10 ᠳ᠋ᠤᠭᠠᠷ ᠰᠠᠷ᠎ᠠ᠎ᠶ᠋ᠢᠨ 24 ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ 2025 ᠣᠨ᠎ᠤ 12 ᠳ᠋ᠤᠭᠠᠷ ᠤᠳᠠᠭᠠᠨ᠎ᠤ(ᠥᠷᠭᠡᠳᠭᠡᠭ᠌ᠰᠡᠨ)ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃
ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ ᠱᠢᠨ᠎ᠡ ᠠᠶᠠᠨ ᠵᠠᠮ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠦᠢᠯ᠎ᠤᠨ ᠴᠢᠬᠤᠯᠠ ᠬᠤᠷᠠᠯ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠣᠯᠤᠨ ᠪᠦᠬᠦᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠢ ᠪᠣᠯᠤᠨ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠰᠠᠨᠠᠭᠤᠯᠭ᠎ᠠ》 ᠨᠢ ᠢᠷᠡᠭᠡᠳᠦᠢ᠎ᠶ᠋ᠢᠨ ᠲᠠᠪᠤᠨ ᠵᠢᠯ᠎ᠤᠨ ᠬᠥᠭ᠌ᠵᠢᠯᠲᠡ᠎ᠳᠤ ᠦᠵᠦ᠍ ᠲᠥᠯᠥᠪᠯᠡᠭᠡ ᠪᠣᠯᠤᠨ ᠪᠠᠢᠯᠳᠤᠬᠤ ᠪᠤᠳᠤᠯᠭ᠎ᠠ᠎ᠶ᠋ᠢᠨ ᠵᠢᠷᠤᠭ ᠲᠥᠯᠥᠪᠯᠡᠭᠡ ᠬᠢᠵᠦ᠍᠂ ᠢᠯᠠᠯᠲᠠ᠎ᠶ᠋ᠢᠨ ᠡᠷᠴᠢᠨ ᠳᠡᠭᠡᠷ᠎ᠡ᠎ᠪᠠᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭ᠎ᠠ᠎ᠶ᠋ᠢᠨ ᠶᠡᠷᠦᠩᠬᠡᠢ ᠲᠠᠢᠴᠢᠯᠠᠯᠳᠠ᠂ ᠶᠡᠷᠦᠩᠬᠡᠢ ᠪᠠᠢᠷᠢᠯᠠᠭᠤᠯᠤᠯᠲᠠ ᠪᠣᠯᠤᠨ᠎ᠠ᠂ ᠡᠨᠡ᠎ᠨᠢ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠬᠥᠭ᠌ᠵᠢᠯᠲᠡ᠎ᠳᠤ ᠴᠢᠬᠤᠯᠠ ᠶᠡᠭᠡ ᠪᠥᠭᠡᠳ ᠠᠯᠤᠰ ᠬᠡᠳᠤ᠎ᠶ᠋ᠢᠨ ᠨᠥᠯᠥᠭᠡ ᠦᠵᠡᠭᠦᠯᠬᠦ᠌᠎ᠨᠢ ᠯᠠᠪᠲᠠᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠦ᠌ ᠱᠢᠰᠲ᠋ᠧᠮ᠎ᠤᠨ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠪᠣᠯ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠮᠥᠨ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠢ ᠪᠥᠬᠦ᠌ ᠲᠠᠯ᠎ᠠ᠎ᠪᠠᠷ ᠨᠠᠷᠢᠯᠢᠭ ᠣᠨᠣᠴᠠᠲᠠᠶ᠎ᠪᠠᠷ ᠰᠠᠢᠲᠤᠷ ᠬᠢᠵᠦ᠍᠂ ᠶᠠᠷᠢᠶ᠎ᠠ ᠬᠡᠯᠡᠯᠴᠡᠭᠡᠨ᠎ᠤ ᠰᠠᠢᠨ ᠰᠠᠢᠬᠠᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠬᠤ ᠬᠡᠷᠡᠭ᠌ᠲᠡᠶ᠃ ᠨᠠᠮ᠎ᠤᠨ ᠲᠥᠪ ᠬᠤᠷᠢᠶᠠᠨ᠎ᠤ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠢ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠡᠵᠡᠮᠳᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠣᠯ ᠱᠢᠵᠢᠮ᠎ᠤᠨ ᠲᠣᠭᠤᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ᠎ᠳᠠᠬᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠱᠢᠪᠲᠤᠯᠤᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠪᠦᠬᠦ᠌ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠤᠨ ᠱᠢᠨ᠎ᠡ ᠱᠢᠪᠲᠤᠯᠤᠯᠲᠠ᠎ᠲᠠᠢ ᠪᠣᠯᠬᠤ᠂ ᠱᠢᠨ᠎ᠡ ᠳᠡᠭ᠌ᠲᠡᠷ᠎ᠲᠤ ᠭᠠᠷᠬᠤ᠎ᠶ᠋ᠢ ᠴᠢᠷᠮᠠᠢᠨ ᠠᠬᠢᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠵᠦ᠍᠂ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠭᠡᠰᠢᠭᠦᠨ᠂ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠬᠡᠷ ᠪᠠ ᠲᠣᠪᠴᠢᠶ᠎ᠠ᠎ᠶ᠋ᠢᠨ ᠬᠠᠷᠢᠶ᠎ᠠ ᠡᠯ᠎ᠡ ᠠᠵᠢᠯ ᠦᠶ᠋ᠯᠡᠰ᠎ᠤᠨ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃
( ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ )