1 ᠳ᠋ᠦ᠍ᠭᠡᠷ ᠰᠠᠷ᠎ᠠ᠎ᠶ᠋ᠢᠨ 10᠎ᠤ ᠡᠳᠦᠷ᠎ᠤᠨ ᠤᠷᠤᠢ᠂ ᠤᠯᠤᠰ᠎ᠤᠨ ᠶᠡᠭᠡ ᠲᠢᠶᠠᠲᠷ᠎ᠤᠨ ᠲᠠᠭᠤᠤ ᠬᠦᠭ᠌ᠵᠢᠮ᠎ᠤᠨ ᠲᠢᠩᠭᠢᠮ ᠭᠡᠷᠡᠯ ᠭᠢᠯᠪᠠᠭ᠎ᠠ ᠰᠠᠴᠣᠷᠠᠵᠣ᠂ ᠰᠠᠭᠣᠬᠣ᠎ᠳᠤ ᠬᠣᠭᠣᠰᠣᠨ ᠰᠠᠭᠤᠳᠠᠯᠪᠠᠢ᠌ᠬᠤ ᠦᠭᠡᠢ᠂ ᠳᠤᠮᠳᠠᠳᠤ ᠤᠯᠤᠰ᠎ᠤᠨ ᠷᠠᠳᠢᠣ᠋ ᠤᠷᠠᠯᠢᠭ᠎ᠤᠨ ᠪᠦᠯᠬᠦᠮ᠎ᠤᠨ᠎ᠬᠢᠨ ᠨᠠᠷᠢᠨ ᠨᠢᠮᠪᠠᠢ ᠤᠬᠠᠭᠠᠯᠠᠨ ᠪᠦᠲᠦᠭᠡᠭ᠌ᠰᠡᠨ 《 ᠴᠠᠭᠠᠨ ᠰᠠᠷ᠎ᠠ᠎ᠶ᠋ᠢᠨ ᠪᠠᠶᠠᠷ᠎ᠤᠨ ᠦᠳᠡᠱᠢᠯᠡᠭᠡ 》 ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠦᠨᠳᠦᠰᠦᠲᠡᠨ᠎ᠤ ᠬᠦᠭ᠌ᠵᠢᠮ᠎ᠤᠨ ᠪᠦᠯᠬᠦᠮ᠎ᠤᠨ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ ᠦᠪᠡᠳᠡᠭ᠌ᠰᠢ ᠶᠡᠭᠡ᠎ᠪᠠᠷ ᠶᠠᠪᠤᠭ᠍ᠳᠠᠵᠤ᠂ 《 ᠠᠷᠪᠠᠨ ᠲᠠᠪᠤᠳᠤᠭᠠᠷ ᠲᠠᠪᠤᠨ ᠵᠢᠯ 》᠎ᠦᠨ ᠲᠥᠯᠥᠪᠵᠢᠭᠦᠯᠭᠡ᠎ᠶᠢᠨ ᠡᠬᠢᠯᠡᠯᠲᠡ᠎ᠶ᠋ᠢᠨ ᠵᠢᠯ᠎ᠳᠤ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠴᠢᠨᠠᠷ ᠰᠠᠢᠲᠠᠢ ᠬᠥᠭ᠌ᠵᠢᠯᠲᠡ᠎ᠶ᠋ᠢᠨ ᠴᠠᠭᠠᠨ ᠰᠠᠷ᠎ᠠ᠎ᠶ᠋ᠢᠨ ᠡᠬᠢᠯᠡᠯᠲᠡ᠎ᠶ᠋ᠢᠨ ᠠᠶᠠᠰ᠎ᠢ ᠬᠠᠩᠭᠢᠨᠠᠭᠤᠯᠪᠠ᠃
ᠳᠠᠭᠤᠤ ᠬᠥᠭ᠌ᠵᠢᠮ᠎ᠤᠨ ᠲᠣᠭᠯᠠᠯᠲᠠ ᠨᠢ 《 ᠴᠠᠭᠠᠨ ᠰᠠᠷ᠎ᠠ᠎ᠶᠢᠨ ᠡᠬᠢᠯᠡᠯᠲᠡ 》᠎ᠶᠢᠨ ᠪᠠᠶᠠᠷ ᠬᠥᠷᠲᠡᠢ ᠬᠥᠭ ᠠᠶᠠᠰ ᠳᠤᠮᠳᠠ ᠡᠬᠢᠯᠡᠵᠦ᠍ ᠂ ᠲᠠᠨᠢᠯ ᠳᠠᠰᠤᠯ ᠳᠠᠭᠤᠨᠤ᠋ ᠲᠡᠮᠳᠡᠭ ᠣᠯᠠᠨ ᠲᠦᠮᠡᠨ᠎ᠦ᠌ ᠴᠠᠭᠠᠨ ᠰᠠᠷ᠎ᠠ᠎ᠶᠢᠨ ᠳᠤᠷᠠᠰᠭᠠᠯᠢ᠋ ᠰᠡᠷᠭᠦᠭᠡᠪᠡ᠃ ᠲᠣᠰ ᠬᠤᠭᠤᠴᠠᠭᠠᠨ᠎ᠤ ᠲᠣᠭ᠍ᠯᠠᠯᠲᠠ᠎ᠶ᠋ᠢ ᠦᠷᠭᠦᠯᠵᠢᠯᠡᠭᠦᠯᠬᠦ᠌᠎ᠶ᠋ᠢᠨ ᠬᠠᠮᠲᠤ 《 ᠰᠣᠩᠭᠤᠳᠠᠭ ᠪᠦᠲᠦᠭᠡᠯ᠎ᠳᠦ ᠶᠣᠰᠣᠷᠬᠠᠵᠣ ᠴᠠᠭ ᠦᠶ᠎ᠡ᠎ᠶ᠋ᠢ ᠮᠠᠭ᠍ᠲᠠᠨ ᠳᠠᠭᠤᠯᠠᠶ᠎ᠠ 》 ᠭᠡᠬᠦ᠌ ᠭᠤᠤᠯ ᠵᠣᠷᠢᠯᠲᠠ᠎ᠶ᠋ᠢ ᠭᠦᠨᠵᠡᠭᠡᠢᠷᠡᠭᠦᠯᠵᠦ᠍᠂ ᠠᠶ᠎ᠠ ᠨᠠᠢᠷᠠᠭᠤᠯᠤᠯᠲᠠᠨᠢ ᠱᠢᠨ᠎ᠡ ᠴᠠᠭ ᠦᠶ᠎ᠡ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ 《 ᠰᠣᠩᠭᠤᠳᠠᠭ ᠣᠯᠠᠮᠵᠢᠯᠠᠯ + ᠣᠳᠣ ᠦᠶ᠎ᠡ᠎ᠶᠢᠨ ᠰᠢᠨ᠎ᠡ ᠡᠭᠦᠳᠦᠯᠲᠡ 》᠎ᠶᠢᠨ ᠳᠠᠪᠬᠤᠷ ᠪᠦᠲᠦᠴᠡ᠎ᠶ᠋ᠢ ᠪᠠᠢᠭᠤᠯᠵᠠᠶ; ᠨᠢᠭᠡ ᠲᠠᠯ᠎ᠠ᠎ᠪᠠᠷ 《 ᠶᠣᠣ ᠦᠨᠳᠦᠰᠦᠲᠡᠨ᠎ᠤ ᠪᠥᠵᠢᠭ᠎ᠤᠨ ᠠᠶ᠎ᠠ 》 ᠵᠡᠷᠭᠡ ᠠᠢᠯ ᠡᠷᠦᠬᠡ ᠪᠣᠯᠭᠠᠨ᠎ᠳᠤ ᠮᠡᠳᠡᠬᠦ᠌ ᠠᠷᠠᠳ᠎ᠤᠨ ᠬᠥᠭ᠌ᠵᠢᠮ᠎ᠤᠨ ᠰᠣᠩᠭᠤᠳᠠᠭ ᠪᠦᠲᠦᠭᠡᠯ᠎ᠢ ᠰᠣᠩᠭᠤᠵᠤ᠂ ᠫᠧᠩ ᠱᠢᠤ ᠸᠧᠨ ᠵᠡᠷᠭᠡ ᠤᠷᠠᠯᠢᠭ᠎ᠤᠨ ᠶᠡᠭᠡ ᠪᠠᠭ᠍ᠰᠢ᠎ᠶ᠋ᠢᠨ ᠵᠣᠬᠢᠶᠠᠨ ᠪᠦᠲᠦᠭᠡᠭ᠌ᠰᠡᠨ ᠭᠤᠣᠯ ᠴᠢᠮᠥᠭᠡ᠎ᠶ᠋ᠢ ᠤᠯᠠᠮᠵᠢᠯᠠᠵᠤ᠂ ᠥᠷᠭᠡᠨ ᠳᠡᠯᠭᠡᠷ ᠰᠣᠶᠣᠯ᠎ᠤᠨ ᠬᠠᠮᠲᠤ᠎ᠶ᠋ᠢᠨ ᠴᠤᠤᠷᠢᠶᠠᠲᠤᠯ᠎ᠢ ᠬᠥᠭ᠌ᠵᠢᠭᠡᠪᠡ; ᠨᠥᠭᠦᠭᠡ ᠲᠠᠯ᠎ᠠ᠎ᠪᠠᠷ 《 ᠲᠣᠷᠭᠠᠨ ᠵᠠᠮ 》᠂ 《 ᠤᠯᠤᠰ᠎ᠤᠨ ᠬᠡᠪ ᠰᠤᠷᠲᠠᠯ 》 ᠵᠡᠷᠭᠡ ᠣᠲᠣ ᠦᠶ᠎ᠡ᠎ᠶ᠋ᠢᠨ ᠬᠦᠴᠦᠨ᠎ᠤ ᠪᠦᠲᠦᠭᠡᠯ᠎ᠳᠤ ᠣᠷᠣᠭᠤᠯᠵᠤ᠂ ᠳᠤᠮᠳᠠᠳᠤ᠎ᠶ᠋ᠢᠨ ᠰᠣᠶᠣᠯ᠎ᠤᠨ ᠣᠯᠠᠨ ᠡᠱᠢᠲᠦ ᠨᠢᠭᠡ ᠴᠣᠭ᠍ᠴᠠᠵᠢᠭ᠍ᠰᠠᠨ ᠣᠨᠴᠠ ᠴᠢᠨᠠᠷ ᠬᠢᠭᠡᠳ ᠴᠠᠭ ᠦᠶ᠎ᠡ᠎ᠶ᠋ᠢᠨ ᠠᠮᠢᠵᠢᠷᠠᠯ᠎ᠤᠨ ᠬᠦᠴᠦᠨ᠎ᠢ ᠬᠠᠷᠠᠭᠤᠯᠵᠤ᠂ ᠦᠨᠳᠦᠰᠦᠲᠡᠨ᠎ᠤ ᠦᠯᠢᠶᠡᠪᠦᠷᠢ ᠴᠢᠪᠬᠠᠳᠠᠰᠣᠨ ᠬᠥᠭ᠌ᠵᠢᠮ 《 ᠮᠣᠷᠢᠨ ᠤᠷᠤᠯᠳᠤᠭᠠᠨ 》 ᠵᠡᠷᠭᠡ ᠪᠦᠲᠦᠭᠡᠯ᠎ᠨᠢ ᠠᠷᠠᠳ᠎ᠤᠨ ᠵᠠᠩ ᠵᠠᠩᠱᠢᠯ ᠪᠠ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠨᠠᠩ ᠢᠯᠡᠭᠦᠤ ᠠᠭᠤᠰᠤᠯᠴᠠᠭᠤᠯᠵᠤ᠂ ᠴᠠᠭᠠᠨ ᠰᠠᠷ᠎ᠠ᠎ᠶ᠋ᠢᠨ ᠵᠥᠩᠨᠡᠯ ᠪᠣᠯᠣᠨ ᠰᠣᠶᠣᠯ᠎ᠤᠨ ᠢᠲᠡᠭᠡᠯ᠎ᠢ ᠨᠠᠩ ᠢᠯᠡᠭᠦᠤ ᠨᠥᠯᠥᠭᠡᠯᠡᠬᠦ᠌ ᠬᠦᠴᠦᠨ᠎ᠲᠠᠢ ᠪᠣᠯᠭᠠᠪᠠ᠃
ᠳᠠᠭᠤᠤ ᠬᠥᠭ᠌ᠵᠢᠮ᠎ᠤᠨ ᠲᠣᠭ᠍ᠯᠠᠯᠲᠠ᠎ᠨᠢ ᠠᠯᠳᠠᠷᠲᠤ ᠵᠢᠯᠣᠭᠤᠳᠣᠭ᠍ᠴᠢ ᠵᠠᠩ ᠯᠢᠶᠧ ᠳᠣᠬᠢᠭᠣᠷ ᠠᠳᠬᠣᠵᠣ᠂ ᠵᠢᠶᠠᠩ ᠺᠧ ᠮᠧᠶ᠂ ᠼᠦᠢ ᠵᠢᠶᠦ᠋ᠨ ᠮᠢᠶᠣᠣ ᠵᠡᠷᠭᠡ ᠨᠠᠷᠠᠲᠤ ᠬᠥᠮᠦᠰ᠎ᠢ ᠴᠤᠭ᠍ᠯᠠᠷᠠᠭᠤᠯᠵᠤ᠂ 《 ᠦᠯᠢᠶᠡᠪᠤᠷᠢ ᠴᠢᠪᠬᠠᠳᠠᠰᠣ ᠬᠥᠭ᠌ᠵᠢᠮ᠎ᠤᠨ ᠰᠦᠷ ᠳᠠᠯᠠᠢᠴᠠᠲᠠᠶ ᠨᠠᠢᠷᠠᠯ + ᠬᠦᠭᠵᠢᠮᠳᠡᠭᠦᠷ᠎ᠦᠨ ᠭᠣᠴᠣᠯᠠᠨ ᠬᠦᠭᠵᠢᠮᠳᠡᠬᠦ ᠠᠮᠢᠳᠣ ᠳᠦᠷᠰᠦᠯᠢᠭ ᠳᠡᠯᠭᠡᠷᠡᠭᠦᠯᠦᠯ 》᠎ᠦᠨ ᠣᠯᠠᠨ ᠡᠱᠢᠲᠦ ᠢᠯᠡᠷᠡᠭᠦᠯᠦᠯᠲᠡ᠎ᠶ᠋ᠢᠨ ᠪᠠᠢᠷᠢᠱᠢᠯ᠎ᠢ ᠪᠣᠶ ᠪᠣᠯᠭᠠᠪᠠ᠃ 《 ᠠᠷᠠᠳ᠎ᠤ᠋ᠨ ᠬᠡᠪ ᠰᠤᠷᠲᠠᠯ ᠳᠤᠭᠤᠢᠯᠠᠩ᠎ᠤ᠋ᠨ ᠠᠶ᠎ᠠ 》 ᠨᠢ ᠵᠡᠭᠦᠨ ᠬᠣᠢᠲᠤ᠎ᠶᠢᠨ ᠵᠢᠭᠠᠰᠤᠴᠢᠨᠤ᠋ ᠳᠠᠭᠤᠤ ᠂ ᠪᠠᠷᠠᠭᠤᠨ ᠬᠣᠢᠲᠤ᠎ᠶᠢᠨ ᠬᠠᠷ᠎ᠠ ᠵᠢᠷᠣᠭ᠎ᠠ ᠮᠣᠷᠢ ᠵᠡᠷᠭᠡ ᠣᠷᠣᠨ ᠪᠦᠰᠡ᠎ᠶᠢᠨ ᠡᠯᠧᠮᠧᠨ᠋ᠲᠢ᠋ ᠨᠡᠢᠯᠡᠭᠦᠯᠵᠦ᠍ ᠂ 《 ᠤᠯᠤᠰ᠎ᠤ᠋ᠨ ᠬᠡᠪ ᠰᠤᠷᠲᠠᠯ 》 ᠨᠢ ᠡᠷᠲᠡᠨ᠎ᠦ᠌ ᠬᠥᠭ᠌ᠵᠢᠮ 《 ᠲᠡᠷᠢᠭᠦᠯᠡᠭ᠌ᠴᠢ ᠴᠡᠴᠡᠭᠦ᠋ᠨ ᠰᠠᠨ ᠨᠣᠩ 》᠎ᠢᠶᠠᠷ ᠭᠣᠣᠯ ᠰᠡᠳᠦᠪ ᠪᠣᠯᠭᠠᠨ ᠬᠤᠪᠢᠷᠠᠭᠤᠯᠵᠤ ᠂ ᠤᠯᠠᠮᠵᠢᠯᠠᠯᠲᠤ ᠰᠡᠳᠦᠪᠲᠦ ᠪᠦᠲᠦᠭᠡᠯᠴᠢ ᠴᠢᠨᠠᠷᠲᠠᠢ ᠬᠤᠪᠢᠷᠠᠯᠲᠠ᠎ᠶᠢ ᠪᠡᠶᠡᠯᠡᠭᠦᠯᠪᠡ᠃ ᠼᠦᠢ ᠵᠢᠶᠦ᠋ᠨ ᠮᠢᠶᠣᠣ᠎ᠶ᠋ᠢᠨ ᠬᠥᠭ᠌ᠵᠢᠮᠳᠡᠭ᠌ᠰᠡᠨ ᠯᠢᠦᠴᠢᠨ ᠬᠦᠭᠵᠢᠮ ᠪᠣᠯᠤᠨ ᠬᠥᠭ᠌ᠵᠢᠮ᠎ᠤᠨ ᠠᠩᠭᠢ᠎ᠶ᠋ᠢᠨ 《 ᠪᠣᠷᠣᠭᠠᠨ᠎ᠤ ᠳᠠᠷᠠᠭᠠᠬᠢ ᠬᠦᠷᠢᠶ᠎ᠡ ᠬᠠᠱᠢᠶ᠎ᠠ 》 ᠨᠢ ᠱᠢᠨ᠎ᠡ ᠬᠡᠭᠡᠨᠴᠢᠷ ᠬᠤᠭᠤᠷ᠎ᠤᠨ ᠠᠶᠠᠰ᠎ᠢᠶᠠᠷ ᠵᠣᠨ᠎ᠤ ᠡᠳᠦᠷ᠎ᠤᠨ ᠪᠣᠷᠣᠭᠠᠨ᠎ᠤ ᠳᠠᠷᠠᠭᠠᠬᠢ ᠭᠤᠶᠤ ᠦᠵᠡᠮᠵᠢ ᠪᠠ ᠥᠪᠡᠷᠮᠢᠴᠡ ᠠᠬᠤᠶ ᠪᠠᠢᠳᠠᠯ᠎ᠢ ᠪᠣᠶ ᠪᠣᠯᠭᠠᠵᠤ᠂ ᠵᠢᠶᠠᠩ ᠺᠧ ᠮᠧᠶ᠎ᠶ᠋ᠢᠨ ᠠᠪᠴᠢᠷᠠᠭ᠍ᠰᠠᠨ ᠬᠠᠪᠳᠠᠰᠤᠨ ᠬᠤᠭᠤᠷ ᠪᠣᠯᠤᠨ ᠬᠥᠭ᠌ᠵᠢᠮ᠎ᠤᠨ ᠠᠩᠭᠢ᠎ᠶ᠋ᠢᠨ 《 ᠬᠤᠪᠢᠰᠭᠠᠯᠲᠤ ᠣᠷᠠᠯᠠᠨ ᠰᠡᠳᠭᠢᠬᠦ 》 ᠨᠢ ᠥᠨᠳᠥᠷ ᠲᠠᠭᠤᠨ᠎ᠤ ᠬᠠᠪᠲᠠᠰᠤᠯᠢᠭ ᠲᠠᠭᠤᠨ᠎ᠤ ᠥᠩᠭᠡ᠎ᠪᠠᠷ ᠲᠣᠭ᠍ᠯᠠᠯᠲᠠ᠎ᠪᠠᠷ ᠳᠠᠮᠵᠢᠭᠤᠯᠤᠨ᠂ ᠱᠠᠨᠪᠸᠢ᠎ᠶ᠋ᠢᠨ ᠭᠠᠵᠠᠷ ᠣᠷᠣᠨ᠎ᠤ ᠣᠷᠭᠢᠯᠤᠮ᠎ᠠ ᠬᠠᠯᠠᠭᠤᠨ ᠰᠡᠳᠭᠢᠯᠭᠡ᠎ᠲᠠᠢ᠂ ᠰᠢᠷ᠎ᠠ ᠰᠢᠷᠣᠢ᠎ᠶ᠋ᠢᠨ ᠰᠣᠶᠣᠯ᠎ᠤᠨ ᠣᠨᠴᠠᠯᠢᠭ᠎ᠲᠠᠢ ᠳᠠᠭᠤᠤ ᠬᠥᠭ᠌ᠵᠢᠮ᠎ᠤᠨ ᠦᠭᠡ ᠬᠡᠯᠡ᠎ᠲᠠᠢ ᠤᠶᠠᠯᠳᠤᠭᠤᠯᠤᠨ᠂ ᠬᠤᠪᠢᠰᠭᠠᠯ᠎ᠤᠨ ᠦᠶ᠎ᠡ᠎ᠶ᠋ᠢᠨ ᠬᠦᠰᠡᠯ ᠡᠷᠡᠮᠡᠯᠵᠡᠯ ᠪᠠ ᠬᠦᠨᠳᠦᠳᠭᠡᠯ᠎ᠢᠶᠠᠨ ᠢᠯᠡᠳᠭᠡᠪᠡ᠃ ᠣᠯᠠᠨ ᠵᠦᠢᠯ᠎ᠦ᠋ᠨ ᠦᠨᠳᠦᠰᠦᠲᠡᠨ᠎ᠦ᠌ ᠬᠥᠭ᠌ᠵᠢᠮ ᠪᠣᠯᠤᠨ ᠴᠢᠪᠬᠠᠳᠠᠰᠤᠲᠤ ᠬᠥᠭ᠌ᠵᠢᠮ ᠮᠥᠷᠭᠥᠯᠳᠦᠵᠦ᠍ ᠂ ᠦᠨᠳᠦᠰᠦᠲᠡᠨ᠎ᠦ᠌ ᠬᠥᠭ᠌ᠵᠢᠮᠦ᠋ᠨ ᠪᠠᠭᠠᠵᠢ᠎ᠶᠢᠨ ᠥᠪᠡᠷᠮᠢᠴᠡ ᠴᠣᠭ ᠵᠢᠪᠬᠤᠭ᠎ᠠ᠎ᠶᠢ ᠬᠥᠭ᠌ᠵᠢᠮᠦ᠋ᠨ ᠪᠦᠯᠬᠦᠮᠦ᠋ᠨ ᠪᠦᠬᠦᠯᠢ ᠴᠣᠭ᠍ᠴᠠ᠎ᠶᠢᠨ ᠵᠠᠩ ᠬᠦᠴᠦᠨ᠎ᠲᠡᠢ ᠬᠠᠷᠢᠯᠴᠠᠨ ᠬᠠᠪᠰᠣᠷᠣᠯᠴᠠᠪᠠ ᠃
ᠳᠠᠭᠤᠤ ᠬᠥᠭ᠌ᠵᠢᠮ᠎ᠤᠨ ᠲᠣᠭᠯᠠᠯᠲᠠ᠎ᠶ᠋ᠢᠨ ᠬᠠᠮᠤᠭ ᠰᠡᠭᠦᠯᠴᠢ᠎ᠶ᠋ᠢᠨ ᠪᠦᠲᠦᠭᠡᠯ᠎ᠤᠨ ᠲᠣᠭ᠍ᠯᠠᠯᠲᠠ ᠳᠠᠭᠤᠰᠴᠤ᠌᠂ ᠦᠵᠡᠭ᠌ᠴᠢᠳ᠎ᠤᠨ ᠲᠠᠰᠤᠷᠠᠯᠲᠠ ᠦᠭᠡᠢ ᠪᠠᠶᠠᠷᠯᠠᠨ ᠬᠠᠰᠭᠢᠷᠬᠤ ᠳᠤᠮᠳᠠ᠂ ᠬᠥᠭ᠌ᠵᠢᠮ᠎ᠤᠨ ᠪᠦᠯᠬᠦᠮ᠎ᠢ ᠵᠢᠯᠣᠭᠤᠳᠤᠨ ᠤᠯᠠᠨ ᠤᠳᠠᠭ᠎ᠠ ᠲᠠᠯᠠᠷᠬᠠᠬᠤ᠎ᠶ᠋ᠢᠨ ᠬᠠᠮᠲᠤ 《 ᠠᠯᠬᠤᠮ ᠠᠯᠬᠣᠮ᠎ᠢᠶᠠᠷ ᠳᠡᠭᠡᠭᠰᠢᠯᠡᠬᠦ 》᠂ 《 ᠠᠵᠢᠨᠠᠶ ᠮᠣᠷᠢᠨ᠎ᠤ ᠲᠦᠪᠡᠷᠭᠡᠨ》᠂ 《 ᠲᠡᠷᠭᠡᠯ ᠰᠠᠷᠠᠨ ᠳᠡᠭᠳᠡᠵᠦ ᠲᠥᠮᠡᠨ ᠴᠡᠴᠡᠭ ᠮᠦᠰᠢᠶᠡᠬᠦ 》 ᠭᠡᠬᠦ᠌ ᠲᠠᠯᠠᠪᠤᠷ᠎ᠲᠤ ᠪᠣᠴᠠᠬᠣ ᠭᠤᠷᠪᠠᠨ ᠬᠦᠭᠵᠢᠮ᠎ᠶᠢ ᠵᠠᠯᠭᠠᠭ᠎ᠠ᠎ᠪᠠᠷ ᠬᠥᠭ᠌ᠵᠢᠮᠳᠡᠪᠡ᠃ ᠪᠠᠶᠠᠷ ᠪᠠᠶᠠᠰᠭᠤᠯᠠᠩᠲᠤ ᠬᠥᠭ ᠠᠶᠠᠰ᠂ ᠪᠠᠶᠠᠷ ᠳᠤᠷᠠᠰᠭᠠᠯ᠎ᠤᠨ ᠬᠥᠭ ᠠᠶᠠᠰ ᠭᠱᠠᠨ ᠵᠠᠭᠤᠷ᠎ᠠ ᠪᠦᠬᠦ᠌ ᠲᠠᠯᠠᠪᠠᠢ᠎ᠶ᠋ᠢᠨ ᠠᠭᠤᠷ ᠠᠮᠢᠰᠭᠤᠯ᠎ᠢ ᠳᠦᠷᠡᠯᠵᠡᠭᠦᠯᠵᠦ᠂ ᠵᠠᠷᠢᠮ ᠦᠵᠡᠭ᠌ᠴᠢᠳ ᠥᠪᠡᠷ᠎ᠤᠨ ᠡᠷᠬᠡ ᠦᠭᠡᠢ ᠬᠠᠩᠭᠢᠨᠠᠲᠠᠯ᠎ᠠ ᠳᠠᠭᠤᠯᠠᠵᠤ᠂ ᠪᠠᠰᠠ ᠵᠠᠷᠢᠮ᠎ᠨᠢ ᠵᠢᠯᠤᠭᠤᠳᠤᠯᠭ᠎ᠠ᠎ᠲᠠᠢ᠎ᠪᠠᠨ ᠨᠢᠭ᠍ᠲᠠ ᠬᠥᠳᠡᠯᠦᠯᠴᠡᠵᠦ᠍᠂ ᠴᠣᠬᠢᠯᠭ᠎ᠠ ᠴᠣᠬᠢᠪᠠ᠃ ᠲᠣᠭ᠍ᠯᠠᠯᠲᠠ ᠳᠠᠭᠤᠰᠤᠭ᠍ᠰᠠᠨ᠎ᠤ ᠳᠠᠷᠠᠭ᠎ᠠ᠂ ᠴᠥᠭᠡᠨ ᠪᠤᠰᠤ ᠦᠵᠡᠭ᠌ᠴᠢᠳ ᠮᠥᠨ ᠯᠡ ᠲᠠᠯᠠᠪᠤᠷ᠎ᠠᠴᠠ ᠭᠠᠷᠬᠤ ᠳᠤᠷ᠎ᠠ ᠦᠭᠡᠢ᠂ ᠭᠠᠷ ᠤᠲᠠᠰᠤ᠎ᠪᠠᠨ ᠭᠠᠷᠭᠠᠵᠤ 《 ᠴᠠᠭᠠᠨ ᠰᠠᠷ᠎ᠠ᠎ᠶ᠋ᠢᠨ ᠪᠠᠶᠠᠷ᠎ᠤᠨ ᠦᠳᠡᠰᠢᠯᠡᠭᠡ》᠎ᠶᠢᠨ ᠲᠠᠢᠰᠠᠨ᠎ᠤ ᠠᠬᠤᠶ ᠪᠠᠢᠳᠠᠯ ᠳᠣᠤᠷ᠎ᠠ ᠬᠠᠮᠲᠤ᠎ᠶ᠋ᠢᠨ ᠰᠡᠭᠦᠳᠡᠷ ᠲᠠᠲᠠᠭᠤᠯᠵᠤ ᠳᠤᠷᠠᠰᠭᠠᠯ ᠦᠯᠡᠳᠡᠭᠡᠵᠦ᠍᠂ ᠲᠡᠷᠡᠴᠢᠯᠡᠨ ᠳᠡᠷᠭᠡᠳᠡᠬᠢ ᠬᠥᠮᠦᠰ᠎ᠲᠠᠢ᠎ᠪᠠᠨ ᠲᠣᠭ᠍ᠯᠠᠯᠲᠠ᠎ᠶ᠋ᠢᠨ ᠲᠥᠷᠥᠭ᠌ᠳᠡᠯ᠎ᠢᠶᠠᠨ ᠬᠤᠪᠢᠶᠠᠯᠴᠠᠵᠤ ᠪᠠᠢᠯ᠎ᠠ; 《 ᠳ᠋ᠧᠩ᠎ᠤᠨ ᠭᠡᠷᠡᠯ ᠪᠠ ᠳᠠᠭᠤᠤ ᠬᠥᠭ᠌ᠵᠢᠮ᠎ᠤᠨ ᠬᠠᠮᠵᠢᠯᠴᠠᠭ᠎ᠠ ᠮᠠᠰᠢ ᠭᠤᠶᠣ ᠂ ᠶᠠᠭ ᠯᠠ ᠰᠣᠭᠲᠣᠷᠠᠭᠣᠯᠬᠣ ᠮᠠᠶᠢᠭ᠎ᠤᠨ ᠳᠠᠭᠤᠤ ᠬᠥᠭ᠌ᠵᠢᠮ᠎ᠤᠨ ᠭᠡᠷᠡᠯ ᠵᠢᠷᠤᠭ᠎ᠤᠨ ᠤᠷᠠᠯᠢᠭ᠎ᠤᠨ ᠦᠵᠡᠭᠦᠯᠭᠡ ᠰᠢᠭ 》 《 ᠲᠠᠯᠠᠪᠣᠷ᠎ᠲᠤ ᠪᠣᠴᠠᠭᠰᠠᠨ ᠬᠥᠭ᠌ᠵᠢᠮ ᠨᠢᠭᠡᠪᠦᠷᠢ ᠨᠢ ᠪᠦᠷ ᠰᠣᠩᠭᠤᠳᠠᠭ ᠪᠦᠲᠦᠭᠡᠯ᠂ ᠡᠨᠡ ᠡᠷᠬᠡᠪᠰᠢ ᠠᠷᠠᠳ᠎ᠤᠨ ᠴᠠᠭᠠᠨ ᠰᠠᠷᠠᠶ᠋ᠢ ᠤᠭ᠍ᠲᠤᠬᠤ ᠴᠠᠭ᠎ᠤᠨ ᠥᠩᠭᠡ᠎ᠶ᠋ᠢ ᠳᠠᠭᠠᠭ᠍ᠰᠠᠨ ᠨᠡᠭᠡᠭᠡᠬᠦ᠌ ᠠᠷᠭ᠎ᠠ ᠮᠠᠶᠢᠭ ᠮᠥᠨ !》
ᠳᠤᠮᠳᠠᠳᠤ ᠤᠯᠤᠰ᠎ᠤᠨ ᠷᠠᠳᠢᠣ᠋ ᠤᠷᠠᠯᠢᠭ᠎ᠤᠨ ᠪᠦᠯᠬᠦᠮ ᠭᠤᠷᠪᠠᠨ ᠵᠢᠯ ᠳᠠᠷᠠᠭᠠᠯᠠᠨ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠦᠨᠳᠦᠰᠦᠲᠡᠨ᠎ᠤ ᠬᠥᠭ᠌ᠵᠢᠮ᠎ᠤᠨ ᠪᠦᠯᠬᠦᠮ᠎ᠤᠨ ᠴᠠᠭᠠᠨ ᠰᠠᠷ᠎ᠠ᠎ᠶ᠋ᠢᠨ ᠳᠠᠭᠤᠤ ᠬᠥᠭ᠌ᠵᠢᠮ᠎ᠤᠨ ᠲᠣᠭᠯᠠᠯᠲᠠ᠎ᠶᠢᠨ ᠨᠡᠷ᠎ᠡ ᠲᠡᠮᠲᠡᠭ᠎ᠢ ᠡᠭᠦᠳᠴᠦ᠍᠂ ᠨᠢᠭᠡᠨᠲᠡ ᠤᠷᠠᠯᠢᠭ᠎ᠤᠨ ᠪᠦᠯᠬᠦᠮ᠎ᠤᠨ ᠰᠣᠶᠣᠯ᠎ᠤᠨ ᠢᠲᠡᠭᠡᠯ᠎ᠢ ᠢᠯᠡᠷᠡᠭᠦᠯᠬᠦ᠂ ᠳᠤᠮᠳᠠᠳᠤ ᠤᠯᠤᠰ᠎ᠤᠨ ᠲᠠᠭᠤᠨ᠎ᠢ ᠳᠠᠮᠵᠢᠭᠤᠯᠬᠤ ᠪᠡᠯᠭᠡ ᠲᠡᠮᠳᠡᠭ᠎ᠤᠨ ᠴᠢᠨᠠᠷᠲᠠᠶ ᠲᠣᠭ᠍ᠯᠠᠯᠲᠠ᠎ᠶᠢᠨ IP ᠪᠣᠯᠵᠣ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ᠎ᠶ᠋ᠢ ᠨᠠᠢᠳᠠᠪᠤᠷᠢᠵᠢᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠴᠢᠬᠤᠯᠠ ᠠᠴᠢᠶᠠᠯᠠᠪᠤᠷᠢ ᠪᠣᠯᠤᠭ᠍ᠰᠠᠨ ᠪᠠᠢᠨ᠎ᠠ᠃ 《 ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶᠢᠨ ᠡᠬᠢᠯᠡᠯᠲᠡ᠎ᠶ᠋ᠢᠨ ᠵᠢᠯ᠎ᠳᠤ᠂ ᠤᠷᠠᠯᠢᠭ᠎ᠤᠨ ᠪᠦᠯᠬᠦᠮ᠎ᠤᠨ ᠲᠥᠰᠦᠪᠯᠡᠵᠦ᠍ ᠭᠠᠷᠭᠠᠭ᠍ᠰᠠᠨ ᠳᠠᠭᠤᠤ ᠬᠥᠭ᠌ᠵᠢᠮ᠎ᠤᠨ ᠦᠳᠡᠱᠢᠯᠡᠭᠡ᠎ᠨᠢ 《 ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠤᠷᠠᠯᠢᠭ᠎ᠢᠶᠡᠷ ᠬᠦᠴᠦᠨ ᠨᠡᠮᠡᠷᠢᠯᠡᠵᠦ᠂ ᠣᠯᠠᠨ ᠲᠦᠮᠡᠨ ᠬᠠᠮᠲᠤ᠎ᠪᠠᠷ ᠡᠳ᠋ᠯᠡᠬᠦ᠌ 》 ᠢᠯᠡ ᠲᠣᠳᠣ ᠣᠨᠴᠠᠯᠢᠭ᠎ᠲᠠᠢ ᠣᠨᠴᠠᠯᠢᠭ᠎ᠢᠶᠠᠷ ᠲᠤᠰᠭᠠᠶ ᠤᠷᠠᠯᠢᠭ ᠪᠣᠯᠤᠨ ᠣᠯᠠᠨ ᠲᠦᠮᠡᠨ᠎ᠤ ᠭᠤᠸ᠎ᠠ ᠳᠠᠭ᠋ᠠᠰᠢᠶᠠᠯ᠂ ᠤᠯᠠᠮᠵᠢᠯᠠᠯᠲᠤ ᠰᠣᠶᠣᠯ᠎ᠤᠨ ᠰᠤᠳᠠᠰᠤ ᠪᠣᠯᠤᠨ ᠴᠠᠭ ᠦᠶ᠎ᠡ᠎ᠶ᠋ᠢᠨ ᠵᠣᠷᠢᠭ ᠰᠠᠨᠠᠭᠠᠨ᠎ᠤ ᠬᠠᠷᠢᠯᠴᠠᠭᠠᠨ᠎ᠤ ᠬᠥᠭᠦᠷᠭᠡ᠎ᠶ᠋ᠢ ᠪᠠᠢᠭᠤᠯᠵᠤ᠂ ᠡᠷᠬᠢᠮᠰᠦᠭ ᠤᠷᠠᠯᠢᠭ᠎ᠢ ᠦᠨᠡᠨ ᠬᠦ᠌ 《 ᠡᠭᠡᠯ ᠠᠷᠠᠳ᠎ᠤᠨ ᠭᠡᠷ᠎ᠲᠤ ᠣᠷᠣᠭᠤᠯᠬᠤ 》 ᠪᠣᠯᠭᠠᠪᠠ᠃ ᠳᠠᠭᠤᠤ ᠬᠥᠭ᠌ᠵᠢᠮ᠎ᠦᠨ ᠲᠣᠭᠯᠠᠯᠲᠠ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ ᠣᠳᠣᠨ ᠲᠸᠯᠸᠢᠰ᠎ᠦᠨ ᠰᠤᠪᠠᠭ ᠪᠠ ᠲᠢᠺ ᠲᠣᠺ ᠲᠠᠪᠴᠠᠩᠲᠤ ᠨᠡᠪᠲᠡᠷᠡᠭᠦᠯᠦᠨ᠎ᠡ ᠃