2026ᠣᠨ᠎ᠤ CCBN ᠤᠳᠠᠯ ᠦᠭᠡᠢ ᠡᠬᠢᠯᠡᠬᠦ᠌ ᠭᠡᠵᠦ᠍ ᠪᠠᠢᠨ᠎ᠠ !
2026-01-21

2026 ᠣᠨ᠎ᠤ 4 ᠳ᠋ᠦ᠍ᠭᠡᠷ ᠰᠠᠷ᠎ᠠ᠎ᠶ᠋ᠢᠨ 22᠎ᠦᠨ ᠡᠳᠦᠷ᠎ᠠᠴᠠ 25᠎ᠦ ᠡᠳᠦᠷ ᠪᠣᠯᠲᠠᠯ᠎ᠠ᠂ ᠭᠤᠴᠢᠨ ᠬᠤᠶᠠᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠷᠠᠳᠢᠣ᠋ ᠲᠧᠯᠸᠢᠰ᠎ᠤᠨ ᠮᠡᠳᠡᠭᠡ ᠵᠠᠩᠭᠢ᠎ᠶ᠋ᠢᠨ ᠰᠦᠯᠵᠢᠶᠡᠨ᠎ᠤ ᠦᠵᠡᠰᠭᠦᠯᠡᠩ ᠪᠡᠭᠡᠵᠢᠩ᠎ᠤᠨ ᠱᠸᠤ ᠭᠠᠩ ᠣᠯᠠᠨ ᠤᠯᠤᠰ᠎ᠤᠨ ᠦᠵᠡᠰᠭᠦᠯᠡᠩ᠎ᠤᠨ ᠲᠥᠪ᠎ᠲᠤ ᠦᠪᠡᠳᠡᠭ᠌ᠰᠢ ᠶᠡᠭᠡ᠎ᠪᠠᠷ ᠡᠬᠢᠯᠡᠬᠦ᠌ ᠪᠣᠯᠤᠨ᠎ᠠ᠃ ᠪᠥᠬᠦ᠌ ᠪᠥᠮᠪᠥᠷᠴᠡᠭ᠎ᠤᠨ ᠦᠵᠡᠵᠦ᠍ ᠰᠣᠨᠣᠰᠭᠤ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠪᠣᠯᠣᠨ ᠬᠡᠷᠡᠭᠯᠡᠭᠡᠨ᠎ᠦ ᠦᠪᠡᠳᠡᠭ᠌ᠰᠢ ᠴᠤᠭ᠍ᠯᠠᠭᠠᠨ ᠪᠣᠯᠤᠭ᠍ᠰᠠᠨ᠎ᠤ ᠬᠤᠪᠢ᠎ᠳᠤ᠂ ᠲᠣᠰ ᠬᠤᠭᠤᠴᠠᠭᠠᠨ᠎ᠤ ᠦᠵᠡᠭᠦᠯᠭᠡ᠎ᠨᠢ ᠡᠮᠦᠨ᠎ᠡ ᠵᠠᠬ᠎ᠠ᠎ᠶ᠋ᠢᠨ ᠦᠵᠡᠵᠦ᠍ ᠰᠣᠨᠣᠰᠭᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯᠣᠨ ᠲᠡᠷᠢᠭᠦᠨ᠎ᠤ ᠲᠥᠬᠦᠭᠡᠷᠦᠮᠵᠢ᠎ᠶ᠋ᠢ ᠬᠤᠷᠠᠮᠳᠤᠭᠤᠯᠵᠤ᠂ ᠬᠡᠲᠦ ᠥᠨᠳᠥᠷ ᠳᠣᠲᠣᠷᠠᠴᠠᠲᠣ᠂ ᠵᠣᠬᠢᠶᠠᠮᠠᠯ ᠣᠶᠤᠨ ᠴᠢᠳᠠᠪᠤᠷᠢ᠂ IP ᠮᠠᠶᠢᠭ᠎ᠤᠨ ᠡᠭᠦᠯᠡᠨ ᠨᠡᠪᠲᠡᠷᠡᠭᠦᠯᠭᠡ ᠵᠡᠷᠭᠡ ᠭᠤᠤᠯ ᠮᠡᠷᠭᠡᠵᠢᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠍᠂ ᠺᠢᠨᠣ᠋ ᠲᠧᠯᠸᠢᠰ ᠦᠶ᠋ᠯᠡᠳᠬᠦ᠂ ᠬᠡᠢᠰᠪᠦᠷᠢ ᠦᠶ᠋ᠯᠡᠳᠬᠦ᠂ ᠰᠣᠭᠳᠣᠷᠠᠭᠣᠯᠬᠣ ᠮᠠᠶᠢᠭ᠎ᠤᠨ ᠸᠢᠳᠢᠤ᠋ ᠵᠡᠷᠭᠡ ᠪᠥᠬᠦ᠌ ᠠᠵᠤ ᠦᠶ᠋ᠯᠡᠰ᠎ᠤᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠬᠠᠮᠣᠷᠣᠨ᠎ᠠ᠃ ᠡᠭᠦᠨ᠎ᠤ ᠬᠠᠮᠲᠤ ᠪᠠᠰᠠ ᠡᠬᠢᠯᠡᠯᠲᠡ᠎ᠶ᠋ᠢᠨ ᠶᠣᠰᠣᠯᠠᠯ ᠵᠢᠴᠢ ᠭᠤᠣᠯ ᠰᠡᠳᠦᠪᠲᠦ ᠮᠡᠳᠡᠭᠦᠯᠦᠯᠲᠡ᠎ᠶ᠋ᠢᠨ ᠬᠤᠷᠠᠯ ᠪᠣᠯᠤᠨ ᠤᠯᠠᠨ ᠲᠠᠯᠠᠪᠤᠷ ᠲᠤᠰᠭᠠᠢ ᠰᠡᠳᠦᠪᠲᠦ ᠶᠠᠷᠢᠶᠠᠨ᠎ᠤ ᠲᠠᠪᠴᠠᠩ᠎ᠢ ᠡᠷᠬᠢᠯᠡᠵᠦ᠍᠂ ᠠᠵᠢᠯ ᠲᠦᠷᠦᠯ᠎ᠤᠨ ᠮᠡᠷᠭᠡᠵᠢᠯᠲᠡᠨ ᠠᠵᠤ ᠦᠢᠯᠡᠰ᠎ᠤᠨ ᠢᠷᠡᠭᠡᠳᠦᠢ᠎ᠶ᠋ᠢ ᠬᠠᠮᠲᠤ ᠪᠠᠷ ᠶᠠᠷᠢᠯᠴᠠᠬᠤ ᠪᠣᠯᠤᠨ᠎ᠠ᠃ ᠣᠳᠣᠬᠠᠨ᠎ᠳᠤ ᠬᠤᠳᠠᠯᠳᠤᠭᠠᠴᠢᠨ ᠤᠷᠢᠬᠤ ᠠᠷᠭ᠎ᠠ ᠵᠠᠮ᠎ᠢ ᠨᠢᠭᠡᠨᠲᠡ ᠪᠥᠬᠦ᠌ ᠲᠠᠯ᠎ᠠ᠎ᠪᠠᠷ ᠨᠡᠭᠡᠭᠡᠵᠦ᠂ ᠡᠯ᠎ᠡ ᠡᠩᠨᠡᠭᠡ᠎ᠶᠢᠨᠡᠲᠡᠭᠡᠳ᠎ᠤᠨ ᠨᠠᠢᠵᠠ ᠨᠠᠷ᠎ᠤᠨ ᠡᠨᠡ ᠤᠳᠠᠭᠠᠨ᠎ᠤ ᠭᠡᠷᠡᠯ ᠵᠢᠷᠤᠭ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠦᠪᠡᠳᠡᠭ᠌ᠰᠢ ᠨᠠᠢᠷ᠎ᠲᠤ ᠬᠠᠮᠲᠣ᠎ᠪᠠᠷ ᠰᠠᠭ᠋ᠠᠲᠠᠬᠤᠢᠷᠡᠬᠦ᠎ᠶᠢ ᠪᠠᠶᠠᠷᠯᠠᠨ ᠣᠭᠳᠣᠵᠣ ᠪᠠᠢ᠌ᠨ᠎ᠠ !

ᠢᠷᠡᠯᠲᠡ᠄ ᠳᠤᠮᠳᠠᠳᠤ ᠤᠯᠤᠰ᠎ᠢ ᠦᠵᠡᠵᠦ᠍ ᠰᠤᠨᠤᠰᠭᠤ