴᠢᠯ ᠡᠯᠴᠢᠨ ᠰᠠᠶ᠋ᠢᠳ》 (VDUS)᠎ᠲᠤ ᠲᠦᠰᠢᠭᠯᠡᠨ ᠵᠤᠬᠢᠶᠠᠮᠠᠯ + AI ᠣᠷᠴᠢᠭᠤᠯᠤᠨ ᠦᠢ᠍ᠯᠡᠳᠬᠦ ᠠᠪᠢᠶ᠎ᠠ ᠲᠠᠭ᠋ᠠᠷᠠᠭᠣᠯᠬᠤ ᠲᠣᠬᠠᠢ᠌ᠯᠠᠭᠰᠠᠨ ᠠᠵᠢᠯ᠎ᠢ ᠦᠷᠨᠢᠭᠦᠯᠬᠦ᠎ᠳᠤ ᠂ ᠵᠥᠪᠬᠡᠨ 3᠎ᠠᠴᠠ 10 ᠰᠧᠺᠦ᠋ᠨ᠋ᠳ᠋᠎ᠤᠨ ᠳᠠᠭᠤᠨ᠎ᠤ ᠲᠠᠰᠤᠯᠪᠤᠷᠢ ᠬᠡᠷᠡᠭᠯᠡᠪᠡᠯ ᠲᠠᠭᠤᠨ᠎ᠤ ᠠᠪᠢᠶᠠᠨ᠎ᠤ ᠥᠩᠭᠡ᠂ ᠠᠶ᠋ᠢᠵᠠᠮ᠂ ᠠᠪᠢᠶᠠᠨ᠎ᠤ ᠠᠶᠠᠰ ᠵᠡᠷᠭᠡ ᠣᠨᠴᠠᠯᠢᠭ᠎ᠢ ᠲᠠᠬᠢᠨ ᠰᠡᠢ᠌ᠯᠵᠦ ᠂ ᠬᠤᠷᠳᠤᠴᠠ᠎ᠨᠢ ᠨᠡᠩ ᠲᠦᠷᠭᠡᠨ᠂ ᠥᠪᠡᠷ᠎ᠤᠨ ᠦᠷᠳᠡᠭ᠎ᠨᠢ ᠨᠡᠩ ᠳᠣᠣᠷ᠎ᠠ᠂ ᠦᠷ᠎ᠡ ᠪᠦᠲᠦᠮᠵᠢ᠎ᠨᠢ ᠠᠶᠠᠨᠳᠠᠭ᠋ᠠᠨ ᠰᠢᠯᠤᠭᠤᠨ᠂ ᠬᠡᠯᠡᠨ᠎ᠤ ᠲᠦᠷᠦᠯ ᠠᠯᠣᠰᠯᠠᠭᠰᠠᠨ ᠠᠪᠢᠶ᠎ᠠ ᠵᠢ ᠨᠡᠢ᠌ᠯᠡᠭᠦᠯᠬᠦ ᠵᠢ ᠳᠡᠮᠵᠢᠬᠦ ᠵᠡᠷᠭᠡ ᠳᠠᠪᠠᠭᠤᠯᠢᠭ ᠲᠠᠢ ᠪᠠᠢ᠌ᠳᠠᠭ ᠃ ᠣᠳᠣᠬᠠᠨ ᠪᠣᠯᠲᠠᠯ᠎ᠠ᠂ ᠵᠢᠶᠠᠨ ᠱ᠌ᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠨᠢ ᠨᠢᠭᠡᠨᠲᠡ 800 ᠭᠠᠷᠤᠶ ᠪᠠᠶ᠋ᠢᠭᠤᠯᠤᠮᠵᠢ ᠪᠠ ᠠᠵᠤ ᠠᠬᠤᠶ᠋ᠢᠯᠠᠯ᠎ᠳᠤ ᠣᠷᠴᠢᠭᠣᠯᠭ᠎ᠠ ᠂ ᠠᠪᠢᠶ᠎ᠠ ᠲᠠᠭ᠋ᠠᠷᠠᠭᠣᠯᠬᠤ ᠂ ᠸᠢᠳᠢᠤ᠋ ᠦᠢ᠍ᠯᠡᠳᠬᠦ ᠂ ᠭᠠᠳᠠᠭ᠋ᠠᠳᠤ᠎ᠳᠤ ᠡᠵᠡᠩᠨᠡᠬᠦ ᠵᠡᠷᠭᠡ ᠪᠥᠬᠦ ᠶᠠᠪᠤᠴᠠ ᠵᠢ ᠬᠠᠮᠤᠷᠤᠭᠰᠠᠨ ᠣᠶᠤᠨᠴᠢ ᠣᠷᠴᠢᠭᠣᠯᠣᠨ ᠦᠢ᠍ᠯᠡᠳᠬᠦ ᠵᠢ ᠰᠢᠢ᠍ᠳᠪᠦᠷᠢᠯᠡᠬᠦ ᠲᠥᠰᠦᠯ᠎ᠤᠨ ᠦᠢ᠍ᠯᠡᠴᠢᠯᠡᠭᠡ ᠬᠠᠩᠭ᠋ᠠᠪᠠ ᠂ ᠸᠢᠳᠢᠤ᠋ ᠵᠢ ᠨᠡᠶ᠋ᠢᠲᠡ 220 ᠲᠦᠮᠡᠨ ᠮᠢᠨᠦ᠋ᠲ ᠤᠷᠴᠢᠭᠣᠯᠣᠨ ᠦᠢ᠍ᠯᠡᠳᠴᠦ ᠠᠪᠢᠶ᠎ᠠ ᠲᠠᠭ᠋ᠠᠷᠠᠭᠣᠯᠵᠦ ᠂ 30 ᠭᠠᠷᠤᠶ ᠵᠦᠢ᠍ᠯ᠎ᠤᠨ ᠦᠭᠡ ᠬᠡᠯᠡ ᠵᠢ ᠬᠠᠮᠤᠷᠴᠤ᠂ 10000 ᠢᠯᠡᠬᠦᠦ ᠪᠦᠲᠦᠭᠡᠯ᠎ᠢ ᠪᠥᠬᠦ ᠳᠡᠯᠡᠬᠡᠶ᠎ᠳᠤ ᠳᠠᠮᠵᠢᠭᠣᠯᠬᠤ ᠵᠢ ᠪᠡᠶᠡᠯᠡᠭᠦᠯᠪᠡ᠃ ᠲᠣᠭᠤᠷᠢᠭ ᠰᠢᠷᠡᠭᠡᠨ᠎ᠤ ᠬᠤᠷᠠᠯ ᠳᠡᠭᠡᠷ᠎ᠡ᠂ ᠬᠦᠨᠳᠦᠲᠦ ᠵᠣᠴᠢᠳ ᠳᠤᠷᠠᠳᠤᠭᠰᠠᠨ᠎ᠨᠢ᠂ ᠣᠳᠣᠬᠠᠨ᠎ᠳᠤ ᠳᠤᠮᠳᠠᠳᠤ ᠤᠯᠤᠰ᠎ᠤᠨ ᠰᠣᠶᠣᠯ᠎ᠢ ᠭᠠᠳᠠᠭ᠋ᠠᠳᠣ᠎ᠳᠤ ᠭᠠᠷᠭ᠋ᠠᠬᠤ᠎ᠳᠤ ᠰᠣᠳᠣᠨ ᠪᠦᠲᠦᠭᠡᠯ᠎ᠤᠨ ᠠᠭᠤᠯᠭ᠎ᠠ ᠵᠢᠨ ᠬᠠᠩᠭ᠋ᠠᠯᠭ᠎ᠠ ᠬᠦᠷᠦᠯᠴᠡᠬᠦ ᠥᠬᠡᠶ᠂ ᠣᠷᠣᠨ ᠨᠣᠲᠣᠭᠴᠢᠯᠠᠭᠰᠠᠨ ᠬᠦᠦᠷᠨᠢᠯ᠎ᠤᠨ ᠴᠢᠳᠠᠪᠤᠷᠢ ᠬᠦᠷᠦᠯᠴᠡᠬᠦ ᠥᠬᠡᠶ᠂ ᠭᠠᠳᠠᠭ᠋ᠠᠳᠤ᠎ᠳᠤ ᠦᠢ᠍ᠯᠡᠳᠴᠦ ᠡᠵᠡᠩᠨᠡᠬᠦ ᠥᠪᠡᠷ᠎ᠤᠨ ᠥᠷᠲᠡᠭ ᠥᠨᠳᠥᠷ᠂ ᠡᠷᠬᠡ᠎ᠳᠤ ᠬᠠᠯᠳᠠᠵᠤ ᠬᠡᠪᠯᠡᠯ ᠬᠤᠯᠠᠭ᠋ᠠᠶ᠋ᠢᠯᠠᠭᠰᠠᠨ ᠪᠠᠶ᠋ᠢᠳᠠᠯ ᠣᠯᠠᠨᠲᠠ ᠡᠭᠦᠰᠴᠦ᠂ ᠮᠡᠷᠭᠡᠵᠢᠯ᠎ᠤᠨ ᠪᠠᠷᠢᠮᠵᠢᠶ᠎ᠠ ᠵᠢ ᠣᠯᠠᠨ ᠤᠯᠤᠰ᠎ᠲᠤ ᠭᠡᠷᠡᠴᠢᠯᠡᠬᠦ᠎ᠳᠤ ᠬᠦᠴᠢᠷᠳᠡᠯ᠎ᠲᠠᠢ ᠂ ᠲᠣᠭ᠋ᠠᠴᠢᠯᠠᠭᠰᠠᠨ ᠡᠳ᠋ ᠬᠥᠷᠥᠩᠭᠡ ᠵᠢᠨ ᠠᠭᠤᠯᠭ᠎ᠠ ᠵᠢ ᠣᠯᠬᠤ᠎ᠳᠤ ᠪᠡᠷᠬᠡ ᠵᠡᠷᠭᠡ ᠠᠰᠠᠭᠤᠳᠠᠯ᠎ᠳᠤ ᠲᠤᠯᠭ᠋ᠠᠷᠠᠵᠤ ᠪᠠᠶ᠋ᠢᠨ᠎ᠠ ᠭᠡᠪᠡ ᠃ ᠬᠤᠷᠠᠯ᠎ᠳᠤ ᠣᠷᠣᠯᠴᠠᠭᠰᠠᠨ ᠬᠦᠨᠳᠦᠲᠦ ᠵᠣᠴᠢᠳ᠎ᠠᠴᠠ᠂ ᠲᠣᠭ᠋ᠠᠴᠢᠯᠠᠭᠰᠠᠨ ᠰᠣᠶᠣᠯ᠎ᠤᠨ ᠣᠯᠠᠨ ᠤᠯᠤᠰ᠎ᠤᠨ ᠳᠠᠮᠵᠢᠭᠤᠯᠭ᠎ᠠ ᠵᠢᠨ ᠱᠠᠩᠨᠠᠯ᠎ᠤᠨ ᠵᠦᠢ᠍ᠯ᠎ᠢ ᠪᠠᠢ᠌ᠭᠣᠯᠬᠤ᠎ᠪᠠᠷ ᠳᠠᠮᠵᠢᠭᠣᠯᠵᠦ ᠂ ᠲᠥᠷᠥ ᠵᠢᠨ ᠪᠣᠳᠣᠯᠭ᠎ᠠ ᠵᠢᠨ ᠵᠢᠯᠣᠭᠣᠳᠣᠯᠭ᠎ᠠ ᠂ ᠪᠠᠯᠠ ᠮᠥᠩᠭᠦ ᠵᠢᠨ ᠳᠡᠮᠵᠢᠯᠭᠡ ᠂ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ ᠦᠵᠡᠭᠦᠯᠬᠦ ᠵᠢ ᠬᠡᠷᠡᠭᠵᠢᠭᠦᠯᠵᠦ᠂ ᠭᠠᠳᠠᠭ᠋ᠠᠳᠤ ᠳᠠᠬᠢ ᠡᠷᠬᠡ᠎ᠪᠠᠨ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠵᠤ᠂ ᠪᠥᠬᠦ ᠪᠥᠮᠪᠥᠷᠴᠡᠭ᠎ᠤᠨ ᠮᠡᠳᠡᠯᠭᠡ ᠵᠢᠨ ᠦᠮᠴᠢᠯᠡᠯ᠎ᠤᠨ ᠡᠷᠬᠡ ᠵᠢᠨ ᠲᠤᠭᠲᠠᠯᠴᠠᠭ᠎ᠠ ᠵᠢᠨ ᠵᠣᠯᠭ᠋ᠠᠯᠴᠠᠭ᠎ᠠ ᠵᠢ ᠠᠬᠢᠭᠤᠯᠵᠤ᠂ ᠸᠢᠳᠢᠣ᠋ ᠲᠤᠭ᠎ᠠ ᠪᠠᠷᠢᠮᠲᠠ ᠵᠢᠨ ᠴᠤᠭᠯᠠᠷᠠᠯ᠎ᠤᠨ ᠪᠠᠶ᠋ᠢᠭᠤᠯᠤᠯᠲᠠ ᠪᠠ ᠨᠡᠭᠡᠭᠡᠯᠲᠡ ᠵᠢ ᠴᠢᠩᠭ᠋ᠠᠳᠬᠠᠵᠤ᠂ ᠣᠶᠤᠨᠴᠢ ᠬᠡᠪᠯᠡᠯ᠎ᠤᠨ ᠡᠷᠬᠡ ᠵᠢᠨ ᠡᠷᠬᠡ ᠵᠢ ᠨᠤᠲᠠᠯᠠᠨ ᠲᠣᠭᠲᠠᠭ᠋ᠠᠬᠤ ᠲᠠᠪᠴᠠᠩ᠎ᠢ ᠨᠡᠭᠡᠭᠡᠨ ᠬᠥᠭᠵᠢᠭᠦᠯᠵᠦ᠂ ᠠᠭᠤᠯᠭ᠎ᠠ ᠪᠠ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠨᠥᠭᠡᠴᠡ ᠵᠢ ᠴᠢᠩᠭ᠋ᠠᠳᠬᠠᠵᠤ᠂ ᠨᠠᠩ ᠣᠯᠠᠨ ᠰᠣᠶᠣᠯ᠎ᠤᠨ ᠠᠵᠤ ᠠᠬᠤᠶ᠋ᠢᠯᠠᠯ᠎ᠤᠨ ᠭᠠᠳᠠᠭ᠋ᠠᠳᠣ᠎ᠳᠤ ᠭᠠᠷᠬᠤ ᠠᠬᠢᠴᠠ ᠵᠢ ᠪᠠᠲᠣᠯᠠᠨ᠎ᠠ ᠭᠡᠵᠦ ᠰᠠᠨᠠᠯ ᠨᠢᠭᠡᠲᠡᠶ ᠬᠦᠰᠡᠪᠡ᠃