2026 ᠣᠨ᠎ᠤ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠴᠠᠭᠠᠨ ᠰᠠᠷ᠎ᠠ᠎ᠶ᠋ᠢᠨ ᠳᠠᠭᠣᠣ ᠬᠦᠭᠵᠢᠮ᠎ᠦᠨ ᠲᠣᠭᠯᠠᠯᠲᠠ᠄ ᠴᠠᠭ ᠦᠶ᠎ᠡ᠎ᠶ᠋ᠢᠨ ᠴᠢᠩᠭ᠎ᠠ ᠳᠠᠭᠤᠨ᠎ᠢ ᠬᠥᠭ᠌ᠵᠢᠮᠳᠡᠵᠦ᠍ ᠴᠠᠭᠠᠨ ᠰᠠᠷ᠎ᠠ᠎ᠶ᠋ᠢᠨ ᠰᠣᠶᠣᠯ᠎ᠤᠨ ᠨᠡᠷ᠎ᠡ ᠲᠡᠮᠲᠡᠭ᠎ᠢ ᠪᠣᠶ ᠪᠣᠯᠭᠠᠨ᠎ᠠ
2026-01-13

2026 ᠣᠨ᠎ᠤ 1 ᠳ᠋ᠦ᠍ᠭᠡᠷ ᠰᠠᠷ᠎ᠠ᠎ᠶ᠋ᠢᠨ 10 ᠎ᠤ ᠣᠷᠣᠶ᠂ ᠤᠯᠤᠰ᠎ᠤᠨ ᠲᠣᠮᠣ ᠵᠦᠴᠦᠭᠡ᠎ᠶ᠋ᠢᠨ ᠬᠦᠷᠢᠶᠡᠯᠡᠩ᠎ᠤᠨ ᠳᠠᠭᠤᠤ ᠬᠥᠭ᠌ᠵᠢᠮ᠎ᠤᠨ ᠲᠢᠩᠬᠢᠮ᠎ᠠᠴᠠ ᠦᠪᠡᠳᠡᠭ᠌ᠰᠢ ᠶᠡᠭᠡ ᠭᠤᠢᠳᠠ ᠰᠠᠢᠬᠠᠨ ᠦᠨᠳᠦᠰᠦᠲᠡᠨ᠎ᠤ ᠳᠠᠭᠤᠤ ᠬᠥᠭ᠌ᠵᠢᠮ᠎ᠤᠨ ᠦᠪᠡᠳᠡᠭ᠌ᠰᠢ ᠨᠠᠢᠷ — ᠳᠤᠮᠳᠠᠳᠤ ᠤᠯᠤᠰ᠎ᠤᠨ ᠷᠠᠳᠢᠣ᠋ ᠤᠷᠠᠯᠢᠭ᠎ᠤᠨ ᠪᠦᠯᠬᠦᠮ᠎ᠤᠨ ᠨᠠᠷᠢᠨ ᠨᠢᠮᠪᠠᠶ ᠪᠠᠢᠭᠤᠯᠤᠭ᠍ᠰᠠᠨ ᠭᠤᠷᠪᠠᠳᠤᠭᠠᠷ ᠬᠤᠭᠤᠴᠠᠭᠠᠨ᠎ᠤ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ᠎ᠶ᠋ᠢ ᠤᠭ᠍ᠲᠤᠨ ᠠᠪᠴᠢᠷᠠᠵᠤ᠂ 《 ᠴᠠᠭᠠᠨ ᠰᠠᠷ᠎ᠠ᠎ᠶ᠋ᠢᠨ ᠪᠠᠶᠠᠷ᠎ᠤᠨ ᠦᠳᠡᠱᠢᠯᠡᠭᠡ 》᠎ᠪᠠᠷ ᠭᠤᠤᠯ ᠰᠡᠳᠦᠪ ᠪᠣᠯᠭᠠᠨ ᠬᠦᠨᠳᠦ ᠲᠣᠮᠣ᠎ ᠪᠠᠷ ᠡᠬᠢᠯᠡᠭᠦᠯᠦᠨ᠎ᠡ᠃ ᠡᠨᠡ ᠬᠦ᠌ ᠭᠤᠷᠪᠠᠨ ᠵᠢᠯ ᠦᠷᠭᠦᠯᠵᠢᠯᠡᠭ᠌ᠰᠡᠨ ᠤᠷᠠᠯᠢᠭ᠎ᠤ᠋ᠨ ᠦᠪᠡᠳᠡᠭ᠌ᠱᠢ ᠴᠤᠭ᠍ᠯᠠᠭᠠᠨ ᠨᠢ ᠨᠢᠭᠡᠨᠲᠡ ᠣᠨ᠎ᠤ᠋ ᠲᠣᠭ᠍ᠯᠠᠯᠲᠠ᠎ᠠ᠋ᠴᠠ ᠰᠣᠶᠣᠯ᠎ᠤ᠋ᠨ ᠢᠲᠡᠭᠡᠯ᠎ᠢ᠋ ᠢᠯᠡᠷᠡᠭᠦᠯᠬᠦ᠌ ᠂ ᠳᠤᠮᠳᠠᠳᠤ ᠤᠯᠤᠰ᠎ᠤ᠋ᠨ ᠳᠠᠭᠤᠨ᠎ᠢ᠋ ᠳᠠᠮᠵᠢᠭᠤᠯᠬᠤ ᠪᠡᠯᠭᠡ ᠲᠡᠮᠳᠡᠭ᠎ᠦ᠋ᠨ ᠴᠢᠨᠠᠷᠲᠠᠢ ᠨᠡᠷ᠎ᠡ ᠲᠡᠮᠳᠡᠭ ᠪᠣᠯᠵᠤ ᠂ 《 ᠠᠷᠪᠠᠨ ᠲᠣᠪᠣᠳᠣᠭ᠋ᠠᠷ ᠲᠠᠪᠤᠨ ᠵᠢᠯ 》᠎ᠦ᠋ᠨ ᠲᠥᠯᠥᠪᠵᠢᠭᠥᠯᠭᠡ᠎ᠶᠢᠨ ᠡᠬᠢᠯᠡᠯᠲᠡ᠎ᠶᠢᠨ ᠵᠢᠯ᠎ᠳ᠋ᠦ᠍ ᠷᠠᠳᠢᠤ᠋ ᠲᠧᠯᠸᠢᠰ᠎ᠦ᠋ᠨ ᠴᠢᠨᠠᠷ ᠰᠠᠢᠲᠠᠢ ᠬᠥᠭ᠌ᠵᠢᠯᠲᠡ᠎ᠶᠢᠨ ᠴᠠᠭᠠᠨ ᠰᠠᠷ᠎ᠠ᠎ᠶᠢᠨ ᠡᠬᠢᠯᠡᠯᠲᠡ᠎ᠶᠢᠨ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃

ᠨᠡᠷ᠎ᠡ ᠲᠡᠮᠲᠡᠭ᠎ᠦᠨ ᠰᠦᠭ ᠰᠦᠨᠡᠰᠦ᠎ᠶᠢ ᠪᠣᠰᠬᠠᠵᠣ᠄ ᠡᠭᠦᠷᠭᠡ ᠬᠠᠷᠢᠭᠤᠴᠠᠯᠭ᠎ᠠ᠎ᠶᠢᠨ ᠰᠣᠶᠣᠯ᠎ᠤᠨ ᠬᠡᠪ ᠳᠠᠭᠤᠷᠢᠶᠠᠯ᠎ᠤᠨ ᠤᠳᠬ᠎ᠠ ᠠᠭᠣᠯᠭ᠎ᠠ᠎ᠶᠢ ᠲᠣᠭᠲᠠᠭ᠋ᠠᠨ᠎ᠠ

ᠭᠤᠷᠪᠠᠳᠤᠭᠠᠷ ᠬᠤᠭᠤᠴᠠᠭᠠᠨ᠎ᠤ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ ᠪᠣᠯ ᠳᠤᠮᠳᠠᠳᠤ ᠤᠯᠤᠰ᠎ᠤᠨ ᠷᠠᠳᠢᠣ᠋ ᠤᠷᠠᠯᠢᠭ᠎ᠤᠨ ᠪᠦᠯᠬᠦᠮ᠎ᠤᠨ ᠭᠦᠨ ᠬᠠᠭᠠᠯᠪᠤᠷᠢᠯᠠᠬᠤ ᠠᠵᠢᠯ ᠲᠦᠷᠦᠯ᠎ᠤᠨ ᠡᠭᠦᠷᠭᠡ ᠬᠠᠷᠢᠭᠤᠴᠠᠯᠭ᠎ᠠ᠎ᠶ᠋ᠢᠨ ᠠᠮᠢᠳᠤᠯᠢᠭ ᠲᠠᠢᠯᠪᠤᠷᠢᠯᠠᠯᠲᠠ ᠪᠣᠯᠤᠨ᠎ᠠ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《ᠠᠭᠤᠯᠭ᠎ᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠴᠢᠩᠭ᠋ᠠᠷᠠᠭᠣᠯᠵᠣ᠂ ᠠᠭᠤᠰᠤᠯᠴᠠᠨ ᠳᠠᠮᠵᠢᠭᠣᠯᠬᠣ᠎ᠶᠢ ᠠᠬᠢᠭᠤᠯᠬᠤ》 ᠠᠵᠢᠯ᠎ᠤᠨ ᠪᠠᠢᠷᠢᠯᠠᠭᠤᠯᠤᠯᠲᠠ᠎ᠶ᠋ᠢᠨ ᠵᠢᠯᠣᠭᠤᠳᠣᠯᠭ᠎ᠠ ᠳᠣᠤᠷ᠎ᠠ᠂ ᠳᠠᠭᠤᠤ ᠬᠥᠭ᠌ᠵᠢᠮ᠎ᠤᠨ ᠲᠣᠭᠯᠠᠯᠲᠠ᠎ᠨᠢ ᠭᠤᠷᠪᠠᠨ ᠤᠳᠠᠭ᠎ᠠ ᠲᠤᠩᠭᠠᠭᠠᠵᠤ᠂ ᠨᠢᠭᠡᠨᠲᠡ 《 ᠲᠥᠷᠥ᠎ᠶ᠋ᠢᠨ ᠪᠣᠳᠣᠯᠭ᠎ᠠ᠎ᠪᠠᠷ ᠬᠥᠲᠥᠯᠦᠨ ᠳᠠᠭᠠᠭᠤᠯᠬᠤ᠂ ᠤᠷᠠᠯᠢᠭ᠎ᠤᠨ ᠬᠦᠴᠦᠨ ᠨᠡᠮᠡᠷᠢᠯᠡᠬᠦ᠂ ᠣᠯᠠᠨ ᠲᠦᠮᠡᠨ ᠬᠠᠮᠲᠤ᠎ᠪᠠᠷ ᠡᠳ᠋ᠯᠡᠬᠦ᠌ 》 ᠢᠯᠡ ᠲᠣᠳᠣ ᠨᠡᠷ᠎ᠡ ᠲᠡᠮᠲᠡᠭ᠎ᠦᠨ ᠣᠨᠴᠠᠯᠢᠭ᠎ᠢ ᠪᠣᠶ ᠪᠣᠯᠭᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠤᠭ᠍ᠰᠠᠨ ᠪᠠᠢᠨ᠎ᠠ᠃ ᠲᠡᠭᠦᠨ᠎ᠤ ᠨᠡᠷ᠎ᠡ ᠲᠡᠮᠲᠡᠭ᠎ᠦᠨ ᠥᠷᠲᠡᠭ᠎ᠤᠨ ᠭᠤᠣᠯᠳᠠᠯᠭ᠎ᠠ᠎ᠨᠢ 《 ᠲᠤᠰᠭᠠᠶ ᠮᠡᠷᠭᠡᠵᠢᠯ᠎ᠤᠨ ᠤᠷᠠᠯᠢᠭ ᠪᠠ ᠣᠯᠠᠨ ᠲᠦᠮᠡᠨ᠎ᠤ ᠭᠤᠸ᠎ᠠ ᠰᠠᠢᠬᠠᠨ᠎ᠦ ᠳᠠᠭ᠋ᠠᠰᠢᠶᠠᠯ 》᠂ 《 ᠤᠯᠠᠮᠵᠢᠯᠠᠯᠲᠤ ᠰᠣᠶᠣᠯ᠎ᠤᠨ ᠰᠤᠳᠠᠰᠤ ᠪᠠ ᠴᠠᠭ ᠦᠶ᠎ᠡ᠎ᠶ᠋ᠢᠨ ᠵᠣᠷᠢᠭ ᠰᠠᠨᠠᠭ᠎ᠠ 》 ᠶ᠋ᠢᠨ ᠨᠡᠪᠲᠡᠷᠡᠯᠴᠡᠬᠦ᠌ ᠬᠥᠭᠦᠷᠭᠡ᠎ᠶ᠋ᠢ ᠪᠠᠢᠭᠤᠯᠬᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠵᠢᠯ ᠲᠥᠷᠥᠯ᠎ᠤᠨ᠎ᠬᠢᠨ 《 ᠨᠠᠩ ᠣᠯᠠᠨ ᠦᠵᠡᠯ ᠰᠠᠨᠠᠭ᠎ᠠ ᠭᠦᠨ ᠭᠦᠨᠵᠡᠭᠡᠶ᠂ ᠤᠷᠠᠯᠢᠭ ᠨᠠᠷᠢᠨ ᠨᠢᠭ᠍ᠲᠠ᠂ ᠨᠠᠷᠢᠯᠢᠭ ᠰᠠᠢᠬᠠᠨ ᠰᠣᠳᠣᠨ ᠪᠦᠲᠦᠭᠡᠯ ᠭᠠᠷᠭᠠᠬᠤ 》 ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠳᠠᠭᠠᠵᠤ᠂ ᠨᠠᠩ ᠴᠤ᠌ ᠪᠠᠢᠩᠭᠤᠵᠢᠭᠤᠯᠤᠭ᠍ᠰᠠᠨ ᠨᠡᠷ᠎ᠡ ᠲᠡᠮᠲᠡᠭ᠎ᠦᠨ ᠪᠠᠢᠭᠤᠯᠤᠯᠲᠠ᠎ᠪᠠᠷ ᠦᠨᠳᠦᠰᠦᠲᠡᠨ᠎ᠤ ᠳᠠᠭᠤᠤ ᠬᠥᠭ᠌ᠵᠢᠮ᠎ᠢ ᠤᠯᠠᠮᠵᠢᠯᠠᠨ ᠵᠠᠯᠭᠠᠮᠵᠢᠯᠠᠬᠤ᠎ᠶ᠋ᠢ ᠠᠬᠢᠭᠤᠯᠵᠤ᠂ ᠰᠣᠶᠣᠯ᠎ᠤᠨ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠠᠮᠢᠳᠤᠯᠢᠭ ᠦᠢᠯᠡᠳᠦᠯᠭᠡ᠎ᠶ᠋ᠢ ᠬᠥᠮᠦᠰ᠎ᠤᠨ ᠰᠡᠳᠭᠢᠯ᠎ᠳᠤ ᠬᠠᠳᠠᠩᠰᠢᠭᠤᠯᠤᠨ᠎ᠠ᠃ ᠬᠤᠶᠠᠷ ᠵᠢᠯ᠎ᠤᠨ ᠲᠤᠷᠰᠢ᠂ ᠳᠠᠭᠤᠤ ᠬᠥᠭ᠌ᠵᠢᠮ᠎ᠤᠨ ᠲᠣᠭᠯᠠᠯᠲᠠ᠎ᠨᠢ ᠳᠠᠩ ᠭᠠᠭ᠍ᠴᠠ ᠲᠣᠭ᠍ᠯᠠᠯᠲᠠ᠎ᠠᠴᠠ ᠰᠣᠶᠣᠯ᠎ᠤᠨ IP ᠪᠣᠯᠭᠠᠨ ᠳᠡᠰ ᠳᠡᠪᠱᠢᠭᠦᠯᠵᠦ᠍᠂ ᠤᠯᠤᠰ᠎ᠤᠨ ᠲᠣᠮᠣ ᠵᠦᠴᠦᠭᠡ᠎ᠶ᠋ᠢᠨ ᠬᠦᠷᠢᠶᠡᠯᠡᠩ᠎ᠤᠨ ᠰᠦᠯᠵᠢᠶᠡᠨ ᠭᠠᠳᠠᠨᠠᠬᠢ ᠦᠪᠡᠳᠡᠭ᠌ᠰᠢ ᠨᠠᠢᠷ᠎ᠠᠴᠠ ᠲᠧᠯᠸᠢᠰ ᠦᠵᠦᠭᠦᠷᠯᠢᠭ ᠬᠦᠷᠲᠡᠯ᠎ᠡ ᠦᠷᠭᠦᠯᠵᠢᠯᠡᠵᠦ᠍᠂ ᠷᠠᠳᠢᠣ᠋ ᠲᠧᠯᠸᠢᠰ᠎ᠤᠨ ᠠᠵᠢᠯ ᠲᠥᠷᠥᠯ᠎ᠤᠨ 《 ᠠᠭᠤᠯᠭ᠎ᠠ᠎ᠪᠠᠷ ᠸᠠᠩ ᠨᠡᠷ᠎ᠡ ᠲᠡᠮᠲᠡᠭ᠎ᠢᠶᠠᠷ ᠴᠥᠮ᠎ᠡ ᠪᠣᠯᠭᠠᠬᠤ 》 ᠬᠥᠭ᠌ᠵᠢᠯᠲᠡ᠎ᠶ᠋ᠢᠨ ᠯᠣᠭᠢᠭ᠎ᠢ ᠭᠡᠷᠡᠴᠢᠯᠡᠵᠦ᠍᠂ ᠠᠵᠢᠯ ᠲᠥᠷᠥᠯ᠎ᠤᠨ ᠭᠤᠤᠯ ᠰᠡᠳᠦᠪᠲᠦ ᠤᠳᠭ᠎ᠠ ᠤᠷᠠᠯᠢᠭ᠎ᠤᠨ ᠠᠵᠢᠯᠯᠠᠭ᠎ᠠ᠎ᠶ᠋ᠢᠨ ᠨᠡᠷ᠎ᠡ ᠲᠡᠮᠳᠡᠭ᠌ᠵᠢᠯᠲᠡ᠎ᠶ᠋ᠢᠨ ᠪᠠᠢᠭᠤᠯᠤᠯᠲᠠ᠎ᠳᠤ ᠬᠠᠭᠤᠯᠪᠤᠷᠢᠯᠠᠵᠤ ᠪᠣᠯᠬᠤ ᠦᠢᠯᠡᠳᠦᠯᠭᠡ᠎ᠶ᠋ᠢᠨ ᠵᠠᠭ᠍ᠪᠤᠷ᠎ᠢ ᠬᠠᠩᠭᠠᠵᠠᠶ᠃

ᠭᠤᠣᠯ ᠰᠡᠳᠦᠪ᠎ᠨᠢ ᠰᠦᠭ ᠰᠦᠨᠡᠰᠦ᠎ᠶ᠋ᠢ ᠱᠤᠭᠤᠬᠤ᠄ ᠡᠷᠲᠡᠨ ᠡᠳᠦᠭᠡ᠎ᠳᠤ ᠠᠭᠤᠰᠭᠠᠨ ᠨᠡᠢᠯᠡᠬᠦ᠌ ᠤᠶᠤᠨ ᠰᠠᠨᠠᠭᠠᠨ᠎ᠤ ᠳᠣᠲᠣᠭᠠᠳᠤ ᠴᠥᠮ᠎ᠡ᠎ᠶ᠋ᠢᠨ ᠢᠯᠡᠳᠭᠡᠯ᠎ᠢ ᠢᠯᠡᠳᠭᠡᠨ᠎ᠡ

2026 ᠣᠨ᠎ᠤ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ ᠨᠢ 《 ᠴᠠᠭᠠᠨ ᠰᠠᠷ᠎ᠠ᠎ᠶ᠋ᠢᠨ ᠪᠠᠶᠠᠷ᠎ᠤᠨ ᠥᠳᠡᠰᠢᠯᠡᠭᠡ 》 ᠪᠡᠷ ᠭᠤᠤᠯ ᠰᠡᠳᠦᠪ ᠪᠣᠯᠭᠠᠵᠤ᠂ 《ᠰᠣᠩᠭᠤᠳᠠᠭ ᠪᠦᠲᠦᠭᠡᠯ᠎ᠳᠤ ᠬᠦᠨᠳᠦᠳᠭᠡᠯ ᠳᠡᠪᠱᠢᠭᠦᠯᠵᠦ᠍᠂ ᠴᠠᠭ ᠦᠶ᠎ᠡ᠎ᠶ᠋ᠢ ᠮᠠᠭ᠍ᠲᠠᠨ ᠳᠠᠭᠤᠯᠠᠬᠤ 》 ᠭᠤᠤᠯ ᠠᠭᠤᠯᠤᠭ᠍ᠳᠠᠬᠤᠨ᠎ᠢ ᠦᠷᠭᠦᠯᠵᠢᠯᠡᠨ ᠬᠦᠨᠵᠡᠭᠡᠢ᠌ᠷᠡᠭᠦᠯᠦᠨ᠎ᠡ᠃ ᠳᠠᠭᠤᠤ ᠬᠥᠭ᠌ᠵᠢᠮ᠎ᠨᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠡᠬᠢᠯᠡᠯᠲᠡ᠎ᠶ᠋ᠢᠨ ᠴᠠᠭ ᠦᠶ᠎ᠡ᠎ᠶ᠋ᠢᠨ ᠠᠬᠤᠶ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ 《ᠴᠠᠭᠠᠨ ᠰᠠᠷ᠎ᠠ᠎ᠶ᠋ᠢᠨ ᠣᠷᠣᠱᠢᠯ ᠳᠠᠭᠤᠤ 》᠂ 《 ᠶᠣᠣ ᠦᠨᠳᠦᠰᠦᠲᠡᠨ᠎ᠤ ᠪᠥᠵᠢᠭ᠎ᠤᠨ ᠠᠶ᠎ᠠ 》 ᠵᠡᠷᠭᠡ ᠬᠥᠮᠦᠨ ᠪᠣᠯᠭᠠᠨ᠎ᠤ ᠮᠡᠳᠡᠳᠡᠭ ᠰᠣᠩᠭᠤᠳᠠᠭ ᠠᠷᠠᠳ᠎ᠤᠨ ᠬᠦᠭᠵᠢᠮ᠎ᠢ ᠨᠠᠷᠢᠨ ᠰᠣᠩᠭᠤᠵᠤ᠂ ᠫᠧᠩ ᠱᠢᠤ ᠸᠧᠨ ᠵᠡᠷᠭᠡ ᠤᠷᠠᠯᠢᠭ᠎ᠤᠨ ᠶᠡᠭᠡ ᠪᠠᠭ᠍ᠰᠢ᠎ᠶ᠋ᠢᠨ ᠵᠣᠬᠢᠶᠠᠨ ᠪᠦᠲᠦᠭᠡᠯᠭᠡ᠎ᠶ᠋ᠢᠨ ᠤᠬᠢ ᠰᠣᠳᠣ᠎ᠶ᠋ᠢ ᠤᠯᠠᠮᠵᠢᠯᠠᠨ ᠵᠠᠯᠭᠠᠮᠵᠢᠯᠠᠵᠤ᠂ ᠤᠯᠤᠰ ᠠᠷᠠᠳ᠎ᠤᠨ ᠰᠣᠶᠣᠯ᠎ᠤᠨ ᠳᠤᠷᠠᠰᠤᠮᠵᠢ᠎ᠶ᠋ᠢ ᠰᠡᠷᠭᠦᠭᠡᠨ᠎ᠡ; ᠪᠠᠰᠠ 《 ᠲᠣᠷᠭᠠᠨ ᠵᠠᠮ 》᠂ 《 ᠤᠯᠤᠰ᠎ᠤᠨ ᠬᠡᠪ ᠰᠤᠷᠲᠠᠯ 》 ᠵᠡᠷᠭᠡ ᠣᠲᠣ ᠦᠶ᠎ᠡ᠎ᠶ᠋ᠢᠨ ᠲᠣᠷᠪᠢᠯᠢᠭ ᠵᠣᠬᠢᠶᠠᠯ᠎ᠳᠤ ᠣᠷᠣᠭᠤᠯᠵᠤ᠂ ᠥᠷᠭᠡᠨ ᠬᠠᠷᠠᠭᠠᠰᠤ᠎ᠪᠠᠷ ᠳᠤᠮᠳᠠᠳᠤ᠎ᠶ᠋ᠢᠨ ᠰᠣᠶᠣᠯ᠎ᠤᠨ ᠣᠯᠠᠨ ᠡᠱᠢᠲᠦ ᠨᠢᠭᠡ ᠴᠣᠭ᠍ᠴᠠ ᠬᠢᠭᠡᠳ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠦᠨ᠎ᠡ᠃ ᠦᠨᠳᠦᠰᠦᠲᠡᠨ᠎ᠦ᠌ ᠨᠠᠢᠷᠠᠯ ᠬᠥᠭ᠌ᠵᠢᠮ 《 ᠮᠣᠷᠢ ᠣᠷᠣᠯᠳᠣᠬᠤ 》 ᠨᠢ ᠲᠠᠯ᠎ᠠ ᠨᠤᠲᠤᠭ᠎ᠤ᠋ᠨ ᠥᠷᠭᠡᠨ ᠠᠭᠤᠳᠠᠮ ᠰᠦᠷᠯᠢᠭ ᠰᠠᠢᠬᠠᠨ ᠪᠠ ᠪᠠᠶᠠᠷ᠎ᠤ᠋ᠨ ᠡᠳᠦᠷ᠎ᠦ᠋ᠨ ᠮᠣᠷᠢ ᠣᠷᠣᠯᠳᠣᠬᠣ ᠬᠥᠷ ᠨᠠᠷᠭᠢᠶᠠᠨ᠎ᠲᠠᠢ ᠪᠠᠢᠳᠠᠯ᠎ᠢ᠋ ᠭᠦᠢᠴᠡᠳ ᠬᠠᠷᠠᠭᠣᠯᠣᠨ᠎ᠠ᠃ ᠠᠷᠠᠳ᠎ᠤᠨ ᠵᠠᠩ ᠳᠠᠳᠭᠠᠯ᠎ᠢ ᠨᠢᠭᠲᠠ ᠳᠦᠷᠰᠦᠯᠡᠨ ᠵᠢᠷᠤᠭ᠍ᠯᠠᠬᠤ᠎ᠠᠴᠠ ᠦᠨᠳᠦᠰᠦᠲᠡᠨ᠎ᠤ ᠵᠣᠷᠢᠭ ᠰᠠᠨᠠᠭᠠᠨ᠎ᠤ ᠠᠤᠭ᠎ᠠ ᠶᠡᠭᠡ ᠤᠶᠠᠩᠭᠠᠯᠠᠯ ᠬᠦᠷᠲᠡᠯ᠎ᠡ᠂ ᠴᠠᠭᠠᠨ ᠰᠠᠷ᠎ᠠ᠎ᠶ᠋ᠢᠨ ᠢᠷᠥᠭᠡᠯ ᠵᠥᠩᠨᠡᠯ᠎ᠤᠨ ᠡᠶᠡᠯᠳᠡᠭ ᠳᠣᠲᠣᠨᠣ ᠳᠠᠮᠵᠢᠭᠤᠯᠭ᠎ᠠ᠎ᠠᠴᠠ ᠰᠣᠶᠣᠯ᠎ᠤᠨ ᠢᠲᠡᠭᠡᠯ ᠳᠦᠭᠦᠷᠡᠩ ᠢᠯᠡᠷᠡᠭᠦᠯᠦᠯ ᠬᠦᠷᠲᠡᠯ᠎ᠡ ᠳᠠᠭᠤᠤ ᠬᠥᠭ᠌ᠵᠢᠮ᠎ᠤᠨ ᠲᠣᠭᠯᠠᠯᠲᠠ᠎ᠨᠢ ᠤᠯᠤᠰ᠎ᠤᠨ ᠬᠥᠭ᠌ᠵᠢᠮ᠎ᠢᠶᠠᠷ ᠵᠠᠭᠤᠴᠢ ᠪᠣᠯᠭᠠᠵᠤ᠂ ᠲᠡᠦᠬᠡ᠎ᠶ᠋ᠢᠨ ᠵᠤᠵᠠᠭᠠᠨ᠎ᠤ ᠬᠡᠮᠵᠢᠶ᠎ᠡ᠂ ᠴᠠᠭ ᠦᠶ᠎ᠡ᠎ᠶ᠋ᠢᠨ ᠬᠠᠯᠠᠭᠤᠨ ᠳᠤᠯᠠᠭᠠᠨ ᠪᠠ ᠬᠠᠢᠷ᠎ᠠ ᠰᠡᠳᠭᠢᠯᠭᠡ᠎ᠶ᠋ᠢᠨ ᠥᠳᠭᠡᠨ ᠵᠤᠵᠠᠭᠠᠨ ᠭᠤᠣᠯ ᠰᠡᠳᠦᠪᠲᠦ ᠢᠯᠡᠳᠭᠡᠬᠦ᠌ ᠲᠣᠭᠲᠠᠯᠴᠠᠭ᠎ᠠ᠎ᠶᠢ ᠪᠠᠢ᠌ᠭᠣᠯᠣᠨ᠎ᠠ᠃

ᠤᠷᠠᠯᠢᠭ᠎ᠤᠨ ᠱᠢᠨᠡᠴᠢᠯᠡᠯᠲᠡ᠄ ᠲᠥᠪ ᠭᠣᠣᠯᠴᠢ᠎ᠶ᠋ᠢ ᠪᠠᠷᠢᠮᠲᠠᠯᠠᠭᠰᠠᠨ ᠭᠤᠸ᠎ᠠ ᠲᠠᠭᠠᠱᠢᠶᠠᠯ ᠨᠢ ᠱᠢᠨ᠎ᠡ ᠰᠢᠪᠲᠤᠯᠤᠯᠲᠠ᠎ᠶᠢ ᠤᠯᠤᠨ᠎ᠠ

ᠤᠷᠠᠯᠢᠭ᠎ᠤᠨ ᠢᠯᠡᠳᠭᠡᠬᠦ᠌ ᠲᠠᠯ᠎ᠠ᠎ᠪᠠᠷ᠂ ᠭᠤᠷᠪᠠᠳᠤᠭᠠᠷ ᠬᠤᠭᠤᠴᠠᠭᠠᠨ᠎ᠤ ᠳᠠᠭᠤᠤ ᠬᠥᠭ᠌ᠵᠢᠮ᠎ᠤᠨ ᠲᠣᠭᠯᠠᠯᠲᠠ ᠨᠢ ᠰᠢᠨ᠎ᠡ᠎ᠶ᠋ᠢ ᠡᠭᠦᠳᠬᠦ᠌ ᠦᠢᠯᠡᠳᠦᠯᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨ᠎ᠤ ᠳᠠᠭᠤᠤ ᠬᠥᠭ᠌ᠵᠢᠮ᠎ᠤᠨ ᠤᠳᠤ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠢᠯᠡᠷᠡᠭᠦᠯᠦᠨ᠎ᠡ᠃ ᠲᠣᠭ᠍ᠯᠠᠯᠲᠠ᠎ᠨᠢ ᠭᠤᠷᠪᠠᠨ ᠦᠶ᠎ᠡ᠎ᠶ᠋ᠢᠨ ᠤᠷᠠᠯᠢᠭ᠍ᠴᠢᠨ᠎ᠤ ᠣᠶᠤᠨ ᠤᠬᠠᠭᠠᠨ᠎ᠢ ᠲᠥᠪᠯᠡᠷᠡᠭᠦᠯᠵᠦ᠍᠂ ᠠᠯᠳᠠᠷᠲᠤ ᠵᠢᠯᠣᠭᠤᠳᠣᠭ᠍ᠴᠢ ᠵᠠᠩ ᠯᠢᠶᠧ ᠱᠢᠳᠠᠮ ᠵᠢᠯᠤᠭᠤᠳᠴᠦ᠂ ᠼᠦᠢ ᠵᠢᠶᠦ᠋ᠨ ᠮᠢᠶᠤᠤ᠂ ᠵᠢᠶᠠᠩ ᠺᠧ ᠮᠧᠶ ᠵᠡᠷᠭᠡ ᠨᠠᠷᠠᠲᠤ ᠬᠥᠮᠦᠰ᠎ᠢ ᠴᠤᠭ᠍ᠯᠠᠷᠠᠭᠤᠯᠵᠤ᠂ 《 ᠦᠯᠢᠶᠡᠪᠤᠷᠢ ᠴᠢᠪᠬᠠᠳᠠᠰᠣ ᠬᠥᠭ᠌ᠵᠢᠮ᠎ᠤᠨ ᠰᠦᠷ ᠳᠠᠯᠠᠢᠴᠠᠲᠠᠶ ᠨᠠᠢᠷᠠᠯ + ᠬᠦᠭᠵᠢᠮᠳᠡᠭᠦᠷ᠎ᠦᠨ ᠭᠣᠴᠣᠯᠠᠨ ᠬᠦᠭᠵᠢᠮᠳᠡᠬᠦ ᠠᠮᠢᠳᠣ ᠳᠦᠷᠰᠦᠯᠢᠭ ᠳᠡᠯᠭᠡᠷᠡᠭᠦᠯᠦᠯ 》᠎ᠦᠨ ᠣᠯᠠᠨ ᠡᠱᠢᠲᠦ ᠪᠠᠢᠳᠠᠯ᠎ᠢ ᠪᠦᠷᠢᠯᠳᠦᠭᠦᠯᠦᠨ᠎ᠡ᠃ ᠤᠷᠠᠯᠢᠭ᠎ᠤᠨ ᠱᠢᠨ᠎ᠡ ᠡᠭᠦᠳᠦᠯᠲᠡ᠎ᠨᠢ ᠭᠤᠷᠪᠠᠨ ᠳᠠᠪᠬᠤᠷ ᠬᠡᠮᠵᠢᠴᠡ᠎ᠪᠠᠷ ᠢᠯᠡᠷᠡᠨ᠎ᠡ᠄ ᠨᠢᠭᠡ᠎ᠳᠤ᠂ ᠬᠦᠭᠵᠢᠮ᠎ᠦᠨ ᠭᠠᠷᠴᠠᠭ᠎ᠢ ᠠᠭᠣᠰᠣᠯᠴᠠᠭᠣᠯᠣᠨ ᠰᠢᠨ᠎ᠡ᠎ᠶᠢ ᠡᠭᠦᠳᠬᠦ 《 ᠠᠷᠠᠳ᠎ᠤᠨ ᠰᠤᠷᠲᠠᠯ᠎ᠤᠨ ᠳᠤᠭᠤᠢᠯᠠᠩ᠎ᠤᠨ ᠠᠶᠠᠯᠭᠤ 》 ᠨᠢ ᠵᠡᠭᠦᠨ ᠬᠤᠢᠲᠤ᠎ᠶ᠋ᠢᠨ ᠵᠢᠭᠠᠰᠤᠨ ᠳᠠᠭᠤᠤ᠂ ᠪᠠᠷᠠᠭᠤᠨ ᠬᠤᠢᠲᠤ᠎ᠶ᠋ᠢᠨ ᠬᠠᠷ᠎ᠠ ᠵᠢᠷᠤᠭ᠎ᠠ ᠮᠣᠷᠢ ᠵᠡᠷᠭᠡ ᠣᠷᠣᠨ ᠪᠦᠰᠡ᠎ᠶ᠋ᠢᠨ ᠡᠯᠧᠮᠧᠨ᠋ᠲ᠎ᠢ ᠡᠮᠬᠢᠯᠡᠨ ᠨᠡᠢᠯᠡᠭᠦᠯᠵᠦ᠍᠂ 《 ᠤᠯᠤᠰ᠎ᠤᠨ ᠰᠤᠷᠲᠠᠯ 》 ᠨᠢ ᠡᠷᠲᠡᠨ᠎ᠤ ᠬᠤᠭᠤᠷ᠎ᠤᠨ ᠬᠥᠭ᠌ᠵᠢᠮ 《 ᠲᠡᠷᠢᠭᠦᠯᠡᠭᠴᠢ ᠴᠡᠴᠡᠭ᠎ᠦᠨ ᠰᠠᠨ ᠨᠣᠩ 》᠎ᠢᠶᠠᠷ ᠤᠭ ᠰᠠᠨᠠᠭ᠎ᠠ᠎ᠪᠠᠨ ᠣᠷᠴᠢᠨ ᠦᠶ᠎ᠡ ᠪᠣᠯᠭᠠᠨ ᠬᠤᠪᠢᠷᠠᠭᠤᠯᠵᠤ᠂ ᠤᠯᠠᠮᠵᠢᠯᠠᠯᠲᠤ ᠰᠡᠳᠦᠪ᠎ᠤᠨ ᠪᠦᠲᠦᠭᠡᠯᠴᠢ ᠴᠢᠨᠠᠷᠲᠠᠶ ᠬᠤᠪᠢᠷᠠᠭᠤᠯᠤᠯᠲᠠ᠎ᠶ᠋ᠢ ᠪᠡᠶᠡᠯᠡᠭᠦᠯᠦᠨ᠎ᠡ; ᠬᠤᠶᠠᠷ᠎ᠲᠤ᠌᠂ ᠲᠣᠭ᠍ᠯᠠᠯᠲᠠ᠎ᠶ᠋ᠢᠨ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠯᠢᠦᠴᠢᠨ ᠬᠦᠭᠵᠢᠮ ᠪᠣᠯᠤᠨ ᠬᠥᠭ᠌ᠵᠢᠮ᠎ᠤᠨ ᠠᠩᠭᠢ᠎ᠶ᠋ᠢᠨ《ᠪᠣᠷᠣᠭᠠᠨ᠎ᠤ ᠳᠠᠷᠠᠭᠠᠬᠢ ᠬᠦᠷᠢᠶ᠎ᠡ ᠬᠠᠱᠢᠶ᠎ᠠ 》᠎ᠶ᠋ᠢᠨ ᠱᠢᠨ᠎ᠡ ᠢᠷᠠᠭᠤ ᠨᠠᠢᠷᠠᠭ᠂ ᠬᠠᠪᠳᠠᠰᠣᠨ ᠬᠤᠭᠤᠷ ᠪᠠ ᠬᠥᠭ᠌ᠵᠢᠮ᠎ᠤᠨ ᠠᠩᠭᠢ᠎ᠶ᠋ᠢᠨ《ᠬᠤᠪᠢᠰᠭᠠᠯᠲᠤ ᠣᠷᠠᠯᠠᠨ ᠰᠡᠳᠭᠢᠬᠦ》᠎ᠶ᠋ᠢᠨ ᠰᠦᠷ ᠵᠢᠪᠬᠤᠭ᠎ᠠ ᠵᠢᠴᠢ ᠤᠯᠠᠨ ᠵᠦᠢᠯ᠎ᠤᠨ ᠦᠨᠳᠦᠰᠦᠲᠡᠨ᠎ᠤ ᠬᠥᠭ᠌ᠵᠢᠮ᠎ᠤᠨ ᠪᠠᠭᠠᠵᠢ ᠪᠣᠯᠤᠨ ᠦᠯᠢᠶᠡᠪᠦᠷᠢ ᠴᠢᠪᠬᠠᠳᠠᠰᠤ ᠬᠥᠭ᠌ᠵᠢᠮ᠎ᠤᠨ ᠮᠥᠷᠭᠦᠯᠳᠦᠯ ᠎ᠨᠢ ᠦᠨᠳᠦᠰᠦᠲᠡᠨ᠎ᠤ ᠬᠥᠭ᠌ᠵᠢᠮ᠎ᠤᠨ ᠥᠪᠡᠷᠮᠢᠴᠡ ᠴᠤᠭ ᠵᠢᠪᠬᠤᠭ᠎ᠠ᠎ᠶ᠋ᠢ ᠬᠠᠷᠢᠯᠴᠠᠨ ᠢᠯᠡᠷᠡᠭᠦᠯᠦᠨ᠎ᠡ; ᠭᠤᠷᠪᠠ᠎ᠳᠤ᠂ ᠤᠯᠠᠮᠵᠢᠯᠠᠨ ᠲᠠᠷᠬᠠᠭᠠᠬᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠂ 《ᠰᠦᠯᠵᠢᠶᠡᠨ ᠭᠠᠳᠠᠨᠠᠬᠢ ᠳᠡᠯᠭᠡᠨ ᠦᠵᠡᠭᠦᠯᠬᠦ᠌ + ᠲᠧᠯᠸᠢᠰ ᠨᠡᠪᠲᠡᠷᠡᠭᠦᠯᠬᠦ᠌ 》᠎ᠶᠢ ᠠᠭᠤᠰᠤᠯᠴᠠᠨ ᠳᠠᠮᠵᠢᠭᠤᠯᠬᠤ ᠵᠠᠭ᠍ᠪᠤᠷ᠎ᠢ ᠪᠠᠷᠢᠮᠲᠠᠯᠠᠬᠤ᠎ᠶ᠋ᠢᠨ ᠬᠠᠮᠲᠤ ᠱᠢᠨ᠎ᠡ ᠵᠠᠭᠤᠴᠢᠯᠠᠭᠤᠷ᠎ᠢ ᠢᠳᠡᠪᠬᠢᠲᠡᠶ ᠬᠦᠷᠢᠶᠡᠯᠡᠵᠦ᠍᠂ ᠶᠡᠭᠡ ᠳᠡᠯᠭᠡᠴᠡ ᠪᠠᠭ᠎ᠠ ᠳᠡᠯᠭᠡᠴᠡ᠎ᠪᠠᠷ ᠬᠠᠷᠢᠯᠴᠠᠨ ᠬᠦᠴᠦᠨ ᠨᠡᠮᠡᠷᠢᠯᠡᠬᠦ᠎ᠶ᠋ᠢ ᠠᠬᠢᠭᠤᠯᠵᠤ᠂ ᠥᠨᠳᠥᠷ ᠰᠦᠷᠯᠢᠭ ᠤᠷᠠᠯᠢᠭ᠎ᠢ ᠴᠠᠭ ᠬᠤᠭᠤᠴᠠᠭ᠎ᠠ ᠪᠠ ᠣᠷᠣᠨ ᠵᠠᠢ᠎ᠶ᠋ᠢᠨ ᠬᠢᠵᠠᠭᠠᠷᠯᠠᠯ᠎ᠢ ᠡᠪᠳᠡᠵᠦ᠍᠂ ᠨᠡᠩ ᠥᠷᠭᠡᠨ᠎ᠢᠶᠠᠷ ᠪᠦᠷᠬᠦᠨ᠎ᠡ᠃ ᠬᠤᠶᠠᠷ ᠵᠢᠯ᠎ᠤᠨ ᠲᠤᠷᠰᠢ᠂ ᠳᠠᠭᠤᠤ ᠬᠥᠭ᠌ᠵᠢᠮ᠎ᠤᠨ ᠲᠣᠭᠯᠠᠯᠲᠠ᠎ᠶᠢᠨ᠎ᠤᠷᠠᠯᠢᠭ᠎ᠤᠨ ᠱᠢᠨ᠎ᠡ ᠡᠭᠦᠳᠦᠯᠲᠡ ᠲᠠᠰᠤᠷᠠᠯᠲᠠ ᠦᠭᠡᠢ ᠦᠶ᠎ᠡ ᠬᠣᠪᠢᠷᠠᠵᠣ᠂ ᠰᠣᠩᠭᠤᠳᠠᠭ ᠳᠠᠭᠤᠤ ᠬᠥᠭ᠌ᠵᠢᠮ᠎ᠤᠨ ᠭᠠᠷᠴᠠᠭ᠎ᠢ ᠨᠠᠷᠢᠯᠢᠭ ᠣᠨᠣᠴᠠᠲᠠᠢ᠎ᠪᠠᠷ ᠵᠣᠬᠢᠶᠠᠨ ᠪᠦᠲᠦᠭᠡᠭ᠌ᠰᠡᠨ ᠤᠷᠠᠨ ᠳᠠᠷᠬᠠᠨ᠎ᠤ ᠰᠡᠳᠭᠢᠯ᠎ᠠᠴᠠ ᠨᠡᠪᠴᠢᠭᠦᠯᠵᠦ᠍᠂ ᠳᠠᠩ ᠴᠤᠯᠭᠤᠶ ᠦᠨᠳᠦᠰᠦᠲᠡᠨ᠎ᠤ ᠦᠯᠢᠶᠡᠪᠦᠷᠢ ᠴᠢᠪᠬᠠᠳᠠᠰᠣ ᠬᠥᠭ᠌ᠵᠢᠮ᠎ᠤᠨ ᠬᠡᠯᠪᠡᠷᠢ᠎ᠠᠴᠠ 《 ᠬᠥᠭ᠌ᠵᠢᠮ + ᠳᠠᠭᠣᠯᠬᠣᠢ 》᠎ᠶᠢᠨ ᠣᠯᠠᠨ ᠡᠱᠢᠲᠦ ᠨᠡᠢᠯᠡᠯ ᠬᠦᠷᠲᠡᠯ᠎ᠡ᠂ ᠢᠮᠠᠭ᠍ᠲᠠ ᠱᠢᠨ᠎ᠡ᠎ᠶ᠋ᠢ ᠡᠭᠦᠳᠬᠦ᠌ ᠰᠡᠳᠭᠢᠬᠦᠶ᠎ᠪᠠᠷ ᠤᠯᠠᠮᠵᠢᠯᠠᠯᠲᠤ ᠤᠷᠠᠯᠢᠭ᠎ᠤᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃

ᠦᠷ᠎ᠡ ᠪᠦᠲᠦᠮᠵᠢ᠎ᠶᠢᠨ ᠳᠣᠲᠣᠷᠠᠭᠣᠯᠣᠯ᠄ ᠨᠡᠷ᠎ᠡ ᠲᠡᠮᠲᠡᠭ ᠨᠢ ᠨᠥᠯᠥᠭᠡᠯᠡᠬᠦ᠌ ᠬᠦᠴᠦᠨ ᠬᠢᠭᠡᠳ ᠠᠵᠢᠯ ᠲᠥᠷᠥᠯ᠎ᠤᠨ ᠥᠷᠲᠡᠭ᠎ᠤᠨ ᠳᠠᠪᠬᠤᠷ ᠳᠡᠭᠡᠭ᠌ᠰᠢᠯᠡᠯ

ᠬᠤᠶᠠᠷ ᠵᠢᠯ᠎ᠤᠨ ᠭᠦᠨ ᠬᠠᠭᠠᠯᠪᠤᠷᠢᠯᠠᠯᠲᠠ᠎ᠪᠠᠷ ᠳᠠᠮᠵᠢᠨ᠂ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ ᠨᠢᠭᠡᠨᠲᠡ ᠢᠯᠡᠳᠲᠡ ᠦᠷ᠎ᠡ ᠪᠦᠲᠦᠮᠵᠢ ᠣᠯᠵᠤ᠂ ᠲᠡᠭᠦᠨ᠎ᠤ ᠨᠡᠷ᠎ᠡ ᠲᠡᠮᠲᠡᠭ᠎ᠦᠨ ᠨᠥᠯᠥᠭᠡᠯᠡᠬᠦ᠌ ᠬᠦᠴᠦᠨ ᠪᠣᠯᠣᠨ ᠨᠡᠢᠭᠡᠮ᠎ᠤᠨ ᠦᠷ᠎ᠡ ᠠᠱᠢᠭ᠎ᠢ ᠦᠷᠭᠦᠯᠵᠢᠯᠡᠨ ᠨᠡᠮᠡᠭ᠌ᠳᠡᠭᠦᠯᠪᠡ᠃ ᠳᠠᠮᠵᠢᠭᠤᠯᠭ᠎ᠠ᠎ᠶ᠋ᠢᠨ ᠳᠠᠪᠬᠤᠷᠭ᠎ᠠ᠎ᠳᠤ᠂ ᠰᠦᠯᠵᠢᠶᠡᠨ ᠭᠠᠳᠠᠨᠠᠬᠢ ᠲᠣᠭ᠍ᠯᠠᠯᠲᠠ᠎ᠨᠢ 《 ᠰᠠᠭᠣᠬᠣ᠎ᠳᠤ ᠰᠠᠭᠤᠳᠠᠯ ᠦᠭᠡᠢ᠂ ᠨᠢᠭᠡ ᠪᠢᠯᠧᠲ᠎ᠢ ᠴᠦ᠍ ᠣᠯᠬᠤ᠎ᠳᠤ ᠬᠦᠴᠢᠷ 》 ᠪᠠᠢᠬᠤ᠎ᠶ᠋ᠢ ᠦᠷᠭᠦᠯᠵᠢᠯᠡᠨ ᠪᠡᠶᠡᠯᠡᠭᠦᠯᠵᠦ᠍᠂ ᠲᠤᠬᠠᠢ᠎ᠶ᠋ᠢᠨ ᠲᠠᠯᠠᠪᠠᠢ᠎ᠳᠤ ᠬᠠᠯᠠᠭᠤᠨ᠎ᠢᠶᠠᠷ ᠲᠤᠰᠭᠠᠯ ᠭᠠᠷᠭᠠᠪᠠ; ᠲᠧᠯᠸᠢᠰ ᠦᠵᠦᠭᠦᠷᠯᠢᠭ᠎ᠦᠨ ᠨᠡᠪᠲᠡᠷᠡᠭᠦᠯᠭᠡ᠎ᠨᠢ ᠪᠥᠬᠦ᠌ ᠤᠯᠤᠰ᠎ᠤᠨ ᠦᠵᠡᠭ᠌ᠴᠢᠳ᠎ᠢ ᠬᠠᠮᠤᠷᠴᠤ᠌᠂ 《 ᠠᠭᠤᠯᠭ᠎ᠠ᠎ᠶ᠋ᠢ ᠨᠠᠩ ᠥᠷᠭᠡᠨ᠎ᠢᠶᠠᠷ ᠳᠠᠮᠵᠢᠭᠤᠯᠵᠤ᠂ ᠨᠠᠩ ᠰᠠᠢᠨ ᠦᠷ᠎ᠡ ᠪᠦᠲᠦᠮᠵᠢ᠎ᠲᠠᠢ ᠪᠣᠯᠭ᠋ᠠᠬᠣ 》 ᠬᠠᠷᠠᠯᠲᠠ᠎ᠶ᠋ᠢ ᠨᠠᠩ ᠰᠠᠢᠲᠤᠷ ᠪᠡᠶᠡᠯᠡᠭᠦᠯᠵᠦ᠍᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠬᠦ᠂ ᠮᠠᠭᠳᠠᠭ᠋ᠠᠯ ᠪᠠ ᠬᠠᠯᠠᠮᠰᠢᠷᠠᠯ᠎ᠤᠨ ᠬᠡᠮᠵᠢᠶ᠎ᠡ᠎ᠶ᠋ᠢ ᠵᠡᠷᠭᠡ᠎ᠪᠠᠷ ᠳᠠᠮᠵᠢᠭᠤᠯᠬᠤ ᠪᠠᠢᠷᠢᠱᠢᠯ᠎ᠢ ᠪᠣᠶ ᠪᠣᠯᠭᠠᠪᠠ᠃ ᠰᠣᠶᠣᠯ᠎ᠤᠨ ᠳᠠᠪᠬᠤᠷᠭ᠎ᠠ᠎ᠳᠤ᠂ ᠳᠠᠭᠤᠤ ᠬᠥᠭ᠌ᠵᠢᠮ᠎ᠤᠨ ᠲᠣᠭᠯᠠᠯᠲᠠᠨᠢ ᠰᠣᠩᠭᠤᠳᠠᠭ ᠪᠦᠲᠦᠭᠡᠯ᠎ᠢ ᠲᠦᠭᠡᠮᠡᠯᠵᠢᠭᠦᠯᠬᠦ᠌ ᠪᠠ ᠣᠲᠣ ᠦᠶ᠎ᠡ᠎ᠶ᠋ᠢᠨ ᠬᠦᠴᠦᠨ ᠴᠢᠳᠠᠯ᠎ᠢ ᠳᠡᠯᠭᠡᠷᠡᠭᠦᠯᠬᠦ᠌᠎ᠪᠠᠷ ᠳᠠᠮᠵᠢᠭᠤᠯᠤᠨ᠂ ᠦᠨᠳᠦᠰᠦᠲᠡᠨ᠎ᠤ ᠳᠠᠭᠤᠤ ᠬᠥᠭ᠌ᠵᠢᠮ᠎ᠤᠨ ᠨᠡᠢᠭᠡᠮ᠎ᠤᠨ ᠠᠩᠬᠠᠷᠤᠯ᠎ᠢ ᠢᠯᠡᠳᠲᠡ ᠳᠡᠭᠡᠭ᠌ᠰᠢᠯᠡᠭᠦᠯᠵᠦ᠍᠂ ᠢᠯᠠᠩᠭᠤᠶ᠎ᠠ ᠶᠡᠭᠡ ᠬᠡᠮᠵᠢᠶᠡᠨ᠎ᠤ ᠵᠠᠯᠠᠭᠤᠴᠤᠳ ᠪᠠᠭᠠᠴᠤᠳ᠎ᠤᠨ ᠠᠩᠬᠠᠷᠤᠯ᠎ᠢ ᠲᠠᠲᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠦᠶ᠎ᠡ᠎ᠶ᠋ᠢᠨ ᠤᠯᠠᠮᠵᠢᠯᠠᠯ ᠪᠠ ᠱᠢᠨ᠎ᠡ᠎ᠶ᠋ᠢ ᠡᠭᠦᠳᠬᠦ᠌ ᠴᠢᠨᠠᠷᠲᠠᠶ ᠬᠥᠭ᠌ᠵᠢᠯᠲᠡ᠎ᠶ᠋ᠢ ᠬᠦᠴᠦᠲᠡᠶ ᠠᠬᠢᠭᠤᠯᠪᠠ᠃ ᠠᠵᠢᠯ ᠲᠥᠷᠥᠯ᠎ᠤᠨ ᠳᠠᠪᠬᠤᠷᠭ᠎ᠠ᠎ᠳᠤ᠂ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠤᠳᠭ᠎ᠠ ᠤᠷᠠᠯᠢᠭ᠎ᠤᠨ ᠵᠣᠬᠢᠶᠠᠨ ᠪᠦᠲᠦᠭᠡᠯᠭᠡ ᠪᠠ ᠨᠡᠷ᠎ᠡ ᠲᠡᠮᠲᠡᠭ᠎ᠦᠨ ᠪᠥᠲᠥᠭᠡᠨ ᠪᠠᠢᠭᠤᠯᠤᠯᠲᠠ᠎ᠳᠤ ᠡᠷᠬᠢᠮ ᠨᠠᠨᠳᠢᠨ ᠵᠢᠱ᠌ᠢᠶ᠎ᠡ ᠬᠠᠩᠭᠠᠪᠠ᠄ ᠠᠷᠠᠳ ᠲᠦᠮᠡᠨ᠎ᠢᠶᠠᠷ ᠭᠤᠤᠯ ᠪᠣᠯᠭᠠᠭ᠍ᠰᠠᠨ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠢᠮᠠᠭ᠍ᠲᠠ ᠪᠠᠷᠢᠮᠲᠠᠯᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷ᠂ ᠦᠵᠡᠯ ᠰᠠᠨᠠᠭᠠᠴᠢ ᠴᠢᠨᠠᠷ ᠪᠠ ᠤᠷᠠᠯᠢᠭ᠍ᠴᠢ ᠴᠢᠨᠠᠷ᠂ ᠰᠣᠨᠢᠷᠬᠠᠯᠲᠤ ᠴᠢᠨᠠᠷ᠎ᠢ ᠣᠷᠭᠠᠨᠢᠭ᠎ᠢᠶᠠᠷ ᠤᠶᠠᠯᠳᠤᠭᠤᠯᠤᠨ᠂ ᠨᠡᠷ᠎ᠡ ᠲᠡᠮᠲᠡᠭ᠎ᠢ ᠴᠢᠨᠠᠷ ᠰᠠᠢᠲᠠᠶ ᠠᠭᠤᠯᠭ᠎ᠠ᠎ᠶ᠋ᠢᠨ ᠬᠠᠩᠭᠠᠯᠭ᠎ᠠ᠎ᠳᠤ ᠠᠭᠤᠰᠭᠠᠨ ᠣᠷᠣᠭᠤᠯᠵᠤ᠂ 《 ᠠᠭᠤᠯᠭ᠎ᠠ᠎ᠶ᠋ᠢᠨ ᠠᠮᠢ ᠠᠬᠤᠶ᠎ᠶ᠋ᠢ ᠰᠢᠯᠢᠳᠡᠭᠵᠢᠭᠦᠯᠬᠦ᠂ ᠠᠮᠢᠵᠢᠷᠠᠯ᠎ᠤᠨ ᠬᠦᠴᠦᠨ᠎ᠢ ᠪᠤᠢᠵᠢᠭᠤᠯᠬᠤ 》᠎ᠳᠤ ᠪᠦᠲᠦᠮᠵᠢᠲᠡᠶ ᠠᠷᠭ᠎ᠠ ᠵᠠᠮ᠎ᠢ ᠬᠠᠢᠨ ᠰᠦᠪᠡᠭ᠌ᠴᠢᠯᠡᠪᠡ᠃

ᠲᠤᠷᠱᠢᠯᠭ᠎ᠠ᠎ᠶ᠋ᠢᠨ ᠰᠡᠩᠬᠡᠷᠡᠭᠦᠯᠦᠯ ᠪᠠ ᠢᠷᠡᠭᠡᠳᠦᠢ᠎ᠶ᠋ᠢ ᠪᠠᠷᠠᠯᠠᠬᠤ

ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ᠎ᠶᠢᠨ ᠨᠡᠷ᠎ᠡ ᠲᠡᠮᠲᠡᠭ᠎ᠢ ᠠᠮᠵᠢᠯᠲᠠ᠎ᠲᠠᠢ ᠴᠣᠭ᠍ᠴᠠᠯᠠᠭ᠍ᠰᠠᠨ᠎ᠨᠢ ᠢᠮᠠᠭ᠍ᠲᠠ ᠭᠤᠷᠪᠠᠨ ᠭᠤᠤᠯ ᠲᠤᠷᠱᠢᠯᠭ᠎ᠠ᠎ᠶ᠋ᠢ ᠵᠢᠷᠤᠮᠯᠠᠬᠤ᠎ᠠᠴᠠ ᠢᠷᠡᠯᠲᠡ᠎ᠲᠠᠢ᠄ ᠨᠢᠭᠡ᠎ᠳᠤ ᠵᠥᠪ ᠤᠳᠤᠷᠢᠳᠤᠮᠵᠢ ᠪᠠ ᠥᠷᠲᠡᠭ᠎ᠢᠶᠠᠷ ᠬᠥᠲᠥᠯᠦᠨ ᠳᠠᠭᠠᠭᠤᠯᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠨᠡᠷ᠎ᠡ ᠲᠡᠮᠲᠡᠭ᠎ᠦᠨ ᠪᠠᠢᠭᠤᠯᠤᠯᠲᠠ᠎ᠶ᠋ᠢ ᠤᠯᠤᠰ᠎ᠤᠨ ᠰᠣᠶᠣᠯ᠎ᠤᠨ ᠪᠠᠢᠯᠳᠤᠬᠤ ᠪᠣᠳᠣᠯᠭ᠎ᠠ᠎ᠶ᠋ᠢᠨ ᠶᠡᠭᠡ ᠲᠠᠯ᠎ᠠ᠎ᠳᠤ ᠦᠶ᠋ᠯᠡᠴᠢᠯᠡᠬᠦ᠌᠎ᠶ᠋ᠢ ᠪᠠᠲᠣᠯᠠᠪᠠ; ᠬᠤᠶᠠᠷ᠎ᠲᠤ᠌᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠪᠠ ᠤᠷᠠᠯᠢᠭ᠎ᠤᠨ ᠵᠢᠮ᠎ᠡ ᠶᠣᠰᠣ᠎ᠶ᠋ᠢ ᠪᠠᠷᠢᠮᠲᠠᠯᠠᠵᠤ᠂ ᠤᠯᠠᠮᠵᠢᠯᠠᠯᠲᠤ ᠭᠤᠣᠯ ᠴᠢᠮᠥᠭᠡ᠎ᠶ᠋ᠢ ᠬᠦᠨᠳᠦᠳᠭᠡᠭ᠌ᠰᠡᠨ ᠰᠠᠭᠤᠷᠢᠨ ᠳᠡᠭᠡᠷ᠎ᠡ ᠤᠳᠤ ᠦᠶ᠎ᠡ᠎ᠶ᠋ᠢᠨ ᠢᠯᠡᠳᠭᠡᠯ ᠬᠢᠬᠦ᠌᠎ᠶ᠋ᠢ ᠵᠣᠷᠢᠭ᠍ᠲᠠᠢ᠎ᠪᠠᠷ ᠬᠠᠢᠨ ᠰᠦᠪᠡᠭ᠌ᠴᠢᠯᠡᠵᠦ᠍᠂ ᠦᠨᠳᠦᠰᠦᠲᠡᠨ᠎ᠤ ᠳᠠᠭᠤᠤ ᠬᠥᠭ᠌ᠵᠢᠮ᠎ᠢ ᠪᠦᠲᠦᠭᠡᠯᠴᠢ ᠴᠢᠨᠠᠷᠲᠠᠢ᠎ᠪᠠᠷ ᠬᠤᠪᠢᠷᠠᠭᠤᠯᠬᠤ ᠪᠠ ᠱᠢᠨ᠎ᠡ᠎ᠶ᠋ᠢ ᠡᠭᠦᠳᠬᠦ᠌ ᠴᠢᠨᠠᠷᠲᠠᠢ᠎ᠪᠠᠷ ᠬᠥᠭ᠌ᠵᠢᠭᠦᠯᠬᠦ᠌᠎ᠶ᠋ᠢ ᠠᠬᠢᠭᠣᠯᠪᠠ; ᠭᠤᠷᠪᠠ᠎ᠳᠤ᠂ ᠠᠭᠤᠰᠤᠯᠴᠠᠭᠤᠯᠤᠨ ᠤᠯᠠᠮᠵᠢᠯᠠᠬᠤ ᠪᠠ ᠬᠠᠮᠲᠤ᠎ᠪᠠᠷ ᠡᠳ᠋ᠯᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠤᠯᠠᠨ ᠠᠷᠭ᠎ᠠ ᠵᠠᠮ᠂ ᠪᠣᠰᠤᠭ᠎ᠠ ᠴᠣᠭ᠍ᠴᠠᠲᠤ ᠳᠠᠮᠵᠢᠭᠤᠯᠭ᠎ᠠ᠎ᠶ᠋ᠢᠨ ᠲᠣᠣᠷ᠎ᠢ ᠪᠠᠢᠭᠤᠯᠵᠤ᠂ ᠤᠷᠠᠯᠢᠭ᠎ᠤᠨ ᠰᠣᠳᠣᠨ ᠪᠦᠲᠦᠭᠡᠯ᠎ᠢ ᠦᠨᠡᠨ ᠬᠦ᠌ 《ᠡᠭᠡᠯ ᠠᠷᠠᠳ᠎ᠤᠨ ᠭᠡᠷ᠎ᠲᠤ ᠣᠷᠣᠭᠣᠯᠪᠠ 》᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢ ᠡᠬᠢᠯᠡᠭᠦᠯᠬᠦ᠌ ᠵᠠᠩᠭᠢᠯᠠᠭ᠎ᠠ᠎ᠶ᠋ᠢᠨ ᠵᠢᠯ᠎ᠳᠤ ᠭᠤᠷᠪᠠᠳᠤᠭᠠᠷ ᠬᠤᠭᠤᠴᠠᠭᠠᠨ᠎ᠤ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠠᠲᠠ ᠨᠢ ᠥᠩᠭᠡᠷᠡᠭ᠌ᠰᠡᠨ᠎ᠤ ᠠᠮᠵᠢᠯᠲᠠ ᠪᠦᠲᠦᠮᠵᠢ᠎ᠶ᠋ᠢᠨ ᠭᠤᠢᠳᠠ ᠰᠠᠢᠬᠠᠨ ᠢᠯᠡᠷᠡᠯ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠢᠷᠡᠭᠡᠳᠦᠢ᠎ᠳᠤ ᠬᠠᠨᠳᠤᠭᠤᠯᠤᠭ᠍ᠰᠠᠨ ᠴᠣ ᠱᠢᠨ᠎ᠡ ᠢᠯᠡᠷᠡᠯ ᠪᠣᠯᠤᠨ᠎ᠠ᠃ ᠢᠷᠡᠭᠡᠳᠦᠶ᠎ᠪᠠᠨ ᠪᠠᠷᠠᠯᠠᠬᠤᠶ᠎ᠠ᠂ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ᠎ᠶᠢᠨ ᠨᠡᠷ᠎ᠡ ᠲᠡᠮᠳᠡᠭ᠎ᠨᠢ ᠯᠠᠪᠲᠠᠶ ᠱᠢᠨ᠎ᠡ ᠲᠡᠤᠬᠡ᠎ᠶ᠋ᠢᠨ ᠠᠶᠠᠨ ᠵᠠᠮ᠎ᠳᠤ᠂ ᠨᠠᠩ ᠨᠥᠯᠥᠭᠡᠯᠡᠬᠦ᠌ ᠬᠦᠴᠦᠨ᠎ᠲᠠᠢ ᠤᠯᠤᠰ᠎ᠤᠨ ᠬᠥᠭ᠌ᠵᠢᠮ᠎ᠤᠨ ᠲᠠᠭᠤᠨ᠎ᠢᠶᠠᠷ ᠳᠤᠮᠳᠠᠳᠤ ᠤᠯᠤᠰ᠎ᠤᠨ ᠥᠯᠢᠭᠡᠷ᠎ᠢ ᠰᠠᠢᠲᠤᠷ ᠶᠠᠷᠢᠵᠤ᠂ ᠨᠠᠩ ᠴᠠᠭ ᠦᠶ᠎ᠡ᠎ᠶ᠋ᠢᠨ ᠲᠥᠷᠥᠭ᠌ᠳᠡᠯ᠎ᠲᠠᠢ ᠤᠷᠠᠯᠢᠭ᠎ᠢᠶᠠᠷ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠵᠤ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠳᠤᠮᠳᠠᠳᠤ᠎ᠶ᠋ᠢᠨ ᠦᠨᠳᠦᠰᠦᠲᠡᠨ᠎ᠤ ᠣᠲᠣ ᠦᠶ᠎ᠡ᠎ᠶ᠋ᠢᠨ ᠪᠣᠯᠪᠠᠰᠤᠨ᠎ᠢ ᠪᠥᠲᠥᠭᠡᠨ ᠪᠠᠢᠭᠤᠯᠬᠤ᠎ᠳᠤ ᠨᠠᠩ ᠣᠯᠠᠨ ᠷᠠᠳᠢᠣ᠋ ᠲᠧᠯᠸᠢᠰ᠎ᠤᠨ ᠣᠶᠤᠨ ᠤᠬᠠᠭᠠᠨ ᠪᠠ ᠤᠷᠠᠯᠢᠭ᠎ᠤᠨ ᠬᠦᠴᠦᠨ ᠴᠢᠳᠠᠯ᠎ᠢᠶᠠᠨ ᠡᠷᠭᠦᠬᠦ᠌ ᠪᠣᠯᠤᠨ᠎ᠠ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠤᠶᠤᠨ᠎ᠤ ᠬᠦᠮᠦᠷᠭᠡ