7 ᠳ᠋ᠤᠭ᠋ᠠᠷ ᠰᠠᠷ᠎ᠠ ᠵᠢᠨ 3᠎ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠨᠢ ᠣᠭᠯᠠᠬᠤ ᠮᠠᠶᠢᠭ᠎ᠤᠨ ᠪᠢᠴᠢᠯ ᠬᠡᠯᠪᠡᠷᠢ ᠵᠢᠨ ᠲᠧᠯᠸᠢᠰ᠎ᠤᠨ ᠳᠠᠪᠲᠠᠮᠵᠢ ᠬᠦᠯᠢᠶᠡᠭᠦᠷ ᠪᠠ ᠨᠡᠶ᠋ᠢᠳᠡᠮ ᠬᠡᠷᠡᠭᠯᠡᠬᠦ ᠠᠯᠤᠰ ᠡᠵᠡᠮᠰᠢᠭᠦᠷ᠎ᠤᠨ ᠲᠤᠷᠰᠢᠯᠲᠠ ᠵᠢᠨ ᠳ᠋ᠦᠩᠨᠡᠯᠲᠡ ᠵᠢᠨ ᠬᠤᠷᠠᠯ ᠵᠢᠴᠢ ᠮᠢᠩᠭ᠋ᠠᠨ ᠲᠦᠮᠡᠨ ᠲᠠᠰ᠎ᠤᠨ ᠬᠡᠪᠴᠢᠶ᠎ᠡ᠎ᠲᠤ ᠪᠠᠶ᠋ᠢᠷᠢᠯᠠᠭᠤᠯᠤᠯᠲᠠ ᠵᠢ ᠲᠦᠯᠬᠢᠨ ᠠᠬᠢᠭᠤᠯᠬᠤ ᠬᠤᠷᠠᠯ᠎ᠢ ᠬᠤᠷᠠᠯᠳᠤᠭᠤᠯᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶ᠎ᠠ ᠵᠢᠨ ᠳᠠᠷᠤᠭ᠎ᠠ ᠯᠢᠦ ᠵᠢᠶᠠᠨ ᠭᠦᠸᠧ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠡᠯᠸᠺᠲᠷᠣᠨ ᠮᠡᠳᠡᠭᠡ ᠵᠠᠩᠭᠢ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠪᠠ᠃
ᠬᠤᠷᠠᠯ᠎ᠠᠴᠠ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠤᠨ ᠬᠠᠪᠴᠢᠭᠤᠯᠤᠨ ᠣᠭᠯᠠᠬᠤ ᠮᠠᠶᠢᠭ᠎ᠤᠨ ᠪᠢᠴᠢᠯ ᠬᠡᠯᠪᠡᠷᠢ ᠵᠢᠨ ᠲᠧᠯᠸᠢᠰ᠎ᠤᠨ ᠳᠠᠪᠲᠠᠮᠵᠢ ᠬᠦᠯᠢᠶᠡᠭᠦᠷ ᠪᠠ ᠨᠡᠶ᠋ᠢᠳᠡᠮ ᠬᠡᠷᠡᠭᠯᠡᠬᠦ ᠠᠯᠤᠰ ᠡᠵᠡᠮᠰᠢᠭᠦᠷ᠎ᠤᠨ ᠲᠤᠷᠰᠢᠯᠲᠠ ᠵᠢᠨ ᠠᠵᠢᠯ᠎ᠤᠨ ᠢᠳᠡᠪᠬᠢᠲᠡᠢ ᠦᠷ᠎ᠡ ᠪᠦᠲᠦᠮᠵᠢ ᠵᠢ ᠭᠦᠢ᠍ᠴᠡᠳ ᠨᠤᠲᠠᠯᠠᠵᠤ᠂ ᠣᠭᠯᠠᠬᠤ ᠮᠠᠶᠢᠭ᠎ᠤᠨ ᠪᠢᠴᠢᠯ ᠬᠡᠯᠪᠡᠷᠢ ᠵᠢᠨ ᠲᠧᠯᠸᠢᠰ᠎ᠤᠨ ᠳᠠᠪᠲᠠᠮᠵᠢ ᠬᠦᠯᠢᠶᠡᠭᠦᠷ ᠪᠠ ᠨᠡᠶ᠋ᠢᠳᠡᠮ ᠬᠡᠷᠡᠭᠯᠡᠬᠦ ᠠᠯᠤᠰ ᠡᠵᠡᠮᠰᠢᠭᠦᠷ᠎ᠤᠨ ᠮᠡᠷᠭᠡᠵᠢᠯ᠎ᠤᠨ ᠪᠣᠯᠪᠠᠰᠤᠷᠠᠩᠭᠤᠢ᠂ ᠦᠢ᠍ᠯᠡᠳᠬᠦᠨ ᠲᠣᠭᠲᠠᠭᠤᠨ᠂ ᠤᠭᠰᠠᠷᠠᠯᠲᠠ ᠳᠥᠭᠦᠮ᠂ ᠦᠢ᠍ᠯᠡᠳᠪᠦᠷᠢᠯᠡᠯ᠎ᠤᠨ ᠴᠢᠳᠠᠪᠤᠷᠢ᠎ᠨᠢ ᠭᠦᠢ᠍ᠴᠡᠳ᠂ ᠨᠢᠭᠡᠨᠲᠡ ᠮᠢᠩᠭ᠋ᠠᠨ ᠲᠦᠮᠡᠨ ᠳᠡᠰ᠎ᠤᠨ ᠬᠡᠪᠴᠢᠶ᠎ᠡ᠎ᠲᠤ ᠪᠠᠢ᠌ᠷᠢᠯᠠᠭᠣᠯᠣᠯᠲᠠ ᠵᠢᠨ ᠨᠦᠬᠦᠴᠡᠯ᠎ᠢ ᠪᠦᠷᠢᠯᠳᠦᠭᠦᠯᠦᠭᠰᠡᠨ ᠪᠠᠢ᠌ᠨ᠎ᠠ ᠭᠡᠵᠦ ᠵᠢᠭ᠋ᠠᠵᠦ ᠭᠠᠷᠭ᠋ᠠᠪᠠ᠃
ᠬᠤᠷᠠᠯ᠎ᠠᠴᠠ᠂ ᠮᠢᠩᠭ᠋ᠠᠨ ᠲᠦᠮᠡᠨ ᠲᠡᠰ᠎ᠤᠨ ᠬᠡᠪᠴᠢᠶ᠎ᠡ᠎ᠲᠤ ᠪᠠᠢ᠌ᠷᠢᠯᠠᠭᠣᠯᠣᠯᠲᠠ ᠪᠣᠯ ᠡᠨᠡ ᠵᠢᠯ᠎ᠤᠨ 《ᠬᠤᠣᠰ ᠵᠠᠰᠠᠯᠲᠠ》 ᠵᠢᠨ ᠴᠢᠬᠤᠯᠠ ᠡᠭᠦᠷᠭᠡ ᠪᠣᠯᠤᠨ᠎ᠠ᠂ ᠡᠯ᠎ᠡ ᠨᠢᠭᠡᠴᠢ ᠵᠢᠨ᠎ᠬᠢᠨ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠷ ᠪᠠᠢ᠌ᠷᠢᠯᠠᠭᠣᠯᠣᠯᠲᠠ ᠵᠢᠨ ᠠᠵᠢᠯ᠎ᠢ ᠲᠦᠷᠭᠡᠨ ᠲᠦᠯᠬᠢᠨ ᠠᠬᠢᠭᠤᠯᠬᠤ ᠬᠡᠷᠡᠭᠲᠡᠢ᠃ ᠨᠢᠭᠡ᠎ᠳᠤ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠬᠡᠪᠴᠢᠶ᠎ᠡ᠎ᠲᠤ ᠪᠠᠢ᠌ᠷᠢᠯᠠᠭᠣᠯᠣᠯᠲᠠ ᠪᠣᠯ ᠲᠥᠪ ᠬᠣᠷᠢᠶᠠᠨ᠎ᠤ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠤᠯᠤᠰ ᠲᠥᠷᠥ ᠵᠢᠨ ᠢᠨᠵᠧᠨᠧᠷᠢᠩ ᠮᠦᠨ᠂ ᠠᠷᠠᠳ ᠲᠦᠮᠡᠨ᠎ᠤ ᠬᠦᠰᠡᠯ ᠡᠷᠡᠮᠡᠯᠵᠡᠯ᠎ᠳᠤ ᠬᠠᠷᠢᠭᠤᠯᠲᠠ ᠥᠭᠬᠦ ᠠᠷᠠᠳ᠎ᠤᠨ ᠰᠡᠳᠬᠢᠯ᠎ᠤᠨ ᠢᠨᠵᠧᠨᠧᠷᠢᠩ ᠮᠦᠨ᠂ ᠠᠵᠢᠯ ᠲᠥᠷᠥᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ᠎ᠳᠤ ᠬᠤᠯᠪᠣᠭᠳᠠᠬᠤ ᠬᠦᠲᠦᠯᠦᠨ ᠳᠠᠭ᠋ᠠᠭ᠋ᠠᠭᠣᠯᠬᠤ ᠴᠢᠨᠠᠷᠲᠠᠢ ᠠᠵᠢᠯ ᠮᠦᠨ᠂ ᠣᠯᠣᠰ᠎ᠲᠤ ᠠᠰᠢᠭᠲᠠᠢ ᠠᠷᠠᠳ᠎ᠲᠤ ᠠᠰᠢᠭᠲᠠᠢ ᠠᠵᠦ ᠠᠬᠣᠢ᠌ᠯᠠᠯ᠎ᠳᠤ ᠠᠰᠢᠭᠲᠠᠢ ᠡᠨᠡ ᠬᠦ᠌ ᠴᠢᠬᠤᠯᠠ ᠠᠵᠢᠯ᠎ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭ᠋ᠠᠬᠤ ᠬᠡᠷᠡᠭᠲᠡᠶ ᠭᠡᠳᠡᠭ᠎ᠢ ᠬᠦᠨᠵᠡᠭᠡᠢ ᠲᠠᠨᠢᠬᠤ ᠬᠡᠷᠡᠭᠲᠡᠢ᠃ ᠬᠤᠶᠠᠷ᠎ᠲᠤ ᠨᠢᠭᠡᠳᠦᠯᠲᠡᠶ ᠲᠦᠯᠦᠪᠵᠢᠭᠦᠯᠬᠦ ᠵᠢ ᠴᠢᠩᠭ᠋ᠠᠳᠬᠠᠵᠤ᠂ ᠲᠤᠷᠰᠢᠯᠲᠠ ᠵᠢᠨ ᠲᠤᠷᠰᠢᠯᠭ᠎ᠠ ᠵᠢ ᠢᠳᠡᠪᠬᠢᠲᠡᠶ ᠬᠡᠷᠡᠭᠯᠡᠵᠦ᠂ ᠬᠡᠲᠦ ᠥᠨᠳᠥᠷ ᠲᠣᠩᠭ᠋ᠠᠯᠠᠭ ᠦᠵᠦᠭᠦᠷ᠎ᠠᠴᠠ ᠦᠵᠦᠭᠦᠷ ᠬᠦᠷᠲᠡᠯᠡᠬᠢ ᠪᠥᠬᠦ ᠬᠡᠯᠬᠢᠶ᠎ᠡ ᠵᠢ ᠨᠡᠪᠲᠡᠷᠡᠭᠦᠯᠦᠨ ᠬᠥᠭᠵᠢᠭᠦᠯᠬᠦ ᠠᠵᠢᠯ᠎ᠲᠠᠢ ᠨᠢᠭᠲᠠ ᠵᠣᠯᠭ᠋ᠠᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠵᠢ ᠰᠠᠶ᠋ᠢᠲᠤᠷ ᠬᠢᠵᠦ᠂ ᠬᠡᠪᠴᠢᠶ᠎ᠡ᠎ᠲᠤ ᠪᠠᠢ᠌ᠷᠢᠯᠠᠭᠣᠯᠣᠯᠲᠠ ᠵᠢᠨ ᠡᠭᠦᠷᠭᠡ ᠵᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠬᠠᠮᠵᠢᠯᠴᠠᠨ ᠠᠬᠢᠭᠤᠯᠬᠤ ᠬᠡᠷᠡᠭᠲᠡᠢ᠃ ᠭᠤᠷᠪᠠ᠎ᠳᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠬᠡᠪᠴᠢᠶ᠎ᠡ᠎ᠲᠤ ᠪᠠᠢ᠌ᠷᠢᠯᠠᠭᠣᠯᠣᠯᠲᠠ ᠵᠢᠨ ᠡᠭᠦᠷᠭᠡ ᠵᠢᠨ ᠲᠣᠭᠲᠠᠭᠰᠠᠨ ᠬᠤᠭᠤᠴᠠᠭ᠋ᠠᠨ᠎ᠳᠤ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠣᠯᠠᠴᠢᠯᠠᠭᠰᠠᠨ ᠪᠠᠢ᠌ᠨ᠎ᠠ᠃
ᠬᠤᠷᠠᠯ ᠳᠡᠭᠡᠷ᠎ᠡ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠷᠠᠳᠢᠣ᠋ ᠲᠧᠯᠸᠢᠰ᠎ᠤᠨ ᠰᠢᠨᠵᠢᠯᠡᠬᠦ ᠤᠬᠠᠭ᠋ᠠᠨ᠎ᠤ ᠰᠣᠳᠣᠯᠭ᠋ᠠᠨ᠎ᠤ ᠬᠦᠷᠢᠶᠡᠯᠡᠩ᠂ ᠲᠥᠯᠥᠪᠵᠢᠭᠦᠯᠭᠡ ᠵᠢᠨ ᠬᠦᠷᠢᠶᠡᠯᠡᠩ᠎ᠠᠴᠠ ᠤᠭᠯᠠᠬᠤ ᠮᠠᠶᠢᠭ᠎ᠤᠨ ᠪᠢᠴᠢᠯ ᠬᠡᠯᠪᠡᠷᠢ ᠵᠢᠨ ᠲᠧᠯᠸᠢᠰ᠎ᠤᠨ ᠳᠠᠪᠳᠠᠮᠵᠢ ᠬᠦᠯᠢᠶᠡᠭᠦᠷ ᠪᠠ ᠨᠡᠶ᠋ᠢᠳᠡᠮ ᠬᠡᠷᠡᠭᠯᠡᠬᠦ ᠠᠯᠤᠰ ᠡᠵᠡᠮᠰᠢᠭᠦᠷ᠎ᠤᠨ ᠬᠤᠯᠪᠣᠭᠳᠠᠯ ᠪᠦᠬᠦᠢ ᠠᠵᠢᠯ᠎ᠤᠨ ᠠᠬᠢᠴᠠ ᠪᠠ ᠲᠠᠷᠠᠭ᠋ᠠᠴᠢ ᠵᠢᠨ ᠠᠯᠬᠤᠮ᠎ᠤᠨ ᠲᠥᠯᠥᠪᠯᠡᠭᠡ ᠵᠢ ᠲᠠᠨᠢᠯᠴᠠᠭᠤᠯᠪᠠ᠃ ᠡᠯᠧᠺᠲᠷᠣᠨ ᠪᠠᠷᠢᠮᠵᠢᠶ᠎ᠠ ᠵᠢᠨ ᠬᠦᠷᠢᠶᠡᠯᠡᠩ᠂ ᠡᠯᠧᠺᠲᠷᠣᠨ ᠳᠦᠷᠰᠦ ᠰᠢᠩᠭᠡᠭᠡᠯᠲᠡ ᠵᠢᠨ ᠨᠡᠶ᠋ᠢᠭᠡᠮᠯᠢᠭ᠎ᠠᠴᠠ ᠬᠣᠯᠪᠣᠭᠳᠠᠯ᠎ᠲᠠᠢ ᠪᠠᠷᠢᠮᠵᠢᠶ᠎ᠠ ᠵᠢᠨ ᠠᠬᠢᠴᠠ ᠵᠢ ᠲᠠᠨᠢᠯᠴᠠᠭᠤᠯᠵᠠᠢ᠃ ᠳᠤᠮᠳᠠᠳᠤ ᠤᠯᠤᠰ᠎ᠤᠨ ᠷᠠᠳᠢᠣ᠋ ᠲᠧᠯᠸᠢᠰ᠂ ᠳᠤᠮᠳᠠᠳᠤ ᠤᠯᠤᠰ᠎ᠤᠨ ᠴᠠᠬᠢᠯᠭ᠋ᠠᠨ ᠬᠤᠯᠪᠣᠭ᠎ᠠ᠂ ᠳᠤᠮᠳᠠᠳᠤ ᠤᠯᠤᠰ᠎ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ᠎ᠨᠢ ᠲᠥᠪᠯᠡᠷᠡᠭᠦᠯᠦᠨ ᠬᠤᠳᠠᠯᠳᠤᠨ ᠠᠪᠬᠤ ᠵᠢᠴᠢ ᠬᠡᠪᠴᠢᠶ᠎ᠡ᠎ᠲᠤ ᠪᠠᠢ᠌ᠷᠢᠯᠠᠭᠣᠯᠣᠯᠲᠠ ᠵᠢᠨ ᠲᠥᠯᠥᠪᠯᠡᠭᠡ ᠵᠢ ᠲᠠᠨᠢᠯᠴᠠᠭᠤᠯᠪᠠ᠃ ᠭᠧ ᠬᠤᠸᠠ ᠤᠲᠠᠰᠤᠲᠤ᠂ ᠰᠢᠨᠵᠢᠶᠠᠩ᠎ᠤᠨ ᠴᠠᠬᠢᠯᠭ᠋ᠠᠨ ᠬᠤᠯᠪᠣᠭ᠎ᠠ᠂ ᠭᠤᠸᠠᠩᠳᠦ᠋ᠩ᠎ᠤᠨ ᠰᠢᠯᠵᠢᠮᠡᠯ ᠬᠤᠯᠪᠣᠭ᠎ᠠ᠂ ᠥᠪᠥᠷ ᠮᠣᠩᠭᠤᠯ᠎ᠤᠨ ᠨᠢᠭᠡᠳᠦᠮᠡᠯ ᠬᠤᠯᠪᠣᠭ᠎ᠠ ᠵᠡᠷᠭᠡ ᠲᠤᠷᠰᠢᠯᠲᠠ ᠵᠢᠨ ᠮᠤᠵᠢ ᠵᠢᠨ ᠲᠡᠰ᠎ᠤᠨ ᠳᠡᠭᠡᠭᠡᠪᠦᠷᠢᠯᠡᠨ ᠡᠵᠡᠩᠨᠡᠬᠦ ᠬᠤᠳᠠᠯᠳᠣᠭᠠ᠂ ᠯᠠᠩ ᠴᠤᠤ᠂ ᠴᠤᠤ ᠭᠧ᠂ ᠵᠢᠦ ᠯᠢᠶᠠᠨ᠂ ᠬᠠᠢ ᠰᠢᠨ ᠵᠡᠷᠭᠡ ᠲᠧᠯᠸᠢᠰ᠎ᠤᠨ ᠳᠠᠪᠲᠠᠮᠵᠢ ᠬᠦᠯᠢᠶᠡᠭᠦᠷ᠎ᠤᠨ ᠦᠢ᠍ᠯᠡᠳᠪᠦᠷᠢ ᠬᠤᠳᠠᠯᠳᠤᠭ᠎ᠠ ᠵᠢᠴᠢ ᠺᠧ ᠳ᠋ᠠ ᠰᠢᠶᠦ᠋ᠨ ᠹᠸᠢ᠂ ᠵᠦᠩ ᠭᠤᠸᠠᠩ ᠠᠭᠤᠰᠤᠯᠴᠠᠯ᠂ ᠵᠦᠩ ᠢ ᠲᠧᠩ ᠳ᠋ᠠ᠂ ᠠᠢ ᠱ᠌ᠢ ᠳ᠋ᠠ ᠵᠡᠷᠭᠡ ᠠᠯᠤᠰ ᠡᠵᠡᠮᠰᠢᠭᠦᠷ᠎ᠤᠨ ᠦᠢ᠍ᠯᠡᠳᠪᠦᠷᠢ ᠬᠤᠳᠠᠯᠳᠤᠭ᠋ᠠᠴᠢᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠵᠤ᠂ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠠᠵᠢᠯ᠎ᠤᠨ ᠦᠷ᠎ᠡ ᠪᠦᠲᠦᠮᠵᠢ ᠪᠣᠯᠤᠨ ᠠᠵᠤ ᠦᠢ᠍ᠯᠡᠰ᠎ᠤᠨ ᠪᠡᠯᠡᠳᠬᠡᠯ᠎ᠤᠨ ᠪᠠᠶ᠋ᠢᠳᠠᠯ᠎ᠢ ᠨᠠᠷᠢᠨ ᠲᠠᠨᠢᠯᠴᠠᠭᠤᠯᠪᠠ᠃ ᠳ᠋ᠦᠩ ᠹᠠᠩ ᠤᠲᠠᠰᠤᠲᠤ᠂ ᠵᠢᠶᠠᠩᠰᠦ ᠵᠢᠨ ᠤᠲᠠᠰᠤᠲᠤ᠂ ᠱᠠᠩᠬᠠᠶ ᠵᠢᠨ ᠴᠠᠬᠢᠯᠭ᠋ᠠᠨ ᠬᠤᠯᠪᠣᠭ᠎ᠠ᠂ ᠾᠧᠨᠠᠨ᠎ᠤ ᠰᠢᠯᠵᠢᠮᠡᠯ ᠬᠤᠯᠪᠣᠭ᠎ᠠ᠂ ᠭᠦᠢ᠍ᠵᠧᠦ ᠵᠢᠨ ᠰᠢᠯᠵᠢᠮᠡᠯ ᠬᠤᠯᠪᠣᠭ᠎ᠠ ᠵᠡᠷᠭᠡ ᠲᠤᠷᠰᠢᠯᠲᠠ ᠵᠢᠨ ᠮᠤᠵᠢ ᠵᠢᠨ ᠲᠡᠰ᠎ᠤᠨ ᠳᠡᠭᠡᠭᠡᠪᠦᠷᠢᠯᠡᠨ ᠡᠵᠡᠩᠨᠡᠬᠦ ᠬᠤᠳᠠᠯᠳᠣᠭᠠ᠂ ᠬᠠᠶ ᠰᠢᠨ᠂ ᠰᠢᠶᠣᠣ ᠮᠢ᠂ TCL᠂ ᠴᠤᠸᠠᠩ ᠸᠧᠢ᠂ ᠺᠠᠩ ᠵᠢᠶᠠ᠂ ᠴᠠᠩ ᠾᠥᠩ᠂ ᠬᠠᠢ ᠡᠯ᠂ ᠬᠤᠸᠠ ᠸᠧᠢ᠂ ᠰᠠᠨ ᠰᠢᠩ᠂ ᠰᠦᠸᠧᠨᠢ᠂ ᠯᠧ ᠱ᠌ᠢ᠂ LG ᠵᠡᠷᠭᠡ ᠲᠧᠯᠸᠢᠰ᠎ᠤᠨ ᠦᠢ᠍ᠯᠡᠳᠪᠦᠷᠢ ᠬᠤᠳᠠᠯᠳᠤᠭ᠋ᠠᠴᠢᠨ ᠵᠢᠴᠢ ᠰᠦᠯᠵᠢᠶᠡᠨ᠎ᠤ ᠪᠣᠭᠤᠮᠲᠠ᠂ ᠴᠠᠬᠢᠮ ᠦᠢ᠍ᠯᠡᠳᠪᠦᠷᠢ ᠬᠤᠳᠠᠯᠳᠤᠭ᠋ᠠᠨ᠎ᠤ ᠲᠥᠯᠥᠭᠡᠯᠡᠭᠴᠢ ᠬᠤᠷᠠᠯ᠎ᠳᠤ ᠣᠷᠣᠯᠴᠠᠪᠠ᠃