ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 841 ᠬᠣᠷᠢᠶ᠎ᠠ ᠵᠢᠨ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠵᠢ ᠪᠠᠲᠤᠯᠠᠬᠤ ᠠᠵᠢᠯ᠎ᠢ ᠪᠠᠶ᠋ᠢᠴᠠᠭ᠋ᠠᠭᠰᠠᠨ ᠪᠥᠭᠡᠳ ᠨᠢᠭᠡᠳᠦᠭᠡᠷ ᠹᠷᠣᠨᠲ᠎ᠤᠨ ᠵᠢᠵᠢᠭᠦᠷᠯᠡᠭᠴᠢᠳ᠎ᠢ ᠲᠣᠬᠤᠨᠢᠭᠤᠯᠪᠠ
2025-01-01


  12 ᠳ᠋ᠤᠭ᠋ᠠᠷ ᠰᠠᠷ᠎ᠠ ᠵᠢᠨ 31᠎ᠤ ᠡᠳᠦᠷ᠎ᠤᠨ ᠦᠳᠡ ᠵᠢᠨ ᠬᠤᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠳᠠᠮᠵᠢᠭᠤᠯᠤᠨ ᠰᠠᠴᠤᠷᠠᠭᠤᠯᠬᠤ ᠲᠥᠪ᠎ᠤᠨ 841 ᠬᠣᠷᠢᠶ᠎ᠠ ᠵᠢᠨ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠪᠠᠶ᠋ᠢᠴᠠᠭ᠋ᠠᠭᠰᠠᠨ ᠪᠥᠭᠡᠳ ᠲᠡᠳᠡᠨ᠎ᠳᠤ ᠴᠢᠩ ᠰᠡᠳᠬᠢᠯ᠎ᠤᠨ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠰᠢᠨ᠎ᠡ ᠣᠨ᠎ᠤ  ᠵᠥᠩᠨᠡᠯ ᠳᠡᠪᠰᠢᠭᠦᠯᠪᠡ᠃

   ᠳᠠᠮᠵᠢᠭᠤᠯᠤᠨ  ᠰᠠᠴᠤᠷᠠᠭᠤᠯᠬᠤ ᠲᠥᠪ᠎ᠤᠨ 841 ᠬᠣᠷᠢᠶ᠎ᠠ᠎ᠳᠤ  ᠵᠠᠩ ᠢ ᠮᠢᠨ ᠵᠢᠵᠢᠭᠦᠷᠯᠡᠬᠦ ᠮᠠᠰᠢᠨ᠎ᠤ ᠥᠷᠥᠭᠡ᠂ ᠰᠠᠴᠤᠷᠠᠭᠤᠯᠬᠤ  ᠲᠡᠮᠦᠷ ᠰᠤᠪᠤᠷᠭ᠎ᠠ᠂ ᠠᠵᠢᠯᠯᠠᠬᠤ ᠲᠠᠯᠠᠪᠤᠷ᠂ ᠠᠵᠢᠯᠲᠠᠨ ᠠᠵᠢᠯᠴᠢᠨ᠎ᠤ ᠪᠠᠶ᠋ᠢᠷᠢ ᠵᠢᠴᠢ ᠴᠠᠬᠢᠯᠭ᠋ᠠᠨ ᠲᠦᠭᠡᠭᠡᠬᠦ ᠲᠠᠰᠤᠭ ᠵᠡᠷᠭᠡ ᠭᠤᠣᠯᠳᠠᠯᠭ᠎ᠠ᠎ᠲᠠᠢ ᠣᠷᠣᠨ ᠪᠦᠰᠡ ᠵᠢ ᠲᠤᠬᠠᠶ ᠵᠢᠨ ᠭᠠᠵᠠᠷ᠎ᠲᠤ᠎ᠨᠢ ᠪᠠᠶ᠋ᠢᠴᠠᠭ᠋ᠠᠨ ᠦᠵᠡᠵᠦ᠂ ᠠᠨᠲ᠋ᠢᠨ᠎ᠠ  ᠤᠲᠠᠰᠤᠨ᠎ᠤ ᠰᠢᠰᠲ᠋ᠧᠮ᠂ ᠳᠣᠬᠢᠶᠠᠨ᠎ᠤ ᠡᠬᠢ ᠰᠤᠷᠪᠤᠯᠵᠢ ᠵᠢᠨ ᠰᠢᠰᠲ᠋ᠧᠮ᠂  ᠰᠠᠴᠤᠷᠠᠭᠤᠯᠬᠤ  ᠮᠠᠰᠢᠨ᠎ᠤ ᠰᠢᠰᠲ᠋ᠧᠮ᠂ ᠴᠠᠬᠢᠯᠭ᠋ᠠᠨ ᠬᠦᠴᠦᠨ᠎ᠤ ᠰᠢᠰᠲ᠋ᠧᠮ᠂ ᠬᠢᠨᠠᠨ ᠡᠵᠡᠮᠳᠡᠬᠦ ᠰᠢᠰᠲ᠋ᠧᠮ ᠵᠡᠷᠭᠡ ᠠᠵᠢᠯᠯᠠᠭ᠋ᠠᠨ᠎ᠤ ᠪᠠᠶ᠋ᠢᠳᠠᠯ᠎ᠢ ᠭᠦᠨᠵᠡᠭᠡᠶ ᠣᠶ᠋ᠢᠯᠠᠭ᠋ᠠᠵᠤ᠂ ᠵᠢᠵᠢᠭᠦᠷᠯᠡᠨ ᠰᠠᠬᠢᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ  ᠰᠢᠢ᠍ᠳᠪᠦᠷᠢᠯᠡᠬᠦ ᠵᠡᠷᠭᠡ ᠪᠠᠶ᠋ᠢᠳᠠᠯ᠎ᠤᠳ᠎ᠢ ᠨᠠᠷᠢᠨ ᠠᠰᠠᠭᠤᠨ ᠯᠠᠪᠯᠠᠪᠠ᠃

   ᠵᠠᠩ ᠢ ᠮᠢᠨ ᠂ ᠰᠢᠨ᠎ᠡ ᠵᠢᠯ᠂ ᠴᠠᠭ᠋ᠠᠨ ᠰᠠᠷ᠎ᠠ ᠤᠳᠠᠯ ᠥᠬᠡᠶ ᠬᠦᠷᠴᠦ ᠢᠷᠡᠬᠦ ᠭᠡᠵᠦ ᠪᠠᠶ᠋ᠢᠨ᠎ᠠ᠂ ᠣᠯᠠᠨ ᠵᠶ᠋ᠠᠷ ᠵᠶ᠋ᠠᠨ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠠᠮᠤᠷ ᠲᠦᠪᠰᠢᠨ  ᠨᠡᠪᠲᠡᠷᠡᠭᠦᠯᠭᠡ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠠᠮᠤᠷ ᠲᠦᠪᠰᠢᠨ  ᠨᠡᠪᠲᠡᠷᠡᠭᠦᠯᠭᠡ ᠵᠢᠨ ᠬᠥᠪᠴᠢ᠎ᠪᠠᠨ ᠴᠠᠭ ᠢᠮᠠᠭᠲᠠ ᠴᠢᠩᠭ᠋ᠠᠷᠠᠭᠤᠯᠵᠤ᠂ ᠭᠤᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠤᠭᠴᠤᠭ᠎ᠠ ᠵᠢ ᠴᠢᠩᠭ᠎ᠠ ᠠᠩᠬᠠᠷᠴᠤ᠂ ᠵᠢᠵᠢᠭᠦᠷᠯᠡᠨ ᠰᠠᠬᠢᠬᠤ᠎ᠪᠠᠨ ᠴᠢᠩᠭ᠋ᠠᠷᠠᠭᠤᠯᠵᠤ ᠂ ᠠᠶᠤᠯᠭᠦᠶ ᠦᠢ᠍ᠯᠡᠳᠪᠦᠷᠢᠯᠡᠯ᠂ ᠠᠮᠤᠷ ᠲᠦᠪᠰᠢᠨ  ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠬᠠᠮᠤᠭ ᠰᠡᠬᠦᠯ᠎ᠳᠤ᠂ ᠵᠠᠩ ᠢ ᠮᠢᠨ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ ᠵᠶ᠋ᠠᠨ  ᠲᠥᠯᠥᠭᠡᠯᠡᠨ ᠲᠠᠶ᠋ᠢᠰᠠᠨ ᠦᠷᠳᠡᠭᠡ ᠵᠢᠨ ᠠᠵᠢᠯ᠎ᠤᠨ ᠨᠥᠬᠦᠳ ᠵᠢᠴᠢ ᠭᠡᠷ᠎ᠤᠨ ᠬᠥᠮᠦᠰ᠎ᠲᠤ᠎ᠨᠢ ᠪᠠᠶᠠᠷ᠎ᠤᠨ ᠡᠳᠦᠷ᠎ᠤᠨ ᠮᠡᠨᠳᠦᠴᠢᠯᠡᠯ ᠬᠦᠷᠭᠡᠵᠦ᠂ ᠤᠯᠠᠨ᠎ᠤ ᠰᠢᠨ᠎ᠡ ᠵᠢᠯ᠎ᠳᠤ᠎ᠪᠠᠨ ᠪᠠᠶᠠᠷ ᠬᠦᠷ᠎ᠲᠠᠢ᠂ ᠭᠡᠷ ᠬᠤᠲᠠᠯᠠᠭ᠋ᠠᠷ ᠵᠶ᠋ᠠᠷ ᠵᠶ᠋ᠠᠨ ᠵᠣᠯ ᠵᠢᠷᠭ᠋ᠠᠯ᠎ᠲᠠᠢ ᠪᠠᠶ᠋ᠢᠬᠤ ᠵᠢ ᠵᠥᠩᠨᠡᠪᠡ!

   ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠯᠢᠦ ᠵᠥᠩ ᠸᠧᠨ ᠪᠠᠷ᠎ᠠ ᠪᠣᠯᠵᠤ ᠣᠷᠣᠯᠴᠠᠪᠠ᠃

(ᠳᠠᠮᠵᠢᠭᠤᠯᠤᠨ  ᠰᠠᠴᠤᠷᠠᠭᠤᠯᠬᠤ ᠲᠥᠪ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ