2026 ᠣᠨ᠎ᠤ ᠪᠦᠬᠦ᠌ ᠤᠯᠤᠰ᠎ᠤᠨ ᠷᠠᠳᠢᠣ᠋ ᠲᠧᠯᠸᠢᠰ᠎ᠤᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ
2026-01-12

1 ᠳ᠋ᠦ᠍ᠭᠡᠷ ᠰᠠᠷ᠎ᠠ᠎ᠶ᠋ᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ 2026 ᠣᠨ᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠠᠵᠢᠯ᠎ᠤᠨ ᠬᠤᠷᠠᠯ ᠪᠡᠭᠡᠵᠢᠩ᠎ᠳᠤ ᠬᠤᠷᠠᠯᠳᠤᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 2025 ᠣᠨ᠎ᠤ ᠠᠵᠢᠯ᠎ᠢᠶᠠᠨ ᠳ᠋ᠦᠩᠨᠡᠵᠦ᠍᠂ ᠪᠠᠢᠳᠠᠯ ᠡᠭᠦᠷᠭᠡ᠎ᠶ᠋ᠢ ᠵᠠᠳᠠᠯᠵᠤ᠂ 2026 ᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠢ ᠲᠤᠬᠢᠷᠠᠭᠤᠯᠤᠨ ᠪᠠᠢᠷᠢᠯᠠᠭᠤᠯᠵᠠᠢ᠃ ᠲᠥᠪ᠎ᠤᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ᠍ ᠮᠢᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠤ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠢᠶᠠᠨ ᠭᠦᠸᠧ ᠬᠤᠷᠠᠯ᠎ᠤᠨ ᠳ᠋ᠦᠩᠨᠡᠯᠲᠡ ᠬᠢᠵᠦ᠍᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠵᠠᠢ᠃

ᠬᠤᠷᠠᠯ᠎ᠠᠴᠠ᠂ 2025 ᠣᠨ᠎ᠳᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠯᠬᠤᠭ᠎ᠠ ᠢᠯᠡᠳᠲᠡ ᠲᠦᠷᠭᠡᠳᠴᠦ᠍᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠴᠢᠬᠤᠯᠠ ᠶᠡᠭᠡ ᠱᠢᠪᠲᠤᠯᠤᠯᠲᠠ᠎ᠲᠠᠢ ᠪᠣᠯᠵᠣ᠂ ᠴᠢᠨᠠᠷ ᠰᠠᠢᠲᠠᠶ ᠬᠥᠭ᠌ᠵᠢᠯᠲᠡ ᠱᠢᠨ᠎ᠡ ᠳᠡᠭ᠌ᠲᠡᠷ᠎ᠲᠤ ᠭᠠᠷᠪᠠ᠃ ᠪᠦᠬᠦ᠌ ᠠᠵᠢᠯ ᠲᠥᠷᠥᠯ᠎ᠢᠶᠠᠷ᠎ᠢᠶᠠᠨ ᠨᠠᠮ᠎ᠤᠨ ᠲᠥᠪ ᠬᠤᠷᠢᠶᠠᠨ᠎ᠤ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠵᠠᠮ ᠨᠡᠭᠡᠭᠡᠨ ᠤᠷᠤᠭ᠍ᠰᠢᠯᠠᠵᠤ᠂ 10 ᠵᠦᠢᠯ᠎ᠤᠨ ᠭᠤᠣᠯᠳᠠᠯᠭ᠎ᠠ᠎ᠲᠠᠢ ᠠᠵᠢᠯ᠎ᠢ ᠪᠦᠬᠦ᠌ ᠬᠦᠴᠦᠨ᠎ᠢᠶᠠᠷ ᠠᠬᠢᠭᠤᠯᠵᠤ᠂ ᠠᠯᠢ ᠤᠯᠠᠨ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠂ ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠤᠯᠪᠠ᠃ ᠪᠥᠬᠦ᠌ ᠠᠵᠢᠯ ᠲᠥᠷᠥᠯ᠎ᠢᠶᠠᠷ᠎ᠢᠶᠠᠨ ᠦᠵᠡᠯᠲᠡ᠎ᠪᠠᠨ ᠬᠤᠪᠢᠷᠠᠭᠤᠯᠬᠤ᠎ᠶ᠋ᠢ ᠲᠦᠷᠭᠡᠳᠭᠡᠨ᠂ ᠢᠲᠡᠭᠡᠯ ᠵᠣᠷᠢᠭ᠎ᠢᠶᠠᠨ ᠢᠯᠡᠳᠲᠡ ᠴᠢᠩᠭ᠋ᠠᠳᠬᠠᠵᠦ᠂ ᠰᠢᠨ᠎ᠡ ᠵᠦᠭ ᠰᠠᠢ᠌ᠨ ᠵᠦᠭ ᠬᠦᠭᠵᠢᠵᠦ᠂ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠡᠯ᠎ᠡ ᠵᠦᠶ᠋ᠯ᠎ᠤᠨ ᠡᠭᠦᠷᠭᠡ ᠤᠷᠤᠭ᠍ᠰᠢᠲᠠᠶ ᠲᠡᠬᠦᠰᠴᠦ᠂ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠬᠦᠴᠦᠲᠡᠢ ᠤᠢ᠌ᠯᠡᠴᠢᠯᠡᠪᠡ᠃ ᠨᠠᠮ᠎ᠤᠨ ᠰᠢᠨ᠎ᠡ᠎ᠶ᠋ᠢ ᠡᠭᠦᠳᠬᠦ᠌ ᠤᠨᠤᠯ᠎ᠤᠨ ᠤᠬᠠᠭᠤᠯᠭ᠎ᠠ ᠬᠥᠮᠦᠰ᠎ᠤᠨ ᠰᠡᠳᠭᠢᠯ᠎ᠳᠤ ᠬᠠᠳᠠᠩᠱᠢᠵᠤ᠂ ᠶᠠᠫᠣᠨ᠎ᠢ ᠡᠰᠡᠷᠭᠦᠴᠡᠬᠦ᠌ ᠲᠠᠢᠨ᠎ᠤ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠭᠤᠣᠯ ᠰᠡᠳᠦᠪᠲᠦ ᠤᠬᠠᠭᠤᠯᠭ᠎ᠠ ᠯᠠᠪᠰᠢᠷᠠᠭᠣᠯᠣᠨ ᠳᠦᠷᠰᠦᠯᠡᠵᠦ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠵᠡᠷᠭᠡ ᠭᠤᠣᠯ ᠰᠡᠳᠦᠪᠲᠦ ᠤᠬᠠᠭᠤᠯᠭ᠎ᠠ ᠱᠢᠨ᠎ᠡ ᠡᠭᠦᠳᠦᠯᠲᠡ᠎ᠳᠤ ᠭᠡᠷᠡᠯ ᠭᠢᠯᠪᠠᠭ᠎ᠠ᠎ᠪᠠᠨ ᠰᠠᠴᠤᠷᠠᠭᠤᠯᠪᠠ᠃ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠱᠢᠰᠲ᠋ᠧᠮ᠎ᠤᠨ ᠴᠢᠨᠠᠷᠲᠠᠶ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠵᠤ᠂ ᠰᠤᠪᠠᠭ᠎ᠤᠨ ᠳᠠᠪᠲᠠᠮᠵᠢ᠎ᠶ᠋ᠢ ᠴᠣᠮᠬᠠᠳᠭᠠᠨ ᠨᠠᠷᠢᠯᠢᠬ᠍ᠵᠢᠭᠤᠯᠬᠤ ᠵᠡᠷᠭᠡ ᠥᠭᠡᠷᠡᠴᠢᠯᠡᠯᠲᠡ ᠱᠢᠨ᠎ᠡ ᠱᠢᠪᠲᠤᠯᠤᠯᠲᠠ᠎ᠲᠠᠢ ᠪᠣᠯᠪᠠ᠃ ᠨᠡᠩ ᠣᠯᠠᠨ ᠰᠣᠳᠣᠨ ᠪᠦᠲᠦᠭᠡᠯ᠂ ᠨᠡᠩ ᠥᠷᠭᠡᠨ ᠤᠯᠠᠮᠵᠢᠯᠠᠯ᠂ ᠨᠡᠩ ᠱᠢᠯᠢᠳᠡᠭ ᠣᠷᠴᠢᠨ ᠲᠣᠭᠤᠷᠢᠨ᠎ᠤ ᠪᠠᠢᠳᠠᠯ ᠰᠠᠢᠵᠢᠷᠠᠵᠤ᠂ ᠷᠠᠳᠢᠣ᠋ ᠲᠧᠯᠸᠢᠰ᠎ᠤᠨ ᠠᠭᠤᠯᠭ᠎ᠠ ᠬᠠᠩᠭᠠᠯᠭ᠎ᠠ᠎ᠶ᠋ᠢ ᠠᠬᠢᠭᠤᠯᠬᠤ 21 ᠵᠦᠢᠯ᠎ᠤᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠣᠯᠠᠨ ᠵᠦᠢᠯ᠎ᠤᠨ ᠬᠡᠯᠪᠡᠷᠢ᠎ᠶ᠋ᠢᠨ ᠰᠡᠳᠦᠪᠳᠦ ᠰᠣᠳᠣᠨ ᠪᠦᠲᠦᠭᠡᠯ ᠢᠯᠡᠷᠡᠵᠦ᠍᠂ ᠪᠢᠴᠢᠯ ᠣᠬᠤᠷ ᠵᠦᠴᠦᠭᠡ ᠦᠷᠭᠦᠯᠵᠢᠯᠡᠨ ᠴᠡᠴᠡᠭ᠌ᠯᠡᠨ ᠬᠥᠭ᠌ᠵᠢᠪᠡ᠃ ᠪᠦᠬᠦ᠌ ᠤᠯᠤᠰ᠎ᠤ᠋ᠨ ᠣᠲᠠᠰᠣᠲᠣ ᠲᠧᠯᠸᠢᠰ᠎ᠦ᠋ᠨ 《 ᠨᠢᠭᠡ ᠮᠣᠵᠢ ᠨᠢᠭᠡ ᠰᠦᠯᠵᠢᠶ᠎ᠡ 》᠎ᠶᠢ ᠨᠢᠭᠡᠳᠭᠡᠬᠦ᠎ᠶᠢ ᠲᠡᠦᠬᠡᠲᠦ ᠴᠢᠨᠠᠷᠲᠠᠢ᠎ᠪᠠᠷ ᠪᠡᠶᠡᠯᠡᠭᠦᠯᠪᠡ᠃ ᠬᠡᠳᠦ ᠦᠨᠳᠦᠷ ᠳᠣᠲᠣᠷᠠᠴᠠᠲᠣ ᠡᠬᠢᠯᠡᠯ ᠦᠵᠦᠭᠦᠷᠯᠢᠭᠡᠴᠡ ᠲᠡᠭᠦᠰᠭᠡᠯ ᠦᠵᠦᠭᠦᠷᠯᠢᠭ ᠬᠦᠷᠲᠡᠯᠡᠬᠢ ᠪᠦᠬᠦ᠌ ᠬᠡᠯᠬᠢᠶᠡᠨ᠎ᠦ ᠬᠥᠭ᠌ᠵᠢᠯᠲᠡ ᠱᠢᠨ᠎ᠡ ᠪᠠᠢᠳᠠᠯ᠎ᠢ ᠪᠤᠶ ᠪᠣᠯᠭᠠᠵᠤ᠂ 9 ᠮᠤᠵᠢ ᠬᠣᠲᠠ᠎ᠶ᠋ᠢᠨ ᠣᠳᠣᠨ ᠲᠸᠯᠸᠢᠰ᠎ᠢ ᠬᠡᠳᠦ ᠦᠨᠳᠦᠷ ᠳᠣᠲᠣᠷᠠᠴᠠᠲᠣ ᠰᠤᠪᠠᠭ᠎ᠢᠶᠠᠷ ᠨᠡᠪᠲᠡᠷᠡᠭᠦᠯᠬᠦ᠌᠎ᠶ᠋ᠢᠨ ᠬᠠᠮᠲᠤ ᠪᠦᠬᠦ᠌ ᠤᠯᠤᠰ᠎ᠤᠨ ᠰᠦᠯᠵᠢᠶᠡᠨ ᠳᠡᠭᠡᠷ᠎ᠡ ᠠᠢᠯ ᠡᠷᠦᠬᠡ᠎ᠳᠦ ᠣᠷᠣᠭᠤᠯᠬᠤ᠎ᠶ᠋ᠢ ᠪᠡᠶᠡᠯᠡᠭᠦᠯᠵᠦ᠍᠂ 6 ᠲᠣᠯᠣᠭ᠋ᠠᠢ᠌ᠯᠠᠭᠴᠢ ᠣᠷᠲᠣ ᠸᠢᠳᠢᠤ᠋᠎ᠶᠢᠨ ᠲᠠᠪᠴᠠᠩ᠎ᠤᠨ ᠰᠢᠨ᠎ᠡ᠎ᠪᠡᠷ ᠨᠡᠮᠡᠭ᠌ᠳᠡᠭ᠌ᠰᠡᠨ ᠠᠭᠤᠯᠭ᠎ᠠ ᠨᠢ 50% ᠣᠷᠴᠢᠮ᠎ᠳᠤ ᠬᠦᠷᠴᠡᠶ᠃ ᠲᠧᠯᠸᠢᠰ᠎ᠤᠨ 《 ᠳᠠᠪᠬᠤᠷᠳᠠᠭᠣᠯᠣᠨ 》 ᠰᠤᠢ᠌ᠳᠭᠡᠯ ᠬᠤᠷᠢᠶᠠᠬᠤ ᠪᠠ ᠠᠵᠢᠯᠯᠠᠭᠤᠯᠬᠤ ᠲᠠᠯ᠎ᠠ᠎ᠪᠠᠷ ᠪᠤᠳᠤᠯᠢᠶᠠᠨᠲᠠᠶ ᠵᠠᠰᠠᠯᠲᠠ ᠱᠢᠨ᠎ᠡ ᠱᠢᠪᠲᠤᠯᠤᠯᠲᠠ᠎ᠶ᠋ᠢ ᠪᠡᠶᠡᠯᠡᠭᠦᠯᠵᠦ᠍᠂ 1066 ᠲᠦᠮᠡᠨ ᠢᠵᠢ ᠬᠠᠪᠴᠢᠭᠤᠯᠬᠤ ᠬᠡᠯᠪᠡᠷᠢ᠎ᠶ᠋ᠢᠨ ᠲᠸᠯᠸᠢᠰ᠎ᠦᠨ ᠳᠠᠪᠳᠠᠮᠵᠢ ᠬᠦᠯᠢᠶᠡᠭᠦᠷ ᠪᠠ ᠨᠡᠢᠳᠡᠮ ᠬᠡᠷᠡᠭ᠌ᠯᠡᠬᠦ᠌ ᠠᠯᠤᠰ ᠡᠵᠡᠮᠰᠢᠭᠦᠷ᠂ 107 ᠲᠦᠮᠡᠨ ᠦᠵᠦᠭᠦᠷᠯᠢᠭ ᠨᠢᠭᠡ ᠴᠣᠭ᠍ᠴᠠᠵᠢᠭᠤᠯᠤᠭ᠍ᠰᠠᠨ ᠲᠧᠯᠸᠢᠰ᠎ᠤᠨ ᠪᠠᠢᠷᠢᠯᠠᠭᠤᠯᠤᠯᠲᠠ᠎ᠶ᠋ᠢ ᠪᠡᠶᠡᠯᠡᠭᠦᠯᠵᠦ᠍᠂ ᠢᠨᠲ᠋ᠧᠷ ᠰᠦᠯᠵᠢᠶᠡᠨ᠎ᠤ ᠲᠧᠯᠸᠢᠰ᠎ᠤᠨ ᠠᠦ᠋ᠲ᠋ᠣᠴᠢᠯᠠᠭ᠍ᠰᠠᠨ ᠰᠤᠢᠳᠭᠡᠯ᠎ᠤᠨ ᠦᠢᠯᠡᠴᠢᠯᠡᠭᠡ᠎ᠶ᠋ᠢ ᠵᠢᠷᠤᠮᠵᠢᠭᠤᠯᠤᠨ᠂ ᠣᠯᠠᠨ ᠲᠦᠮᠡᠨ᠎ᠤ ᠲᠤᠰᠭᠠᠯ ᠴᠢᠩᠭ᠎ᠠ ᠪᠠᠢᠭ᠎ᠠ ᠠᠰᠠᠭᠤᠳᠠᠯ᠎ᠢ ᠰᠢᠢ᠍ᠳᠪᠤᠷᠢᠯᠡᠪᠡ᠃ ᠠᠵᠢᠯ ᠲᠥᠷᠥᠯ᠎ᠤᠨ ᠵᠠᠰᠠᠯᠲᠠ᠎ᠶ᠋ᠢᠨ ᠴᠢᠳᠠᠪᠤᠷᠢ ᠪᠠ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠪᠦᠲᠦᠮᠵᠢᠲᠡᠶ ᠳᠡᠭᠡᠭ᠌ᠰᠢᠯᠡᠭᠦᠯᠵᠦ᠍᠂ ᠪᠠᠴᠢᠮ ᠪᠠᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ᠎ᠶ᠋ᠢᠨ ᠦᠢᠯᠡᠴᠢᠯᠡᠭᠡ᠎ᠶ᠋ᠢᠨ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠣᠷᠠᠨ᠎ᠠ᠃ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠣᠯᠠᠨ ᠤᠯᠤᠰ᠎ᠤᠨ ᠳᠠᠮᠵᠢᠭᠤᠯᠭ᠎ᠠ ᠱᠢᠨ᠎ᠡ ᠠᠬᠢᠴᠠ᠎ᠲᠠᠢ ᠪᠣᠯᠪᠠ᠃ ᠲᠥᠪ᠎ᠤᠨ ᠨᠠᠢ᠍ᠮᠠᠨ ᠵᠤᠢ᠌ᠯ᠎ᠤᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠭᠣᠰᠢᠯᠠᠭᠣᠯᠵᠣ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠲᠥᠪ᠎ᠤᠨ ᠲᠣᠭᠤᠷᠢᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠵᠤ᠂ ᠨᠠᠮ᠎ᠤᠨ ᠪᠠᠢᠭᠤᠯᠤᠯᠲᠠ ᠪᠠ ᠡᠩᠨᠡᠭᠡᠨ᠎ᠤ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠪᠠ᠃ ᠥᠩᠭᠡᠷᠡᠭ᠌ᠰᠡᠨ ᠨᠢᠭᠡ ᠵᠢᠯ᠎ᠳᠤ᠂ ᠦᠢᠯᠡᠳᠦᠯᠭᠡ᠎ᠶ᠋ᠢᠨ ᠳᠤᠮᠳᠠ ᠡᠷᠬᠡᠪᠰᠢ ᠦᠵᠡᠯᠲᠡ᠎ᠪᠠᠨ ᠬᠤᠪᠢᠷᠠᠭᠤᠯᠬᠤ᠎ᠶ᠋ᠢ ᠲᠦᠷᠭᠡᠳᠭᠡᠬᠦ᠂ ᠡᠷᠬᠡᠪᠰᠢ ᠱᠢᠰᠲ᠋ᠧᠮᠲᠦ ᠰᠡᠳᠭᠢᠬᠦᠢ᠎ᠪᠠᠨ ᠴᠢᠩᠭ᠋ᠠᠷᠠᠭᠣᠯᠬᠣ᠂ ᠡᠷᠬᠡᠪᠰᠢ ᠬᠠᠮᠵᠢᠯᠴᠠᠨ ᠬᠠᠮᠲᠤᠷᠠᠯᠴᠠᠬᠤ᠎ᠶ᠋ᠢ ᠴᠢᠩᠭᠠᠳᠭᠠᠬᠤ᠂ ᠡᠷᠬᠡᠪᠰᠢ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠵᠡᠷᠭᠡ ᠬᠠᠮᠲᠤ᠎ᠶ᠋ᠢᠨ ᠲᠠᠨᠢᠯᠲᠠ᠎ᠶ᠋ᠢ ᠪᠦᠷᠢᠯᠳᠦᠭᠦᠯᠵᠦ᠍᠂ ᠨᠠᠷᠢᠨ ᠬᠢᠨᠠᠮᠠᠭᠠᠢ ᠳ᠋ᠦᠩᠨᠡᠬᠦ᠌᠎ᠶ᠋ᠢᠨ ᠬᠠᠮᠲᠤ ᠰᠠᠢᠲᠤᠷ ᠬᠡᠷᠡᠭ᠌ᠯᠡᠨ ᠰᠠᠢᠲᠤᠷ ᠬᠡᠷᠡᠭ᠌ᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠢ ᠭᠡᠵᠦ ᠵᠢᠭ᠋ᠠᠨ ᠭᠠᠷᠭ᠋ᠠᠪᠠ᠃

ᠬᠤᠷᠠᠯ᠎ᠠᠴᠠ᠂ 2026 ᠣᠨ ᠪᠣᠯ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠡᠬᠢᠯᠡᠯᠲᠡ᠎ᠶ᠋ᠢᠨ ᠵᠢᠯ ᠪᠣᠯᠤᠨ᠎ᠠ᠂ ᠪᠠᠰᠠ ᠴᠤ᠌ ᠷᠠᠳᠢᠣ᠋ ᠲᠧᠯᠸᠢᠰ᠎ᠤᠨ ᠦᠵᠡᠵᠦ ᠰᠣᠨᠣᠰᠬᠣ ᠠᠵᠢᠯ ᠲᠦᠷᠦᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌ ᠵᠠᠩᠭᠢᠯᠠᠭ᠎ᠠ᠎ᠶ᠋ᠢᠨ ᠨᠢᠭᠡ ᠵᠢᠯ ᠪᠣᠯᠤᠨ᠎ᠠ᠃ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠣᠢᠯᠠᠭᠠᠵᠤ᠂ ᠨᠠᠮ᠎ᠤᠨ ᠲᠥᠪ ᠬᠤᠷᠢᠶᠠᠨ᠎ᠤ ᠱᠢᠨ᠎ᠡ ᠪᠠᠢᠷᠢᠯᠠᠭᠤᠯᠤᠯᠲᠠ ᠱᠢᠨ᠎ᠡ ᠱᠠᠭᠠᠷᠳᠠᠯᠭ᠎ᠠ᠎ᠶ᠋ᠢ ᠣᠨᠣᠪᠴᠢᠲᠠᠶ ᠡᠵᠡᠮᠳᠡᠵᠦ᠍᠂ ᠠᠵᠢᠯ ᠲᠥᠷᠥᠯ᠎ᠤᠨ ᠬᠥᠭ᠌ᠵᠢᠯᠲᠡ᠎ᠳᠤ ᠲᠤᠯᠭᠠᠷᠠᠵᠤ ᠪᠠᠢᠭ᠎ᠠ ᠠᠰᠠᠭᠤᠳᠠᠯ ᠪᠠ ᠥᠷᠢᠰᠥᠯᠳᠦᠭᠡᠨ᠎ᠢ ᠭᠦᠨᠵᠡᠭᠡᠶ ᠲᠠᠨᠢᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ 2026 ᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠤᠨ ᠶᠡᠷᠦᠩᠬᠡᠢ ᠱᠠᠭᠠᠷᠳᠠᠯᠭ᠎ᠠ ᠪᠣᠯ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《 ᠬᠤᠶᠠᠷ᠎ᠢ ᠲᠣᠭ᠍ᠲᠠᠭᠠᠬᠤ 》᠎ᠶ᠋ᠢᠨ ᠰᠢᠢ᠍ᠳᠪᠦᠷᠢᠯᠡᠬᠦ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠢ ᠣᠢᠯᠠᠭᠠᠵᠤ᠂ 《 ᠲᠦᠷᠪᠡᠨ ᠤᠬᠠᠮᠰᠠᠷ 》᠎ᠢᠶᠡᠨ ᠴᠢᠩᠭᠠᠳᠭᠠᠵᠤ᠂ 《 ᠲᠦᠷᠪᠡᠨ ᠢᠲᠡᠭᠡᠯ》᠎ᠢᠶᠠᠨ ᠪᠠᠲᠤᠳᠭᠠᠵᠤ᠂ 《 ᠬᠤᠶᠠᠷ᠎ᠢ ᠬᠠᠮᠠᠭᠠᠯᠠᠬᠤ 》᠎ᠶ᠋ᠢ ᠪᠡᠶᠡᠯᠡᠭᠦᠯᠵᠦ᠍᠂ ᠷᠠᠳᠢᠣ᠋ ᠲᠧᠯᠸᠢᠰ᠎ᠤᠨ 《 ᠬᠤᠶᠠᠷ ᠭᠤᠷᠪᠠ ᠳᠥᠷᠪᠡ 》᠎ᠶ᠋ᠢᠨ ᠠᠵᠢᠯ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠭᠤᠷᠪᠠᠨ ᠶᠡᠭᠡ ᠠᠵᠢᠯ᠎ᠤᠨ ᠴᠢᠭ᠌ᠯᠡᠯ᠎ᠢ ᠲᠣᠭ᠍ᠲᠠᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠭᠤᠣᠯ ᠰᠡᠳᠦᠪ᠎ᠢ ᠪᠠᠷᠢᠮᠲᠠᠯᠠᠵᠤ᠂ ᠰᠢᠰᠲᠸᠮᠲᠦ ᠴᠢᠨᠠᠷᠲᠠᠢ ᠬᠤᠪᠢᠰᠤᠯᠲᠠ ᠵᠡᠷᠭᠡ ᠭᠤᠣᠯᠳᠠᠯᠭ᠎ᠠ᠎ᠲᠠᠢ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠵᠡᠯᠲᠡ᠎ᠪᠠᠨ ᠲᠦᠷᠭᠡᠨ ᠬᠤᠪᠢᠷᠠᠭᠤᠯᠵᠤ᠂ ᠪᠦᠬᠦ᠌ ᠲᠠᠯ᠎ᠠ᠎ᠪᠠᠷ ᠬᠦᠴᠦᠯᠡᠨ ᠪᠣᠭᠤᠮᠲᠠ ᠱᠢᠪᠲᠤᠯᠵᠤ᠂ ᠨᠡᠩ ᠶᠡᠭᠡ ᠡᠷᠴᠢᠮ᠎ᠢᠶᠠᠷ ᠥᠭᠡᠷᠡᠴᠢᠯᠡᠯᠲᠡ᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌᠎ᠶ᠋ᠢ ᠴᠢᠷᠮᠠᠢᠨ ᠠᠬᠢᠭᠤᠯᠵᠤ᠂ ᠨᠡᠩ ᠶᠡᠭᠡ ᠱᠢᠪᠲᠤᠯᠤᠯᠲᠠ᠎ᠲᠠᠢ ᠪᠣᠯᠬᠤ᠎ᠶ᠋ᠢ ᠪᠠᠲᠤᠯᠠᠵᠤ᠂ 《 ᠠᠷᠪᠠᠨ ᠲᠣᠪᠣᠳᠣᠭ᠋ᠠᠷ ᠲᠠᠪᠣᠨ ᠵᠢᠯ 》᠎ᠦᠨ ᠲᠥᠯᠥᠪᠵᠢᠭᠦᠯᠭᠡ᠎ᠶᠢ ᠰᠠᠢ᠌ᠲᠤᠷ ᠡᠬᠢᠯᠡᠭᠦᠯᠵᠦ᠂ ᠠᠯᠬᠣᠮ᠎ᠢᠶᠠᠨ ᠰᠠᠢ᠌ᠲᠣᠷ ᠡᠬᠢᠯᠡᠭᠦᠯᠬᠦ᠎ᠶᠢ ᠪᠠᠲᠣᠯᠠᠵᠣ᠂ ᠰᠣᠶᠣᠯ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠳᠤᠷᠠᠳᠪᠠ᠃

ᠬᠤᠷᠠᠯ᠎ᠠᠴᠠ 2026 ᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠭᠤᠤᠯᠳᠠᠯᠭ᠎ᠠ᠎ᠲᠠᠢ ᠠᠵᠢᠯ᠎ᠳᠤ ᠪᠠᠢᠷᠢᠯᠠᠭᠤᠯᠤᠯᠲᠠ ᠬᠢᠪᠠ᠃ ᠨᠢᠭᠡ᠎ᠳᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭ᠋ᠠᠷᠠᠭᠣᠯᠵᠣ᠂ ᠭᠤᠣᠯ ᠶᠠᠷᠢᠶ᠎ᠠ ᠬᠡᠯᠡᠯᠴᠡᠭᠡ᠎ᠶ᠋ᠢ ᠪᠤᠵᠠᠭᠠᠢᠷᠠᠭᠤᠯᠤᠨ᠎ᠠ᠃ ᠱᠢᠰᠲ᠋ᠧᠮᠴᠢᠯᠡᠭ᠌ᠰᠡᠨ ᠤᠨᠤᠯ᠎ᠤᠨ ᠤᠬᠠᠭᠤᠯᠭ᠎ᠠ᠎ᠶ᠋ᠢᠨ ᠰᠣᠳᠣᠨ ᠪᠦᠲᠦᠭᠡᠯ᠎ᠢ ᠭᠠᠷᠭᠠᠵᠤ᠂ ᠤᠨᠤᠯ᠎ᠤᠨ ᠤᠬᠠᠭᠤᠯᠭ᠎ᠠ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠨ᠎ᠡ᠃ 《 ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠡᠬᠢᠯᠡᠯᠲᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 105 ᠵᠢᠯ᠎ᠤᠨ ᠤᠢ᠂ ᠤᠷᠳᠤ ᠵᠠᠮ᠎ᠤᠨ ᠠᠶᠠᠨ ᠲᠠᠢᠨ᠎ᠤ ᠢᠯᠠᠯᠲᠠ ᠣᠯᠤᠭ᠍ᠰᠠᠨ 90 ᠵᠢᠯ᠎ᠤᠨ ᠤᠢ ᠵᠡᠷᠭᠡ ᠭᠤᠣᠯ ᠰᠡᠳᠦᠪᠲᠦ ᠤᠬᠠᠭᠤᠯᠭ᠎ᠠ᠎ᠶ᠋ᠢ ᠨᠠᠷᠢᠨ ᠨᠢᠮᠪᠠᠢ ᠵᠣᠬᠢᠶᠠᠨ ᠪᠠᠢ᠌ᠭᠣᠯᠣᠨ᠎ᠠ᠃ ᠬᠤᠶᠠᠷ᠎ᠲᠤ᠌᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠱᠢᠰᠲ᠋ᠧᠮ᠎ᠤᠨ ᠴᠢᠨᠠᠷᠲᠠᠶ ᠬᠤᠪᠢᠰᠭᠠᠯ᠎ᠢ ᠭᠦᠨᠵᠡᠭᠡᠶ ᠠᠬᠢᠭᠤᠯᠤᠨ᠎ᠠ᠃ ᠠᠭᠤᠯᠭ᠎ᠠ᠎ᠶ᠋ᠢ ᠨᠢᠭᠡ ᠴᠣᠭ᠍ᠴᠠᠵᠢᠭᠤᠯᠤᠨ ᠦᠢᠯᠡᠳᠪᠦᠷᠢᠯᠡᠬᠦ᠌᠎ᠶ᠋ᠢ ᠲᠦᠯᠬᠢᠨ ᠠᠬᠢᠭᠤᠯᠵᠤ᠂ ᠠᠭᠤᠯᠭ᠎ᠠ᠎ᠶᠢᠨ ᠱᠢᠨ᠎ᠡ ᠲᠥᠯᠥᠪᠯᠡᠭᠡ᠎ᠶᠢ ᠬᠡᠷᠡᠭᠵᠢᠭᠦᠯᠦᠨ᠎ᠡ᠃ ᠨᠢᠭᠡ ᠴᠣᠭ᠍ᠴᠠᠵᠢᠭ᠍ᠰᠠᠨ ᠳᠠᠮᠵᠢᠭᠤᠯᠭ᠎ᠠ᠎ᠶ᠋ᠢᠨ ᠲᠣᠭᠲᠠᠯᠴᠠᠭ᠎ᠠ᠎ᠶᠢ ᠪᠠᠢᠭᠤᠯᠵᠤ᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢ ᠠᠬᠢᠭᠤᠯᠤᠨ᠎ᠠ᠃ ᠮᠡᠷᠭᠡᠵᠢᠯ᠎ᠢ ᠨᠢᠭᠡ ᠴᠤᠭ᠍ᠴᠠᠵᠢᠭᠤᠯᠤᠨ ᠲᠤᠯᠭᠠᠭᠤᠷᠢᠯᠠᠬᠤ᠎ᠶ᠋ᠢ ᠠᠬᠢᠭᠤᠯᠵᠤ᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠳ᠋ᠢᠭᠢᠲᠴᠢᠯᠡᠭᠰᠡᠨ ᠤᠶᠤᠨᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠨ᠎ᠡ᠃ ᠨᠢᠭᠡ ᠴᠣᠭ᠍ᠴᠠᠵᠢᠭᠤᠯᠤᠭ᠍ᠰᠠᠨ ᠵᠣᠬᠢᠶᠠᠨ ᠪᠠᠢᠭᠤᠯᠤᠯᠲᠠ᠎ᠶ᠋ᠢᠨ ᠪᠦᠷᠢᠯᠳᠦᠴᠡ᠎ᠶ᠋ᠢ ᠪᠠᠢᠭᠤᠯᠵᠤ᠂ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ᠃ ᠭᠤᠷᠪᠠ᠎ᠳᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠭᠤᠯᠭ᠎ᠠ᠎ᠶ᠋ᠢᠨ ᠱᠢᠨ᠎ᠡ᠎ᠶ᠋ᠢ ᠡᠭᠦᠳᠬᠦ᠌ ᠪᠠ ᠤᠯᠠᠮᠵᠢᠯᠠᠨ ᠲᠠᠷᠬᠠᠭᠠᠬᠤ ᠢᠨᠵᠧᠨᠧᠷᠢᠩ᠎ᠢ ᠬᠡᠷᠡᠭ᠌ᠵᠢᠭᠦᠯᠦᠨ᠎ᠡ᠃ 《 ᠵᠦᠴᠦᠭᠡᠲᠦ ᠰᠠᠢᠬᠠᠨ ᠳᠤᠮᠳᠠᠳᠤ ᠤᠯᠤᠰ 》 ᠰᠣᠳᠣᠨ ᠪᠦᠲᠦᠭᠡᠯ ᠵᠣᠬᠢᠶᠠᠨ ᠪᠦᠲᠦᠭᠡᠬᠦ᠌ ᠲᠥᠯᠥᠪᠯᠡᠭᠡ᠂ ᠪᠠᠷᠢᠮᠲᠠᠲᠤ ᠺᠢᠨᠤ᠋᠎ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢᠨ ᠲᠥᠯᠥᠪᠯᠡᠭᠡ᠂ ᠺᠠᠷᠲ᠋ᠣᠨ ᠺᠢᠨᠤ᠋ ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠭ᠎ᠠ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠡᠯ᠎ᠡ ᠲᠥᠷᠥᠯ᠎ᠤᠨ ᠡᠯ᠎ᠡ ᠵᠦᠢᠯ᠎ᠤᠨ ᠰᠡᠳᠦᠪᠲᠦ ᠰᠣᠳᠣᠨ ᠪᠦᠲᠦᠭᠡᠯ ᠦᠷᠭᠦᠯᠵᠢᠯᠡᠨ ᠴᠣᠯᠭᠤᠷᠠᠨ ᠭᠠᠷᠬᠤ᠎ᠶ᠋ᠢ ᠠᠬᠢᠭᠤᠯᠤᠨ᠎ᠠ᠃ ᠶᠡᠭᠡ ᠳᠡᠯᠭᠡᠴᠡ ᠪᠠᠭ᠎ᠠ ᠳᠡᠯᠭᠡᠴᠡ᠎ᠪᠠᠷ ᠬᠠᠷᠢᠯᠴᠠᠨ ᠬᠦᠴᠦᠨ ᠨᠡᠮᠡᠷᠢᠯᠡᠵᠦ᠂ ᠤᠷᠳᠤ ᠣᠬᠤᠷ ᠸᠢᠳᠢᠣ᠋᠎ᠶ᠋ᠢ ᠬᠠᠷᠢᠯᠴᠠᠨ ᠬᠠᠮᠵᠢᠯᠴᠠᠬᠤ᠎ᠶ᠋ᠢ ᠠᠬᠢᠭᠤᠯᠵᠤ᠂ ᠠᠭᠤᠯᠭ᠎ᠠ᠎ᠶ᠋ᠢ ᠨᠡᠩ ᠥᠷᠭᠡᠨ ᠤᠯᠠᠮᠵᠢᠯᠠᠬᠤ ᠨᠡᠩ ᠰᠠᠢᠨ ᠦᠷ᠎ᠡ ᠪᠦᠲᠦᠮᠵᠢ ᠤᠯᠬᠤ᠎ᠶ᠋ᠢ ᠠᠬᠢᠭᠣᠯᠣᠨ᠎ᠠ᠃ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠨᠠᠩ ᠶᠡᠭᠡ ᠠᠮᠢᠵᠢᠷᠠᠯ᠎ᠤᠨ ᠬᠦᠴᠦᠨ᠎ᠲᠠᠢ ᠠᠭᠤᠯᠭ᠎ᠠ᠎ᠶ᠋ᠢᠨ ᠠᠮᠢ ᠠᠬᠤᠶ᠎ᠶ᠋ᠢ ᠪᠤᠢᠵᠢᠭᠤᠯᠤᠨ᠎ᠠ᠃ ᠲᠦᠷᠪᠡ᠎ᠳᠤ᠂ ᠰᠦᠯᠵᠢᠶᠡᠨ᠎ᠤ ᠦᠵᠡᠵᠦ᠍ ᠰᠣᠨᠣᠰᠭᠤ ᠴᠡᠴᠡᠭ᠌ᠯᠡᠯ ᠬᠥᠭ᠌ᠵᠢᠯ ᠪᠠ ᠵᠢᠷᠤᠮᠵᠢᠭ᠍ᠰᠠᠨ ᠬᠠᠮᠢᠶᠠᠷᠤᠯᠲᠠ᠎ᠶ᠋ᠢ ᠠᠬᠢᠭᠣᠯᠣᠨ᠎ᠠ᠃ ᠪᠢᠴᠢᠯ ᠣᠬᠤᠷ ᠵᠦᠴᠦᠭᠡ᠎ᠶ᠋ᠢᠨ ᠰᠣᠳᠣᠨ ᠪᠦᠲᠦᠭᠡᠯ᠎ᠤᠨ ᠬᠥᠭ᠌ᠵᠢᠯᠲᠡ᠎ᠶ᠋ᠢ ᠠᠬᠢᠭᠤᠯᠵᠤ᠂ ᠰᠦᠯᠵᠢᠶᠡᠨ᠎ᠤ ᠶᠡᠷᠦᠩᠬᠡᠢᠯᠡᠭ᠌ᠰᠡᠨ ᠤᠷᠠᠯᠢᠭ᠎ᠤᠨ ᠫᠷᠤᠭ᠌ᠷᠠᠮ᠎ᠤᠨ ᠪᠦᠬᠦ᠌ ᠬᠡᠯᠬᠢᠶᠡᠨ᠎ᠤ ᠪᠦᠬᠦ᠌ ᠦᠶᠡᠯᠡᠯ᠎ᠤᠨ ᠬᠠᠮᠢᠶᠠᠷᠤᠯᠲᠠ᠎ᠶ᠋ᠢ ᠴᠢᠩᠭᠠᠳᠭᠠᠵᠤ᠂ ᠰᠦᠯᠵᠢᠶᠡᠨ᠎ᠤ ᠱᠢᠭᠤᠳ ᠨᠡᠪᠲᠡᠷᠡᠭᠦᠯᠭᠡ᠎ᠶ᠋ᠢᠨ ᠫᠷᠤᠭ᠌ᠷᠠᠮ᠎ᠤᠨ ᠨᠠᠷᠢᠯᠢᠭ ᠣᠨᠣᠴᠠᠲᠠᠢ ᠱᠢᠨᠵᠢᠯᠡᠬᠦ᠌ ᠤᠬᠠᠭᠠᠨᠴᠢᠯᠠᠭ᠍ᠰᠠᠨ ᠬᠠᠮᠢᠶᠠᠷᠤᠯᠲᠠ᠎ᠶ᠋ᠢ ᠠᠬᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠱᠢᠨ᠎ᠡ ᠠᠵᠢᠯ ᠲᠥᠷᠥᠯ᠎ᠦᠨ ᠪᠠᠢ᠌ᠳᠠᠯ᠎ᠤᠨ ᠬᠥᠭ᠌ᠵᠢᠯᠲᠡ᠎ᠶ᠋ᠢ ᠠᠬᠢᠭᠤᠯᠵᠤ᠂ ᠰᠦᠯᠵᠢᠶᠡᠨ᠎ᠤ ᠦᠵᠡᠵᠦ᠍ ᠰᠣᠨᠣᠰᠭᠤ ᠠᠮᠢ ᠠᠬᠤᠢ᠎ᠶ᠋ᠢᠨ ᠵᠠᠰᠠᠯᠲᠠ᠎ᠶ᠋ᠢ ᠴᠢᠩᠭ᠋ᠠᠷᠠᠭᠣᠯᠣᠨ᠎ᠠ᠃ ᠲᠠᠪᠤ᠎ᠳᠤ᠂ ᠰᠢᠨ᠎ᠡ ᠬᠡᠯᠪᠡᠷᠢ᠎ᠶ᠋ᠢᠨ ᠷᠠᠳᠢᠣ᠋ ᠲᠧᠯᠸᠢᠰ᠎ᠤᠨ ᠰᠦᠯᠵᠢᠶᠡᠨ᠎ᠤ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ᠃ 《ᠰᠠᠭᠤᠷᠢ ᠪᠡᠯᠡᠳᠭᠡᠮᠵᠢ᠎ᠶ᠋ᠢᠨ ᠲᠣᠤᠷ 》᠂ 《 ᠠᠭᠤᠯᠭ᠎ᠠ᠎ᠶ᠋ᠢᠨ ᠦᠢᠯᠡᠴᠢᠯᠡᠭᠡᠨ᠎ᠦ ᠲᠣᠤᠷ》᠂ 《 ᠬᠢᠨᠠᠨ ᠬᠡᠮᠵᠢᠵᠦ᠍ ᠬᠢᠨᠠᠨ ᠬᠠᠮᠢᠶᠠᠷᠬᠤ ᠲᠣᠤᠷ 》᠎ᠤᠨ ᠪᠦᠲᠦᠭᠡᠨ ᠪᠠᠢᠭᠤᠯᠤᠯᠲᠠ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ ᠂ ᠷᠠᠳᠢᠣ᠋ ᠲᠧᠯᠸᠢᠰ᠎ᠦᠨ ᠲᠣᠤᠷ ᠰᠦᠯᠵᠢᠶ᠎ᠡ᠎ᠶ᠋ᠢᠨ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠳᠦ ᠱᠢᠨ᠎ᠡ᠎ᠶ᠋ᠢ ᠡᠭᠦᠳᠦᠯᠲᠡ᠂ ᠣᠯᠠᠨ ᠠᠷᠭ᠎ᠠ ᠵᠠᠮ ᠪᠦᠬᠦᠢ ᠲᠣᠤᠷ ᠰᠦᠯᠵᠢᠶ᠎ᠡ᠎ᠶ᠋ᠢᠨ ᠬᠠᠮᠵᠢᠯᠴᠠᠭ᠎ᠠ᠎ᠶ᠋ᠢ ᠨᠢᠭᠡᠳᠦᠯᠲᠡᠶ ᠲᠥᠯᠥᠪᠯᠡᠨ ᠪᠠᠢᠷᠢᠱᠢᠭᠤᠯᠤᠨ᠎ᠠ᠃ ᠵᠢᠷᠭᠤᠭ᠎ᠠ᠎ᠳᠤ᠂ ᠵᠣᠬᠢᠶᠠᠮᠠᠯ ᠣᠶᠤᠨᠴᠢ ᠱᠢᠨ᠎ᠡ᠎ᠶ᠋ᠢ ᠡᠭᠦᠳᠴᠦ᠍ ᠠᠭᠤᠰᠤᠯᠴᠠᠨ ᠬᠡᠷᠡᠭ᠌ᠯᠡᠬᠦ᠌᠎ᠶ᠋ᠢ ᠭᠦᠨᠵᠡᠭᠡᠢᠷᠡᠭᠦᠯᠦᠨ᠎ᠡ᠃ ᠴᠢᠨᠠᠷ ᠰᠠᠢᠲᠠᠶ ᠦᠵᠡᠵᠦ᠍ ᠰᠣᠨᠣᠰᠭᠤ ᠳ᠋ᠠᠢ᠌ᠲ᠋ᠠ᠎ᠶᠢᠨ ᠴᠣᠭᠯᠠᠷᠠᠯ ᠪᠠᠢᠭᠤᠯᠵᠤ᠂ ᠨᠡᠢᠲᠡᠯᠢᠭ ᠬᠡᠷᠡᠭ᠌ᠯᠡᠭᠡᠨ᠎ᠤ ᠲᠠᠯᠠᠪᠠᠶ᠎ᠶ᠋ᠢᠨ ᠱᠢᠨ᠎ᠡ᠎ᠶ᠋ᠢ ᠡᠭᠦᠳᠴᠦ᠍᠂ ᠡᠷᠡᠭᠦᠯ ᠵᠢᠷᠤᠮᠵᠢᠭ᠍ᠰᠠᠨ ᠬᠥᠭ᠌ᠵᠢᠯᠲᠡ᠎ᠶ᠋ᠢ ᠠᠬᠢᠭᠤᠯᠤᠨ᠎ᠠ᠃ ᠲᠤᠯᠤᠭ᠎ᠠ᠎ᠳᠤ᠂ ᠬᠡᠳᠦ ᠥᠨᠳᠥᠷ ᠳᠣᠲᠣᠷᠠᠴᠠᠲᠣ ᠬᠥᠭ᠌ᠵᠢᠯᠲᠡ᠎ᠶ᠋ᠢ ᠭᠦᠨᠵᠡᠭᠡᠢᠷᠡᠭᠦᠯᠵᠦ᠍᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠦᠢᠯᠡᠴᠢᠯᠡᠭᠡ ᠪᠠ ᠪᠡᠶᠡᠴᠢᠯᠡᠨ ᠣᠢᠯᠠᠭᠠᠬᠤ 《 ᠬᠤᠶᠠᠷ᠎ᠢ ᠳᠡᠭᠡᠭ᠌ᠰᠢᠯᠡᠭᠦᠯᠬᠦ᠌ 》 ᠢᠨᠵᠧᠨᠧᠷᠢᠩ᠎ᠢ ᠬᠡᠷᠡᠭ᠌ᠵᠢᠭᠦᠯᠦᠨ᠎ᠡ᠃ ᠬᠡᠳᠦ ᠥᠨᠳᠥᠷ ᠳᠣᠲᠣᠷᠠᠴᠠᠲᠣ ᠬᠥᠭ᠌ᠵᠢᠯᠲᠡ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠨᠢᠭᠡ ᠠᠯᠤᠰ ᠡᠵᠡᠮᠱᠢᠬᠦᠷ᠎ᠤᠨ 《 ᠨᠢᠭᠡ ᠳᠠᠷᠤᠪᠴᠢ᠎ᠪᠠᠷ ᠲᠧᠯᠸᠢᠰ ᠦᠵᠡᠬᠦ᠌ 》᠎ᠶ᠋ᠢ ᠲᠦᠷᠭᠡᠪᠴᠢᠯᠡᠨ ᠲᠦᠭᠡᠮᠡᠯᠵᠢᠭᠦᠯᠵᠦ᠍᠂ ᠲᠧᠯᠸᠢᠰ᠎ᠤᠨ ᠠᠵᠢᠯᠯᠠᠭᠠᠨ᠎ᠤ ᠣᠢᠯᠠᠭᠠᠯᠲᠠ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠡᠮ ᠡᠮᠨᠡᠯᠭᠡ᠎ᠶ᠋ᠢᠨ ᠬᠤᠳᠠᠯ ᠬᠠᠭᠤᠷᠮᠠᠭ ᠤᠬᠠᠭᠤᠯᠭ᠎ᠠ᠎ᠶ᠋ᠢᠨ ᠵᠠᠷ ᠮᠡᠳᠡᠭᠡ᠎ᠶ᠋ᠢ ᠪᠦᠬᠦ᠌ ᠲᠠᠯ᠎ᠠ᠎ᠪᠠᠷ ᠢᠯᠭ᠋ᠠᠷᠠᠭᠣᠯᠣᠨ᠎ᠠ᠃ 《 ᠬᠤᠣᠰ ᠵᠠᠰᠠᠯᠲᠠ 》 ᠎ᠶ᠋ᠢᠨ ᠦᠷ᠎ᠡ ᠪᠦᠲᠦᠭᠡᠯ᠎ᠤᠨ ᠠᠱᠢᠭ ᠬᠦᠷᠲᠡᠭᠡᠬᠦ᠌ ᠬᠡᠪᠴᠢᠶ᠎ᠡ᠎ᠶ᠋ᠢ ᠥᠷᠭᠡᠳᠭᠡᠵᠦ᠍᠂ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠪᠠᠲᠤᠯᠠᠭ᠎ᠠ᠎ᠶ᠋ᠢ ᠴᠢᠩᠭ᠋ᠠᠷᠠᠭᠣᠯᠣᠨ᠎ᠠ᠃ ᠨᠠᠢ᠍ᠮᠠ᠎ᠳᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠵᠠᠰᠠᠯᠲᠠ᠎ᠶ᠋ᠢᠨ ᠲᠣᠭᠲᠠᠯᠴᠠᠭ᠎ᠠ᠎ᠶᠢ ᠪᠦᠷᠢᠨᠱᠢᠭᠦᠯᠦᠨ᠎ᠡ᠃ ᠬᠠᠤᠯᠢ ᠲᠣᠭ᠍ᠲᠠᠭᠠᠯ ᠳᠦᠷᠢᠮ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠢᠨᠠᠨ ᠬᠡᠮᠵᠢᠵᠦ᠍ ᠬᠢᠨᠠᠨ ᠬᠠᠮᠢᠶᠠᠷᠬᠤ ᠴᠢᠳᠠᠪᠤᠷᠢ᠎ᠪᠠᠨ ᠲᠣᠭᠲᠠᠵᠢᠭᠣᠯᠣᠨ ᠳᠡᠭᠡᠭ᠌ᠰᠢᠯᠡᠭᠦᠯᠵᠦ᠍᠂ ᠠᠵᠢᠯ ᠲᠥᠷᠥᠯ᠎ᠤᠨ ᠲᠤᠭ᠎ᠠ ᠪᠦᠷᠢᠳᠭᠡᠯ᠎ᠤᠨ ᠲᠣᠭᠲᠠᠴᠠ᠎ᠶᠢ ᠪᠦᠷᠢᠨᠱᠢᠭᠦᠯᠵᠦ᠍᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭ᠋ᠠᠷᠠᠭᠣᠯᠵᠣ᠂ ᠵᠠᠰᠠᠯᠲᠠ᠎ᠶ᠋ᠢᠨ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ᠃ ᠶᠢᠰᠦ᠎ᠳᠤ᠂ ᠥᠨᠳᠥᠷ ᠬᠢᠷᠢ ᠲᠦᠪᠱᠢᠨ ᠪᠦᠬᠦᠢ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠲᠣᠭᠲᠠᠯᠴᠠᠭ᠎ᠠ᠎ᠶᠢ ᠪᠠᠢᠭᠤᠯᠤᠨ᠎ᠠ᠃ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠲᠦᠷᠢᠮ ᠲᠤᠨᠨᠳᠠᠴᠠ᠎ᠶ᠋ᠢ ᠲᠡᠭᠦᠯᠳᠡᠷᠵᠢᠬᠦᠯᠦᠨ᠎ᠠ᠃ ᠪᠠᠴᠢᠮ ᠪᠠᠢᠳᠠᠯ᠎ᠢ ᠠᠷᠭ᠋ᠠᠴᠠᠭ᠋ᠠᠬᠣ ᠷᠠᠳᠢᠣ᠋ ᠨᠡᠪᠲᠡᠷᠡᠭᠦᠯᠭᠡ᠎ᠶ᠋ᠢᠨ ᠲᠣᠭᠲᠠᠯᠴᠠᠭ᠎ᠠ᠎ᠶᠢ ᠲᠡᠭᠦᠯᠳᠡᠷᠵᠢᠭᠦᠯᠦᠨ᠎ᠡ᠃ ᠠᠷᠪᠠ᠎ᠳᠤ᠂ ᠳᠤᠮᠳᠠᠳᠤ ᠤᠯᠤᠰ᠎ᠤᠨ ᠦᠵᠡᠵᠦ᠍ ᠰᠣᠨᠣᠰᠭᠤ ᠳᠠᠯᠠᠢ᠎ᠳᠤ ᠭᠠᠷᠬᠣ ᠲᠥᠯᠥᠪᠯᠡᠭᠡ᠎ᠶ᠋ᠢ ᠬᠡᠷᠡᠭ᠌ᠵᠢᠭᠦᠯᠵᠦ᠍᠂ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ᠎ᠤᠨ ᠳᠠᠭᠤᠨ᠎ᠢ ᠰᠠᠢᠲᠤᠷ ᠳᠠᠮᠵᠢᠭᠤᠯᠤᠨ᠎ᠠ᠃

ᠬᠤᠷᠠᠯ᠎ᠠᠴᠠ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠠᠵᠢᠯ᠎ᠳᠠᠬᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠨᠠᠮ᠎ᠤᠨ ᠪᠠᠢᠭᠤᠯᠤᠯᠲᠠ᠎ᠶ᠋ᠢ ᠠᠳᠭᠤᠬᠤ᠂ ᠡᠩᠨᠡᠭᠡ᠎ᠶ᠋ᠢ ᠴᠢᠩᠭᠠᠳᠭᠠᠬᠤ᠂ ᠰᠤᠷᠲᠠᠯ᠎ᠢ ᠰᠠᠢᠵᠢᠷᠠᠭᠤᠯᠬᠤ᠎ᠶ᠋ᠢ ᠴᠥᠬᠦᠷᠡᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠭᠠᠬᠤ ᠰᠠᠢᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃ ᠤᠯᠤᠰ ᠲᠦᠷᠦ᠍᠎ᠶ᠋ᠢᠨ ᠡᠭᠦᠷᠭᠡᠯᠡᠯ᠎ᠢᠶᠠᠨ ᠴᠢᠩᠭ᠋ᠠᠷᠠᠭᠣᠯᠵᠣ᠂ ᠤᠬᠠᠮᠰᠠᠷ᠎ᠠᠴᠠ᠎ᠪᠠᠨ ᠠᠵᠢᠯ᠎ᠢᠶᠠᠨ ᠨᠠᠮ ᠪᠠ ᠤᠯᠤᠰ᠎ᠤᠨ ᠶᠡᠭᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠡᠵᠡᠮᠳᠡᠵᠦ᠍᠂ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《 ᠬᠤᠶᠠᠷ᠎ᠢ ᠬᠠᠮᠠᠭᠠᠯᠠᠬᠤ 》᠎ᠶ᠋ᠢ ᠦᠢᠯᠡᠳᠦᠯᠭᠡᠵᠢᠭᠦᠯᠦᠨ᠎ᠡ᠃ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠠᠩᠬᠠᠷᠤᠯ᠎ᠢᠶᠠᠨ ᠲᠥᠪᠯᠡᠷᠡᠭᠦᠯᠬᠦ᠌ ᠴᠢᠳᠠᠪᠤᠷᠢ᠂ ᠪᠣᠭᠤᠮᠲᠠ ᠱᠢᠪᠲᠤᠯᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠵᠥᠪ ᠣᠨᠣᠪᠴᠢᠲᠠᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠦᠨ᠎ᠡ᠃ ᠪᠦᠬᠦ᠌ ᠠᠵᠢᠯ ᠲᠦᠷᠦᠯ᠎ᠢᠶᠠᠷ᠎ᠢᠶᠠᠨ ᠨᠢᠭᠡ ᠬᠥᠯᠭᠡ ᠱᠢᠳᠠᠷ᠎ᠠ ᠮᠡᠲᠦ ᠪᠠᠢᠬᠤ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠰᠠᠯᠠᠭ᠎ᠠ ᠮᠥᠴᠢᠷ ᠠᠯᠤᠰᠯᠠᠭ᠍ᠰᠠᠨ ᠠᠵᠢᠯ ᠲᠦᠷᠦᠯ ᠠᠯᠤᠰᠯᠠᠭ᠍ᠰᠠᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠬᠥᠭ᠌ᠵᠢᠯᠲᠡ᠎ᠶ᠋ᠢᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠣᠢᠷ᠎ᠠ᠎ᠳᠤ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠤᠳᠤᠷᠢᠳᠭᠤ ᠪᠠᠭ᠎ᠠᠴᠠ ᠤᠬᠤᠷᠢᠨ ᠭᠠᠷᠤᠭ᠍ᠰᠠᠨ ᠠᠬᠠᠮᠠᠳ ᠤᠳᠤᠷᠢᠳᠤᠯᠭ᠎ᠠ᠂ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠲᠥᠪ᠎ᠤᠨ ᠤᠬᠠᠭᠤᠯᠬᠤ ᠬᠡᠯᠲᠡᠰ᠎ᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠲᠥᠪ᠎ᠤᠨ ᠵᠣᠬᠢᠶᠠᠨ ᠪᠠᠢᠭᠤᠯᠬᠤ ᠬᠡᠯᠲᠡᠰ᠂ ᠲᠥᠪ᠎ᠤᠨ ᠣᠷᠣᠨ ᠲᠤᠭ᠎ᠠ᠎ᠶ᠋ᠢᠨ ᠠᠯᠪᠠᠨ ᠬᠡᠷ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠤᠨ ᠵᠠᠰᠠᠭ᠎ᠤᠨ ᠬᠡᠯᠲᠡᠰ᠂ ᠬᠢᠨᠠᠨ ᠪᠤᠳᠤᠬᠤ ᠵᠠᠬᠢᠷᠭ᠎ᠠ ᠵᠡᠷᠭᠡ ᠬᠤᠯᠪᠣᠭ᠍ᠳᠠᠯ ᠪᠥᠬᠦᠶ ᠰᠠᠯᠠᠭ᠎ᠠ ᠮᠥᠴᠢᠷ᠎ᠤᠨ ᠤᠳᠤᠷᠢᠳᠤᠯᠭ᠎ᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠰᠠᠯᠠᠭ᠎ᠠ ᠮᠥᠴᠢᠷ ᠪᠠ ᠱᠢᠭᠤᠳ ᠬᠠᠷᠢᠶ᠎ᠠ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠳᠤᠮᠳᠠᠳᠤ ᠤᠯᠤᠰ᠎ᠤᠨ ᠰᠤᠷᠭᠠᠨ ᠬᠥᠮᠦᠵᠢᠯ᠎ᠤᠨ ᠲᠧᠯᠸᠢᠰ ᠬᠤᠷᠢᠶ᠎ᠠ᠂ ᠺᠢᠨᠣ᠋᠎ᠶ᠋ᠢᠨ ᠰᠤᠪᠠᠭ᠎ᠤᠨ ᠫᠷᠤᠭ᠌ᠷᠠᠮ᠎ᠤᠨ ᠲᠥᠪ᠎ᠤᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ( ᠣᠷᠣᠨ᠂ ᠬᠤᠲᠠ ) ᠵᠢᠴᠢ ᠱᠢᠨᠵᠢᠶᠠᠩ᠎ᠤᠨ ᠦᠢᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠷᠠᠳᠢᠣ᠋ ᠲᠧᠯᠸᠢᠰ ᠬᠤᠷᠢᠶ᠎ᠠ᠂ ᠷᠠᠳᠢᠣ᠋ ᠲᠧᠯᠸᠢᠰ ᠰᠦᠯᠵᠢᠶᠡᠨ᠎ᠤ ᠺᠣᠮᠫᠠᠨᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ᠎ᠳᠤ ᠣᠷᠣᠯᠴᠠᠵᠠᠶ᠃

ᠢᠷᠡᠯᠲᠡ᠄ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶᠢᠨ ᠣᠯᠠᠨ ᠨᠡᠢᠲᠡ᠎ᠶᠢᠨ ᠸᠢᠴᠠᠲ ᠲᠠᠪᠴᠠᠩ