12 ᠳ᠋ᠤᠭ᠋ᠠᠷ ᠰᠠᠷ᠎ᠠ᠎ᠶ᠋ᠢᠨ 30 ᠤ ᠡᠳᠦᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠳᠤᠮᠳᠠᠳᠤ ᠤᠯᠤᠰ᠎ᠤᠨ ᠠᠷᠠᠳ᠎ᠤᠨ ᠷᠠᠳᠢᠣ᠋ ᠨᠡᠪᠲᠡᠷᠡᠭᠦᠯᠭᠡ᠎ᠶᠢᠨ ᠦᠶ᠋ᠯᠡᠰ ᠡᠭᠦᠳᠦᠨ ᠪᠠᠢ᠌ᠭᠣᠯᠣᠭᠳᠠᠭᠰᠠᠨ 85 ᠵᠢᠯ᠎ᠤᠨ ᠣᠶ᠎ᠶ᠋ᠢ ᠳᠤᠷᠠᠰᠭᠠᠬᠤ ᠶᠠᠷᠢᠯᠴᠠᠬᠤ ᠬᠤᠷᠠᠯ ᠪᠡᠭᠡᠵᠢᠩ᠎ᠳᠤ ᠬᠤᠷᠠᠯᠳᠤᠪᠠ᠃ ᠲᠥᠪ᠎ᠤᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠱᠤ᠌ ᠮᠢᠨ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠢᠶᠠᠨ ᠭᠦᠸᠧ ᠬᠤᠷᠠᠯ᠎ᠢ ᠡᠷᠭᠢᠯᠡᠵᠦ᠍᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠠᠨ ᠳ᠋ᠦᠩ ᠬᠤᠷᠠᠯ᠎ᠳᠤ ᠣᠷᠣᠯᠴᠠᠵᠠᠶ᠃
ᠬᠤᠷᠠᠯ᠎ᠠᠴᠠ᠂ 1940 ᠣᠨ᠎ᠤ 12 ᠳ᠋ᠤᠭ᠋ᠠᠷ ᠰᠠᠷ᠎ᠠ᠎ᠶ᠋ᠢᠨ 30 ᠤ ᠡᠳᠦᠷ ᠶᠠᠨ ᠠᠨ᠎ᠤ ᠱᠢᠨᠬᠤᠸᠠ ᠷᠠᠳᠢᠣ᠋ ᠨᠡᠪᠲᠡᠷᠡᠭᠦᠯᠭᠡ᠎ᠶᠢᠨ ᠡᠬᠢᠯᠡᠨ ᠨᠡᠪᠲᠡᠷᠡᠭᠦᠯᠦᠭᠰᠡᠨ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠤ ᠷᠠᠳᠢᠣ᠋ ᠨᠡᠪᠲᠡᠷᠡᠭᠦᠯᠭᠡ᠎ᠶ᠋ᠢᠨ ᠦᠢᠯᠡᠰ ᠮᠡᠨᠳᠦᠯᠡᠭ᠌ᠰᠡᠨᠢ ᠬᠠᠷᠠᠭᠤᠯᠵᠤ ᠪᠠᠢᠨ᠎ᠠ ᠭᠡᠵᠦ ᠵᠢᠭ᠋ᠠᠨ ᠭᠠᠷᠭ᠋ᠠᠪᠠ᠃ 85 ᠵᠢᠯ᠎ᠤᠨ ᠲᠤᠷᠰᠢ᠂ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ᠎ᠶ᠋ᠢᠨ ᠷᠠᠳᠢᠣ᠋ ᠲᠧᠯᠸᠢᠰ᠎ᠤᠨ ᠬᠦᠮᠦᠰ ᠰᠠᠯᠬᠢᠨ᠎ᠳᠤ ᠴᠣᠬᠢᠭᠳᠠᠵᠣ ᠪᠣᠷᠣᠭ᠋ᠠᠨ᠎ᠳᠤ ᠨᠣᠷᠣᠭᠳᠠᠵᠣ᠂ ᠦᠷᠭᠦᠯᠵᠢᠯᠡᠨ ᠲᠡᠮᠡᠴᠡᠵᠦ᠍᠂ ᠷᠠᠳᠢᠣ᠋ ᠲᠧᠯᠸᠢᠰ᠎ᠤᠨ ᠦᠢᠯᠡᠰ ᠦᠭᠡᠢ ᠪᠠᠢᠭ᠍ᠰᠠᠨ᠎ᠠᠴᠠ᠎ᠪᠠᠨ ᠪᠠᠢᠬᠤ ᠪᠣᠯᠣᠭᠰᠠᠨ᠂ ᠪᠠᠭᠤᠷᠠᠢ᠎ᠠᠴᠠ ᠬᠦᠴᠦᠷᠬᠡᠭ ᠪᠣᠯᠣᠭᠰᠠᠨ ᠲᠤᠤᠯᠢᠰ᠎ᠢ ᠪᠢᠴᠢᠭ᠌ᠯᠡᠵᠦ᠍᠂ ᠬᠥᠮᠦᠰ᠎ᠤᠨ ᠠᠩᠬᠠᠷᠤᠯ᠎ᠢ ᠲᠠᠲᠠᠭ᠍ᠰᠠᠨ ᠭᠡᠷᠡᠯ ᠰᠠᠴᠤᠷᠠᠩᠭᠤᠶ ᠠᠮᠵᠢᠯᠲᠠ᠎ᠶ᠋ᠢ ᠣᠯᠵᠠᠢ᠃ ᠷᠠᠳᠢᠣ᠋ ᠲᠧᠯᠸᠢᠰ᠎ᠤᠨ ᠠᠵᠢᠯ ᠢᠮᠠᠭ᠍ᠲᠠ ᠨᠠᠮ᠎ᠯᠤᠭ᠎ᠠ ᠰᠡᠳᠭᠢᠯ ᠨᠢᠭᠡᠳᠴᠦ᠍᠂ ᠠᠷᠠᠳ ᠲᠦᠮᠡᠨ᠎ᠲᠠᠢ ᠬᠠᠮᠲᠤ ᠤᠷᠤᠭ᠍ᠰᠢᠯᠠᠵᠤ᠂ ᠴᠠᠭ ᠦᠶ᠎ᠡ᠎ᠲᠠᠢ ᠵᠡᠷᠭᠡ ᠪᠡᠷ ᠤᠷᠤᠭ᠍ᠰᠢᠯᠠᠵᠤ᠂ ᠨᠠᠮ᠎ᠤᠨ ᠳᠠᠭᠤᠨ᠎ᠢ ᠳᠠᠮᠵᠢᠭᠤᠯᠬᠤ᠂ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠬᠡᠷᠡᠭ᠌ᠴᠡᠭᠡ᠎ᠶ᠋ᠢ ᠬᠠᠩᠭᠠᠬᠤ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠳᠤ ᠦᠢᠯᠡᠴᠢᠯᠡᠬᠦ᠌ ᠵᠡᠷᠭᠡ ᠲᠠᠯ᠎ᠠ᠎ᠪᠠᠷ ᠴᠢᠬᠤᠯᠠ ᠬᠤᠪᠢ ᠨᠡᠮᠡᠷᠢ ᠦᠵᠡᠭᠦᠯᠵᠡᠢ᠃
ᠬᠤᠷᠠᠯ᠎ᠠᠴᠠ᠂ ᠰᠢᠨ᠎ᠡ ᠴᠠᠭ ᠦᠶ᠎ᠡ᠎ᠶ᠋ᠢᠨ ᠷᠠᠳᠢᠣ᠋ ᠲᠧᠯᠸᠢᠰ᠎ᠤᠨ ᠠᠵᠢᠯᠲᠠᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ᠎ᠶ᠋ᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ᠎ᠶ᠋ᠢᠨ ᠫᠢᠩ᠎ᠤᠨ ᠷᠠᠳᠢᠣ᠋ ᠲᠧᠯᠸᠢᠰ᠎ᠤᠨ ᠠᠵᠢᠯ᠎ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠪᠢᠰᠭᠠᠯᠲᠤ ᠷᠠᠳᠢᠣ᠋ ᠲᠧᠯᠸᠢᠰ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠷᠠᠳᠢᠣ᠋ ᠲᠧᠯᠸᠢᠰ᠎ᠤᠨ 《 ᠬᠤᠶᠠᠷ ᠭᠤᠷᠪᠠ ᠳᠥᠷᠪᠡ 》᠎ᠶ᠋ᠢᠨ ᠠᠵᠢᠯ᠎ᠤᠨ ᠪᠠᠢᠷᠢ ᠲᠣᠭ᠍ᠲᠠᠭᠠᠯᠲᠠ᠎ᠶ᠋ᠢ ᠡᠵᠡᠮᠳᠡᠨ᠂ 《 ᠷᠠᠳᠢᠣ᠋ ᠲᠧᠯᠸᠢᠰ᠎ᠢ ᠪᠠᠬᠢᠵᠢᠭᠦᠯᠦᠨ ᠳᠡᠭᠡᠭ᠌ᠰᠢᠯᠡᠭᠦᠯᠵᠦ᠍᠂ ᠰᠦᠯᠵᠢᠶᠡᠨ᠎ᠤ ᠦᠵᠡᠵᠦ ᠰᠣᠨᠣᠰᠬᠣ ᠬᠦᠭᠵᠢᠯᠲᠡ᠎ᠶᠢᠨ ᠰᠢᠨ᠎ᠡ᠎ᠶᠢ ᠡᠭᠦᠳᠴᠦ᠂ ᠨᠡᠢᠯᠡᠯ ᠬᠦᠴᠦᠨ᠎ᠢ ᠴᠣᠭᠯᠠᠷᠠᠭᠣᠯᠣᠨ ᠠᠭᠣᠰᠣᠯᠴᠠᠭᠣᠯᠬᠣ 》 ᠭᠤᠷᠪᠠᠨ ᠶᠡᠭᠡ ᠠᠵᠢᠯ᠎ᠤᠨ ᠴᠢᠭ᠌ᠯᠡᠯ᠎ᠢ ᠡᠵᠡᠮᠳᠡᠵᠦ᠍᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠵᠠᠮ ᠨᠡᠭᠡᠭᠡᠨ ᠤᠷᠤᠭᠰᠢᠯᠠᠨ ᠳᠠᠪᠰᠢᠵᠤ᠂ ᠷᠠᠳᠢᠣ᠋ ᠲᠧᠯᠸᠢᠰ᠎ᠤᠨ ᠦᠵᠡᠵᠦ᠍ ᠰᠣᠨᠣᠰᠭᠤ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠬᠦ᠌ ᠬᠡᠷᠡᠭ᠌ᠲᠡᠶ ᠭᠡᠵᠦ ᠱᠠᠭ᠋ᠠᠷᠳᠠᠪᠠ᠃ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠷᠠᠳᠢᠣ᠋ ᠲᠧᠯᠸᠢᠰ᠎ᠤᠨ ᠠᠵᠢᠯ᠎ᠤᠨ ᠦᠵᠡᠯ ᠤᠬᠠᠮᠰᠠᠷ᠎ᠤᠨ ᠬᠡᠯᠪᠡᠷᠢ᠎ᠶ᠋ᠢᠨ ᠱᠢᠨᠵᠢ ᠴᠢᠨᠠᠷ᠎ᠢ ᠡᠵᠡᠮᠳᠡᠵᠦ᠍᠂ ᠢᠮᠠᠭ᠍ᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠂ ᠬᠤᠪᠢᠰᠭᠠᠯ᠎ᠤᠨ ᠷᠠᠳᠢᠣ᠋ ᠲᠧᠯᠸᠢᠰ᠎ᠤᠨ ᠡᠭᠦᠷᠢᠳᠡ ᠥᠩᠭᠡ ᠤᠨᠠᠬᠤ ᠦᠭᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ᠃ ᠠᠷᠠᠳ᠎ᠤᠨ ᠲᠥᠯᠥᠭᠡ ᠵᠢᠳᠬᠦᠬᠦ᠌ ᠵᠣᠷᠢᠯᠲᠠ᠎ᠶ᠋ᠢ ᠦᠢᠯᠡᠳᠦᠯᠭᠡᠵᠢᠭᠦᠯᠵᠦ᠍᠂ ᠷᠠᠳᠢᠣ᠋ ᠲᠧᠯᠸᠢᠰ᠎ᠤᠨ ᠠᠵᠢᠯ᠎ᠤᠨ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠨᠵᠢ ᠴᠢᠨᠠᠷ᠎ᠢ ᠪᠠᠲᠤ ᠴᠡᠭᠡᠵᠢᠯᠡᠵᠦ᠍᠂ ᠠᠷᠠᠳ ᠤᠯᠠᠨ᠎ᠳᠤ ᠨᠡᠩ ᠤᠯᠠᠨ ᠰᠠᠢᠨ ᠠᠭᠤᠯᠭ᠎ᠠ ᠬᠠᠩᠭᠠᠵᠤ᠂ ᠨᠡᠩ ᠱᠢᠯᠢᠳᠡᠭ᠂ ᠨᠡᠩ ᠳᠥᠭᠦᠮ ᠳᠥᠲᠡ᠂ ᠨᠡᠩ ᠤᠶᠤᠨᠴᠢ᠂ ᠨᠡᠩ ᠨᠥᠬᠦᠷᠰᠡᠭ ᠦᠢᠯᠡᠴᠢᠯᠡᠭᠡ ᠪᠠ ᠣᠢᠯᠠᠭᠠᠯᠲᠠ᠎ᠶ᠋ᠢ ᠬᠠᠩᠭᠠᠬᠤ ᠬᠡᠷᠡᠭ᠌ᠲᠡᠢ᠃ ᠵᠣᠷᠢᠭ᠍ᠲᠠᠢ᠎ᠪᠠᠷ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠴᠦ᠍᠂ ᠦᠵᠡᠯᠲᠡ᠎ᠪᠠᠨ ᠤᠯᠠᠮ ᠨᠢᠭᠡ ᠠᠯᠬᠤᠮ ᠬᠤᠪᠢᠷᠠᠭᠤᠯᠵᠤ᠂ ᠨᠡᠩ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠥᠭᠡᠷᠡᠴᠢᠯᠡᠯᠲᠡ᠎ᠶ᠋ᠢ ᠶᠡᠬᠡ ᠪᠡᠷ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭ᠋ᠠᠷᠠᠭᠣᠯᠬᠣ ᠬᠡᠷᠡᠭ᠌ᠲᠡᠢ᠃ ᠴᠠᠭᠠᠷᠠᠭ᠍ᠰᠠᠨ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ᠂ ᠱᠢᠯᠢᠳᠡᠭ ᠤᠯᠠᠮᠵᠢᠯᠠᠯ᠎ᠢᠶᠠᠨ ᠤᠯᠠᠮᠵᠢᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠵᠦ᠍᠂ ᠵᠠᠮ ᠨᠡᠭᠡᠭᠡᠨ ᠱᠢᠨ᠎ᠡ᠎ᠶ᠋ᠢ ᠡᠭᠦᠳᠬᠦ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠭ᠍ᠤ ᠬᠦᠴᠦᠷᠬᠡᠭ ᠶᠡᠭᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃
ᠶᠠᠷᠢᠯᠴᠠᠬᠤ ᠬᠤᠷᠠᠯ ᠳᠡᠭᠡᠷ᠎ᠡ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠤᠤᠯ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠲᠣᠪᠴᠢᠶᠠᠨ ᠳᠠᠷᠤᠭ᠎ᠠ ᠵᠠᠩ ᠬᠠᠶ ᠲᠤᠤ ᠷᠠᠳᠢᠣ᠋ ᠲᠧᠯᠸᠢᠰ᠎ᠤᠨ ᠬᠥᠮᠦᠨ᠎ᠤ ᠷᠠᠳᠢᠣ᠋ ᠲᠧᠯᠸᠢᠰ᠎ᠢ 《 ᠲᠣᠰᠭᠤᠨ ᠪᠣᠯᠭᠠᠨ᠎ᠳᠤ ᠨᠡᠪᠲᠡᠷᠡᠭᠦᠯᠬᠦ᠌ 》ᠢᠨᠵᠧᠨᠧᠷᠢᠩ᠂ ᠲᠥᠪᠡᠳ ᠱᠢᠨᠵᠢᠶᠠᠩ᠎ᠤᠨ ᠢᠨᠵᠧᠨᠧᠷᠢᠩ᠂ ᠤᠲᠠᠰᠤ ᠥᠬᠡᠶ ᠪᠦᠷᠬᠦᠯᠲᠡ᠎ᠶ᠋ᠢᠨ ᠢᠨᠵᠧᠨᠧᠷᠢᠩ᠂ ᠠᠶᠣᠯ ᠦᠭᠡᠢ ᠨᠡᠪᠲᠡᠷᠡᠭᠦᠯᠬᠦ᠌ ᠢᠨᠵᠧᠨᠧᠷᠢᠩ ᠪᠠ ᠷᠠᠳᠢᠣ᠋ ᠲᠧᠯᠸᠢᠰ᠎ᠤᠨ ᠳ᠋ᠢᠭᠢᠲᠴᠢᠯᠠᠡᠯᠲᠡ ᠵᠡᠷᠭᠡ ᠲᠠᠪᠤᠨ ᠶᠡᠭᠡ ᠢᠨᠵᠧᠨᠧᠷᠢᠩ᠂ ᠨᠠᠮ ᠪᠠ ᠠᠷᠠᠳ ᠲᠦᠮᠡᠨ᠎ᠳᠤ ᠦᠶ᠋ᠯᠡᠴᠢᠯᠡᠬᠦ᠌ ᠴᠥᠬᠦᠷᠡᠰᠢ ᠥᠬᠡᠶ ᠴᠢᠷᠮᠠᠢᠯᠭ᠎ᠠ᠎ᠶ᠋ᠢ ᠭᠦᠨ ᠭᠦᠨᠵᠡᠭᠡᠶ ᠶᠠᠷᠢᠪᠠ᠃ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠨᠠᠢᠷᠠᠭᠤᠯᠬᠤ ᠠᠵᠢᠯ᠎ᠤᠨ ᠬᠤᠷᠠᠯ᠎ᠤᠨ ᠭᠡᠰᠢᠭᠦᠨ ᠵᠧᠤ ᠵᠧᠨ ᠬᠤᠩ ᠶᠡᠷᠦᠩᠬᠡᠶ ᠬᠤᠷᠢᠶ᠎ᠠ᠎ᠶᠢᠨ ᠳᠡᠯᠡᠬᠡᠶ᠎ᠶ᠋ᠢᠨ ᠲᠡᠷᠢᠭᠦᠨ᠎ᠤ ᠱᠢᠨ᠎ᠡ ᠬᠡᠯᠪᠡᠷᠢ᠎ᠶ᠋ᠢᠨ ᠭᠤᠤᠯ ᠵᠠᠭᠤᠴᠢᠯᠠᠭᠤᠷ᠎ᠢ ᠪᠠᠢᠭᠤᠯᠬᠤ ᠶᠠᠪᠤᠴᠠ᠎ᠳᠤ ᠠᠷᠠᠳ᠎ᠤᠨ ᠷᠠᠳᠢᠣ᠋ ᠨᠡᠪᠲᠡᠷᠡᠭᠦᠯᠭᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠲᠦᠷᠭᠡᠳᠭᠡᠬᠦ᠌ ᠰᠡᠳᠭᠢᠴᠡ ᠠᠷᠭ᠎ᠠ ᠬᠡᠮᠵᠢᠶ᠎ᠡ᠎ᠶ᠋ᠢ ᠲᠠᠨᠢᠯᠴᠠᠭᠤᠯᠪᠠ᠃ ᠷᠠᠳᠢᠣ᠋ ᠲᠸᠯᠸᠢᠰ᠎ᠦᠨ ᠶᠡᠷᠦᠩᠬᠡᠢ ᠲᠣᠪᠴᠢᠶᠠᠨ᠎ᠤ ᠤᠤᠯ᠎ᠤᠨ ᠭᠠᠳᠠᠭᠠᠳᠤ ᠶᠠᠪᠤᠳᠠᠯ᠎ᠤᠨ ᠵᠤᠷᠭᠠᠨ᠎ᠤ ᠳᠠᠷᠤᠭ᠎ᠠ ᠮᠠ ᠶᠤᠸᠠᠨ ᠡᠾᠸ ᠷᠠᠳᠢᠣ᠋ ᠲᠸᠯᠸᠢᠰ᠎ᠦᠨ ᠤᠯᠤᠰ᠎ᠤᠨ ᠭᠠᠳᠠᠭᠠᠳᠤ ᠬᠠᠷᠢᠯᠴᠠᠭᠠᠨ᠎ᠤ ᠪᠦᠬᠦ᠌ ᠲᠠᠯ᠎ᠠ᠎ᠳᠤ ᠦᠢᠯᠡᠴᠢᠯᠡᠬᠦ᠌ ᠦᠩᠭᠡᠷᠡᠭᠰᠡᠨ᠎ᠦ ᠬᠡᠳᠦᠨ ᠶᠠᠪᠤᠳᠠᠯ᠎ᠢ ᠡᠷᠭᠢᠴᠡᠭᠦᠯᠪᠡ᠃ ᠷᠠᠳᠢᠣ᠋ ᠤᠷᠠᠯᠢᠭ᠎ᠤᠨ ᠪᠦᠯᠬᠦᠮ᠎ᠤᠨ ᠳᠠᠷᠤᠭ᠎ᠠ ᠱᠢᠶᠦ᠋ᠩ ᠱᠧᠩ ᠮᠢᠨ ᠷᠠᠳᠢᠣ᠋ ᠵᠦᠴᠦᠭᠡ᠎ᠶ᠋ᠢᠨ ᠵᠣᠬᠢᠶᠠᠨ ᠪᠦᠲᠦᠭᠡᠯᠭᠡ᠎ᠶ᠋ᠢᠨ ᠥᠩᠭᠡᠷᠡᠯᠲᠡ᠎ᠪᠠᠨ ᠶᠠᠷᠢᠪᠠ᠃ ᠪᠠᠰᠠ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠂ ᠱᠢᠭᠤᠳ ᠬᠠᠷᠢᠶ᠎ᠠ ᠨᠢᠭᠡᠴᠢ᠎ᠡᠴᠡ ᠢᠷᠡᠭᠰᠡᠨ 7 ᠨᠥᠬᠦᠷ᠂ ᠤᠬᠠᠭᠤᠯᠭ᠎ᠠ᠎ᠶ᠋ᠢᠨ ᠬᠠᠮᠢᠶᠠᠷᠤᠯᠲᠠ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠂ ᠳᠠᠮᠵᠢᠭᠤᠯᠭ᠎ᠠ᠎ᠶ᠋ᠢᠨ ᠪᠦᠷᠬᠦᠯᠲᠡ᠂ ᠬᠢᠨᠠᠨ ᠬᠡᠮᠵᠢᠵᠦ᠍ ᠬᠢᠨᠠᠨ ᠬᠠᠮᠢᠶᠠᠷᠬᠤ ᠵᠡᠷᠭᠡ᠎ᠶ᠋ᠢᠨ ᠲᠣᠭᠤᠷᠢᠨ᠎ᠳᠤ ᠲᠥᠷᠥᠭᠳᠡᠯ᠎ᠢᠶᠡᠨ ᠬᠤᠪᠢᠶᠠᠯᠴᠠᠵᠤ᠂ ᠣᠲᠣ ᠦᠶ᠎ᠡ᠎ᠶ᠋ᠢᠨ ᠷᠠᠳᠢᠣ᠋ ᠲᠧᠯᠸᠢᠰ᠎ᠤᠨ ᠠᠵᠢᠯᠲᠠᠨ᠎ᠤ ᠠᠵᠢᠯ ᠬᠢᠵᠦ᠍ ᠠᠳᠠᠯ ᠦᠢᠯᠡᠰ ᠴᠣᠭ᠍ᠴᠠᠯᠠᠬᠤ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠢᠯᠡᠷᠡᠭᠦᠯᠪᠡ᠃
ᠲᠥᠪ᠎ᠤᠨ ᠤᠬᠠᠭᠤᠯᠬᠤ ᠬᠡᠯᠲᠡᠰ᠎ᠤᠨ ᠰᠣᠨᠢᠨ ᠮᠡᠳᠡᠭᠡᠨ᠎ᠤ ᠲᠣᠪᠴᠢᠶ᠎ᠠ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠤᠷᠢᠶ᠎ᠠ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠱᠢᠭᠤᠳ ᠬᠠᠷᠢᠶ᠎ᠠ ᠡᠯ᠎ᠡ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠱᠢᠰᠲ᠋ᠧᠮ᠎ᠤᠨ ᠠᠵᠢᠯ᠎ᠠᠴᠠ᠎ᠪᠠᠨ ᠰᠠᠯᠵᠤ ᠠᠮᠠᠷᠠᠭ᠍ᠰᠠᠨ ᠪᠠ ᠠᠵᠢᠯ᠎ᠠᠴᠠ᠎ᠪᠠᠨ ᠪᠠᠭᠣᠵᠣ ᠠᠮᠠᠷᠠᠭᠰᠠᠨ ᠺᠠᠳ᠋ᠷᠴᠣᠳ ᠪᠠ ᠵᠠᠯᠠᠭᠤ ᠺᠠᠳ᠋ᠷᠴᠤᠳ᠎ᠤᠨ ᠲᠥᠯᠥᠭᠡᠯᠡᠭ᠌ᠴᠢ ᠵᠡᠷᠭᠡ ᠵᠠᠭᠤ ᠱᠢᠬᠠᠮ ᠬᠥᠮᠦᠨ ᠶᠠᠷᠢᠯᠴᠠᠬᠤ ᠬᠤᠷᠠᠯ᠎ᠳᠤ ᠣᠷᠣᠯᠴᠠᠪᠠ᠃