ᠵᠠᠩ ᠢ ᠮᠢᠨ ᠷᠠᠳᠢᠣ᠋ ᠲᠧᠯᠸᠢᠰ᠎ᠤᠨ ᠠᠶᠤᠯ ᠦᠭᠡᠢ ᠦᠢᠯᠡᠳᠪᠦᠷᠢᠯᠡᠯ᠂ ᠠᠶᠤᠯ ᠦᠭᠡᠢ ᠨᠡᠪᠲᠡᠷᠡᠭᠦᠯᠭᠡ᠎ᠶ᠋ᠢᠨ ᠠᠵᠢᠯ᠎ᠢ ᠪᠠᠢᠴᠠᠭᠠᠨ ᠰᠤᠳᠤᠯᠪᠠ
2025-10-22

10 ᠳ᠋ᠤᠭᠠᠷ ᠰᠠᠷ᠎ᠠ᠎ᠶ᠋ᠢᠨ 16 ᠎ᠤ ᠡᠳᠦᠷ᠎ᠠᠴᠠ 18 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠪᠤᠭᠤᠲᠤ᠎ᠶ᠋ᠢᠨ ᠷᠠᠳᠢᠣ᠋ ᠰᠠᠴᠤᠷᠠᠭᠤᠯᠭ᠎ᠠ᠎ᠶ᠋ᠢᠨ ᠲᠥᠪ ᠭᠠᠵᠠᠷ᠂ ᠦᠬᠠᠶ᠎ᠶ᠋ᠢᠨ ᠷᠠᠳᠢᠣ᠋ ᠰᠠᠴᠤᠷᠠᠭᠤᠯᠭ᠎ᠠ᠎ᠶ᠋ᠢᠨ ᠲᠥᠪ ᠭᠠᠵᠠᠷ ᠎ᠲᠤ ᠠᠶᠤᠯ ᠦᠭᠡᠢ ᠦᠢᠯᠡᠳᠪᠦᠷᠢᠯᠡᠯ᠂ ᠠᠶᠤᠯ ᠦᠭᠡᠢ ᠨᠡᠪᠲᠡᠷᠡᠭᠦᠯᠭᠡ᠎ᠶ᠋ᠢᠨ ᠠᠵᠢᠯ᠎ᠢ ᠪᠠᠢᠴᠠᠭᠠᠨ ᠰᠤᠳᠤᠯᠪᠠ᠃

ᠪᠤᠭᠤᠲᠤ᠎ᠶ᠋ᠢᠨ ᠷᠠᠳᠢᠣ᠋ ᠰᠠᠴᠤᠷᠠᠭᠤᠯᠭ᠎ᠠ᠎ᠶ᠋ᠢᠨ ᠲᠥᠪ ᠭᠠᠵᠠᠷ᠎ᠤᠨ ᠣᠷᠳᠣᠰ᠎ᠤᠨ 835 ᠭᠠᠵᠠᠷ ᠎ᠲᠤ᠂ ᠵᠠᠩ ᠢ ᠮᠢᠨ ᠵᠢᠵᠢᠭᠦᠷᠯᠡᠬᠦ᠌ ᠲᠠᠰᠤᠭ᠂ ᠬᠠᠷᠪᠤᠯᠲᠠ᠎ᠶ᠋ᠢᠨ ᠮᠠᠱᠢᠨ᠎ᠤ ᠥᠷᠥᠭᠡ ᠪᠣᠯᠤᠨ ᠥᠨᠳᠥᠷ ᠬᠦᠴᠦᠳᠡᠯᠲᠦ ᠴᠠᠬᠢᠯᠭᠠᠨ ᠲᠦᠭᠡᠭᠡᠬᠦ᠌ ᠲᠠᠰᠤᠭ ᠵᠡᠷᠭᠡ ᠣᠷᠣᠨ ᠪᠦᠰᠡ᠎ᠶ᠋ᠢ ᠲᠤᠬᠠᠶ᠎ᠶ᠋ᠢᠨ ᠭᠠᠵᠠᠷ᠎ᠲᠤ ᠨᠢ ᠪᠠᠢᠴᠠᠭᠠᠵᠤ᠂ ᠭᠠᠵᠠᠷ ᠥᠷᠲᠡᠭᠡ᠎ᠶ᠋ᠢᠨ ᠪᠥᠲᠥᠭᠡᠨ ᠪᠠᠢᠭᠤᠯᠤᠯᠲᠠ ᠵᠢᠴᠢ ᠪᠠᠴᠢᠮ ᠪᠠᠢᠳᠠᠯ᠎ᠢ ᠠᠷᠭᠠᠴᠠᠬᠤ ᠷᠠᠳᠢᠣ᠋ ᠨᠡᠪᠲᠡᠷᠡᠭᠦᠯᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠎ᠢ ᠪᠠᠢᠴᠠᠭᠠᠨ ᠰᠤᠳᠤᠯᠪᠠ᠃ ᠦᠬᠠᠶ᠎ᠶ᠋ᠢᠨ ᠷᠠᠳᠢᠣ᠋ ᠰᠠᠴᠤᠷᠠᠭᠤᠯᠭ᠎ᠠ᠎ᠶ᠋ᠢᠨ ᠲᠥᠪ ᠭᠠᠵᠠᠷ᠎ᠤᠨ ᠰᠠᠴᠤᠷᠠᠭᠤᠯᠬᠤ ᠰᠠᠯᠠᠭ᠎ᠠ ᠵᠢᠴᠢ ᠠᠯᠠᠱᠠ ᠵᠡᠭᠦᠨ ᠬᠤᠱᠢᠭᠤᠨ᠎ᠤ 782 ᠭᠠᠵᠠᠷ ᠎ᠲᠤ᠂ ᠵᠠᠩ ᠢ ᠮᠢᠨ ᠬᠢᠨᠠᠨ ᠡᠵᠡᠮᠳᠡᠬᠦ᠌ ᠮᠠᠱᠢᠨ᠎ᠤ ᠥᠷᠥᠭᠡ ᠪᠣᠯᠤᠨ ᠬᠠᠷᠪᠤᠬᠤ ᠮᠠᠱᠢᠨ᠎ᠤ ᠥᠷᠥᠭᠡ᠎ᠳᠦ ᠬᠦᠷᠴᠦ᠍᠂ ᠵᠢᠵᠢᠭᠦᠷᠯᠡᠭ᠌ᠴᠢ ᠪᠣᠯᠤᠨ ᠮᠠᠱᠢᠨ᠎ᠤ ᠵᠢᠵᠢᠭᠦᠷᠯᠡᠭ᠌ᠴᠢ᠎ᠠᠴᠠ ᠳᠣᠬᠢᠶ᠎ᠠ᠎ᠶ᠋ᠢ ᠴᠠᠭ ᠲᠤᠬᠠᠶ᠎ᠳᠤ ᠨᠢ ᠬᠢᠨᠠᠨ ᠬᠡᠮᠵᠢᠭ᠌ᠰᠡᠨ ᠪᠠᠢᠳᠠᠯ᠎ᠢ ᠨᠠᠷᠢᠨ ᠣᠢᠯᠠᠭᠠᠭ᠍ᠰᠠᠨ ᠪᠥᠭᠡᠳ ᠬᠠᠮᠢᠶ᠎ᠠ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃

ᠵᠠᠩ ᠢ ᠮᠢᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠠᠶᠤᠯ ᠦᠭᠡᠢ ᠦᠢᠯᠡᠳᠪᠦᠷᠢᠯᠡᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠲᠠᠢ ᠨᠢᠭᠡᠳᠭᠡᠵᠦ᠍᠂ ᠠᠶᠤᠯ ᠦᠭᠡᠢ ᠦᠢᠯᠡᠳᠪᠦᠷᠢᠯᠡᠯ᠂ ᠠᠶᠤᠯ ᠦᠭᠡᠢ ᠨᠡᠪᠲᠡᠷᠡᠭᠦᠯᠭᠡ᠎ᠶ᠋ᠢᠨ ᠡᠯ᠎ᠡ ᠵᠦᠢᠯ᠎ᠤᠨ ᠠᠵᠢᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠠᠳᠭᠤᠬᠤ ᠬᠡᠷᠡᠭ᠌ᠲᠡᠢ᠃ ᠦᠵᠡᠯ ᠰᠠᠨᠠᠭ᠎ᠠ ᠲᠠᠨᠢᠯᠲᠠ᠎ᠪᠠᠨ ᠴᠢᠨᠠᠭ᠍ᠰᠢᠳᠠ ᠴᠢᠩᠭᠠᠷᠠᠭᠤᠯᠤᠨ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠪᠣᠯᠤᠨ ᠠᠵᠠ ᠵᠠᠪᠱᠢᠶᠠᠨ᠎ᠢ ᠡᠷᠢᠬᠦ᠌ ᠪᠤᠳᠤᠯ᠎ᠢ ᠡᠷᠡᠰ ᠲᠡᠪᠴᠢᠵᠦ᠍᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠷᠠᠳᠢᠣ᠋ ᠲᠧᠯᠸᠢᠰ᠎ᠤᠨ ᠭᠤᠣᠯᠳᠠᠯᠭ᠎ᠠ᠎ᠲᠠᠢ ᠣᠷᠣᠨ ᠪᠠᠢᠷᠢ᠂ ᠭᠤᠣᠯᠳᠠᠯᠭ᠎ᠠ᠎ᠲᠠᠢ ᠴᠠᠭ ᠪᠣᠯᠤᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠴᠢᠩᠭ᠎ᠠ ᠠᠩᠬᠠᠷᠴᠤ᠌᠂ ᠬᠠᠷᠢᠭᠤᠴᠠᠯᠭ᠎ᠠ ᠡᠭᠦᠷᠭᠡᠯᠡᠯ᠎ᠢᠶᠠᠨ ᠴᠢᠩᠭᠠᠷᠠᠭᠣᠯᠵᠣ᠂ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠠᠶᠤᠯ ᠦᠭᠡᠢ ᠦᠢᠯᠡᠳᠪᠦᠷᠢᠯᠡᠯ᠂ ᠠᠶᠤᠯ ᠦᠭᠡᠢ ᠨᠡᠪᠲᠡᠷᠡᠭᠦᠯᠭᠡ᠎ᠶ᠋ᠢᠨ ᠠᠵᠢᠯ᠎ᠳᠤ ᠥᠴᠦᠬᠡᠨ ᠴᠦ᠍ ᠠᠯᠳᠠᠰᠢ ᠭᠠᠷᠭᠠᠬᠤ ᠦᠭᠡᠢ ᠪᠠᠢᠬᠤ᠎ᠶ᠋ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠡᠨᠡ ᠬᠤᠭᠤᠴᠠᠭᠠᠨ᠎ᠳᠤ᠂ ᠵᠠᠩ ᠢ ᠮᠢᠨ ᠠᠯᠠᠱᠠ ᠠᠢᠮᠠᠭ᠎ᠤᠨ ᠬᠠᠮ ᠵᠠᠭᠤᠴᠢᠯᠠᠭᠤᠷ᠎ᠤᠨ ᠲᠥᠪ᠂ ᠠᠯᠠᠱᠠ᠎ᠶ᠋ᠢᠨ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠭ᠎ᠠ᠎ᠶ᠋ᠢᠨ ᠲᠥᠪ ᠭᠠᠵᠠᠷ᠎ᠳᠤ ᠬᠦᠷᠴᠦ᠍᠂ ᠭᠤᠤᠯ ᠵᠠᠭᠤᠴᠢᠯᠠᠭᠤᠷ᠎ᠤᠨ ᠱᠢᠰᠲ᠋ᠧᠮᠲᠦ ᠴᠢᠨᠠᠷᠲᠠᠶ ᠬᠤᠪᠢᠰᠤᠯᠲᠠ ᠪᠣᠯᠤᠨ ᠷᠠᠳᠢᠣ᠋ ᠲᠧᠯᠸᠢᠰ᠎ᠤᠨ ᠳᠣᠬᠢᠶ᠎ᠠ᠎ᠶ᠋ᠢ ᠳᠠᠮᠵᠢᠭᠤᠯᠵᠤ ᠣᠶᠤᠨᠴᠢ ᠠᠵᠢᠯᠯᠠᠭ᠎ᠠ᠎ᠶ᠋ᠢ ᠬᠠᠮᠠᠭᠠᠯᠠᠬᠤ ᠎ᠶ᠋ᠢᠨ ᠰᠣᠶᠣᠯ ᠵᠢᠭᠤᠯᠴᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠲᠤᠬᠠᠶ ᠪᠠᠢᠴᠠᠭᠠᠨ ᠰᠤᠳᠤᠯᠤᠯᠲᠠ ᠬᠢᠪᠠ᠃

(ᠠᠯᠪᠠᠨ ᠭᠡᠷ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ