ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠱᠢᠨ᠎ᠡ᠎ᠪᠠᠷ ᠱᠢᠯᠭᠠᠨ ᠡᠯᠰᠡᠭ᠌ᠳᠡᠭ᠌ᠰᠡᠳ᠎ᠤᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠠᠩᠭᠢ ᠡᠷᠬᠢᠯᠡᠪᠡ
2025-12-18

12 ᠳ᠋ᠤᠭᠠᠷ ᠰᠠᠷ᠎ᠠ᠎ᠶ᠋ᠢᠨ 9 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠱᠢᠨ᠎ᠡ᠎ᠪᠠᠷ ᠱᠢᠯᠭᠠᠨ ᠡᠯᠰᠡᠭ᠌ᠳᠡᠭ᠌ᠰᠡᠳ᠎ᠤᠨ ᠠᠵᠢᠯ᠎ᠤᠨ ᠪᠠᠢᠷᠢ᠎ᠳᠤ ᠭᠠᠷᠬᠤ᠎ᠠᠴᠠ ᠡᠮᠦᠨᠡᠬᠢ ᠪᠣᠯᠪᠠᠰᠤᠷᠠᠯ᠎ᠤᠨ ᠠᠩᠭᠢ ᠡᠷᠭᠢᠯᠡᠪᠡ᠃ 2024 ᠣᠨ ᠵᠢᠴᠢ 2025 ᠣᠨ᠎ᠤ ᠠᠵᠢᠯ ᠦᠢᠯᠡᠰ᠎ᠤᠨ ᠨᠢᠭᠡᠴᠢ᠎ᠶ᠋ᠢᠨ ᠱᠢᠨ᠎ᠡ᠎ᠪᠠᠷ ᠱᠢᠯᠭᠠᠨ ᠡᠯᠰᠡᠭ᠌ᠳᠡᠭ᠌ᠰᠡᠨ ᠬᠥᠮᠦᠨ 130 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠪᠠ᠃

ᠪᠣᠯᠪᠠᠰᠣᠷᠠᠯ ᠨᠢ ᠲᠥᠪᠯᠡᠷᠡᠭᠦᠯᠦᠨ ᠬᠢᠴᠢᠶᠡᠯ ᠣᠷᠣᠬᠤ᠂ ᠬᠤᠪᠢᠶᠠᠯᠴᠠᠨ ᠰᠣᠯᠢᠯᠴᠠᠬᠤ᠂ ᠲᠤᠬᠠᠶ᠎ᠶ᠋ᠢᠨ ᠭᠠᠵᠠᠷ᠎ᠲᠤ ᠨᠢ ᠲᠣᠭᠤᠷᠢᠨ ᠦᠵᠡᠬᠦ᠌ ᠵᠡᠷᠭᠡ ᠠᠷᠭ᠎ᠠ ᠮᠠᠶᠢᠭ᠎ᠢ ᠠᠪᠴᠤ᠌᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠤᠷᠢᠶ᠎ᠠ᠂ ᠥᠪᠥᠷ ᠮᠣᠩᠭᠤᠯ᠎ᠤᠨ ᠨᠠᠮ᠎ᠤᠨ ᠰᠤᠷᠭᠠᠭᠤᠯᠢ ᠵᠡᠷᠭᠡ ᠬᠠᠮᠢᠶ᠎ᠠ ᠪᠥᠬᠦᠶ ᠨᠢᠭᠡᠴᠢ᠎ᠶ᠋ᠢᠨ ᠲᠤᠰᠭᠠᠶ ᠮᠡᠷᠭᠡᠵᠢᠯᠲᠡᠨ᠎ᠢ ᠤᠷᠢᠵᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠬᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠣᠭᠣᠰᠢᠭᠣᠯᠣᠨ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ ᠲᠤᠰᠭᠠᠶ ᠰᠡᠳᠦᠪ᠎ᠢᠶᠠᠷ ᠬᠢᠴᠢᠶᠡᠯ ᠣᠷᠣᠭᠤᠯᠵᠤ᠂ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠤᠲᠠᠰᠤ ᠥᠬᠡᠶ ᠰᠠᠴᠤᠷᠠᠭᠤᠯᠬᠤ ᠮᠡᠷᠭᠡᠵᠢᠯ᠎ᠤᠨ ᠬᠥᠭ᠌ᠵᠢᠯᠲᠡ ᠵᠢᠴᠢ ᠬᠡᠷᠡᠭ᠌ᠯᠡᠯᠲᠡ ᠵᠡᠷᠭᠡ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠰᠭᠠᠶ ᠰᠡᠳᠦᠪ᠎ᠢᠶᠠᠷ ᠬᠠᠪᠰᠤᠷᠤᠨ ᠵᠢᠯᠣᠭᠤᠳᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠭ᠍ᠰᠠᠨ ᠪᠥᠭᠡᠳ ᠳᠠᠢᠴᠢᠯᠠᠯᠲᠠ᠎ᠶ᠋ᠢᠨ ᠶᠠᠷᠢᠶ᠎ᠠ ᠲᠠᠯᠪᠢᠵᠤ᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠱᠦ᠍ ᠮᠧᠶ ᠬᠤᠷᠠᠯ ᠡᠷᠭᠢᠯᠡᠪᠡ᠃ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠬᠠᠮᠢᠶ᠎ᠠ ᠪᠥᠬᠦᠶ ᠭᠠᠵᠠᠷ ᠲᠠᠰᠣᠭ᠂ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠵᠢᠴᠢ ᠵᠠᠯᠠᠭᠤ ᠮᠡᠷᠭᠡᠵᠢᠯ᠎ᠤᠨ ᠭᠤᠤᠯᠯᠠᠭ᠍ᠴᠢ ᠬᠦᠴᠦᠨ ᠷᠠᠳᠢᠣ᠋ ᠲᠧᠯᠸᠢᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠴᠢ ᠭᠤᠤᠯᠳᠠᠯᠭ᠎ᠠ᠎ᠲᠠᠢ ᠠᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠡᠷᠭᠡ ᠲᠠᠯ᠎ᠠ᠎ᠪᠠᠷ ᠰᠠᠨᠠᠯ᠎ᠢᠶᠠᠨ ᠰᠣᠯᠢᠯᠴᠠᠵᠤ ᠬᠤᠪᠢᠶᠠᠯᠴᠠᠪᠠ᠃

ᠪᠣᠯᠪᠠᠰᠤᠷᠠᠯ᠎ᠤᠨ ᠬᠤᠭᠤᠴᠠᠭᠠᠨ᠎ᠳᠤ᠂ ᠰᠤᠷᠤᠭ᠍ᠴᠢᠳ ᠪᠠᠰᠠ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠪᠢᠴᠢᠯ ᠳᠣᠯᠭᠢᠶᠠᠨ ᠳᠠᠮᠵᠢᠭᠤᠯᠬᠤ ᠶᠡᠷᠦᠩᠬᠡᠢ ᠦᠷᠳᠡᠭᠡ ᠵᠢᠴᠢ ᠬᠢᠨᠠᠨ ᠬᠡᠮᠵᠢᠯᠲᠡ ᠪᠠ ᠬᠥᠭ᠌ᠵᠢᠯᠲᠡ᠎ᠶ᠋ᠢᠨ ᠲᠥᠪ᠎ᠢ ᠲᠤᠬᠠᠢ᠎ᠶ᠋ᠢᠨ ᠭᠠᠵᠠᠷ᠎ᠲᠤ ᠨᠢ ᠲᠣᠭᠤᠷᠢᠨ ᠦᠵᠡᠪᠡ᠃

( ᠠᠵᠢᠯᠲᠠᠨ᠎ᠤ ᠶᠠᠪᠤᠳᠠᠯ᠎ᠤᠨ ᠭᠠᠵᠠᠷ )

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ