ᠤᠯᠠᠮᠵᠢᠯᠠᠯᠲᠤ ᠲᠸᠯᠸᠢᠰ᠎ᠦᠨ ᠳᠠᠪᠲᠠᠮᠵᠢ ᠬᠦᠯᠢᠶᠡᠭᠦᠷ᠎ᠦᠨ 《 ᠬᠤᠯᠪᠤᠭ᠋ᠠᠰᠤ ᠣᠯᠠᠨ᠂ ᠠᠯᠤᠰ ᠡᠵᠡᠮᠰᠢᠭᠦᠷ ᠣᠯᠠᠨ᠂ ᠠᠵᠢᠯᠯᠠᠬᠤ᠎ᠨᠢ ᠪᠤᠳᠤᠯᠢᠶᠠᠨᠲᠠᠶ 》 ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠦᠷᠭᠦᠯᠵᠢᠯᠡᠨ ᠲᠠᠰ ᠳᠡᠪᠱᠢᠭᠦᠯᠬᠦ᠌ ᠠᠵᠢᠯ᠎ᠤᠨ ᠠᠷᠭ᠎ᠠ ᠬᠡᠮᠵᠢᠶ᠎ᠡ᠂ ᠱᠢᠪᠲᠤᠯᠤᠯᠲᠠ᠎ᠶ᠋ᠢᠨ ᠱᠠᠲᠤᠨ᠎ᠤ ᠬᠠᠪᠴᠢᠭᠤᠯᠬᠤ ᠬᠡᠯᠪᠡᠷᠢ᠎ᠶ᠋ᠢᠨ ᠪᠢᠴᠢᠯ ᠬᠡᠯᠪᠡᠷᠢ᠎ᠶ᠋ᠢᠨ ᠲᠸᠯᠸᠢᠰ᠎ᠦᠨ ᠳᠠᠪᠲᠠᠮᠵᠢ ᠬᠦᠯᠢᠶᠡᠭᠦᠷ᠎ᠦᠨ ᠬᠡᠪᠴᠢᠶᠡᠵᠢᠭᠦᠯᠦᠯᠲᠡ᠎ᠶ᠋ᠢᠨ ᠠᠵᠢᠯ᠎ᠢ ᠪᠦᠬᠦ᠌ ᠬᠦᠴᠦᠨ᠎ᠢᠶᠠᠷ ᠰᠠᠢᠲᠤᠷ ᠬᠢᠪᠡ᠃ ᠨᠢᠭᠡ᠎ᠳᠤ᠂ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠪᠠ᠃ ᠪᠣᠭᠤᠮᠲᠠ ᠱᠢᠪᠲᠤᠯᠬᠤ ᠵᠢᠯᠣᠭᠤᠳᠭᠤ ᠭᠠᠵᠠᠷ ᠪᠠᠢᠭᠤᠯᠵᠤ᠂ ᠭᠤᠣᠯ ᠤᠳᠤᠷᠢᠳᠤᠯᠭ᠎ᠠ ᠪᠡᠶ᠎ᠡ᠎ᠪᠠᠷ᠎ᠢᠶᠠᠨ ᠮᠠᠩᠯᠠᠢᠯᠠᠵᠤ᠂ ᠬᠤᠪᠢᠳᠠᠨ ᠬᠠᠮᠢᠶᠠᠷᠴᠤ᠌ ᠪᠠᠢᠭ᠎ᠠ ᠤᠳᠤᠷᠢᠳᠤᠯᠭ᠎ᠠ ᠵᠦᠢᠯ ᠳᠠᠷᠠᠭᠠᠯᠠᠨ ᠠᠬᠢᠭᠤᠯᠵᠤ᠂ ᠡᠯ᠎ᠡ ᠡᠵᠡᠩᠨᠡᠯᠲᠡ᠎ᠶ᠋ᠢᠨ ᠠᠵᠤ ᠠᠬᠤᠢᠯᠠᠯ ᠵᠢᠷᠤᠭ ᠡᠯᠭᠦᠨ ᠪᠠᠢᠯᠳᠤᠵᠠᠢ᠃ ᠲᠣᠪᠴᠢᠶ᠎ᠠ ᠬᠣᠷᠢᠶ᠎ᠠ ᠰᠦᠯᠵᠢᠶᠠᠨ᠎ᠤ ᠵᠣᠬᠢᠴᠠᠭᠣᠯᠣᠨ ᠨᠢᠭᠡᠳᠣᠯᠲᠠᠢ ᠪᠠᠢ᠌ᠷᠢᠯᠠᠭᠣᠯᠣᠯᠤᠨ ᠠᠵᠢᠯ᠎ᠤᠨ ᠬᠤᠷᠠᠯ᠂ ᠪᠠᠷᠠᠭ᠎ᠠ ᠬᠠᠩᠭᠠᠬᠤ᠎ᠶ᠋ᠢ ᠵᠣᠬᠢᠴᠠᠭᠤᠯᠬᠤ ᠬᠤᠷᠠᠯ ᠵᠡᠷᠭᠡ ᠲᠤᠰᠭᠠᠶ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠡᠯ᠎ᠡ ᠵᠦᠶ᠋ᠯ᠎ᠤᠨ ᠡᠭᠦᠷᠭᠡ᠎ᠶ᠋ᠢ ᠲᠦᠷᠭᠡᠨ ᠪᠡᠶᠡᠯᠡᠭᠦᠯᠬᠦ᠌᠎ᠶ᠋ᠢ ᠪᠥᠬᠦ᠌ ᠬᠦᠴᠦᠨ᠎ᠢᠶᠠᠷ ᠠᠬᠢᠭᠤᠯᠪᠠ᠃ ᠬᠤᠶᠠᠷ᠎ᠲᠤ ᠠᠵᠢᠯ᠎ᠤᠨ ᠰᠠᠭᠤᠷᠢ᠎ᠶ᠋ᠢ ᠪᠡᠬᠢᠵᠢᠭᠥᠯᠪᠡ᠃ ᠣᠭᠰᠠᠷᠠᠬᠣ ᠦᠢᠯᠡᠴᠢᠯᠡᠭᠡᠨ᠎ᠤ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠲᠣᠪᠴᠢᠶ᠎ᠠ᠎ᠶ᠋ᠢᠨ ᠲᠣᠰ ᠱᠠᠲᠤᠨ᠎ᠤ ᠮᠡᠷᠭᠡᠵᠢᠯ᠎ᠤᠨ ᠠᠵᠢᠯᠲᠠᠨ᠎ᠢ ᠱᠢᠯᠵᠢᠭᠦᠯᠦᠨ ᠳᠠᠭᠠᠭᠠᠴᠢᠯᠠᠬᠤ ᠮᠡᠷᠭᠡᠵᠢᠯ᠎ᠢ ᠠᠬᠢᠭᠤᠯᠬᠤ ᠳᠤᠭᠤᠢᠯᠠᠩ ᠵᠣᠬᠢᠶᠠᠨ ᠪᠠᠢᠭᠤᠯᠵᠤ᠂ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠡᠷᠦᠬᠡ᠎ᠳᠤ ᠣᠷᠣᠵᠤ ᠤᠭ᠍ᠰᠠᠷᠠᠬᠤ ᠠᠵᠢᠯ᠎ᠢ ᠪᠥᠬᠦ᠌ ᠬᠦᠴᠦᠨ᠎ᠢᠶᠠᠷ᠎ᠢᠶᠠᠨ ᠳᠡᠮᠵᠢᠵᠦ᠍᠂ ᠪᠥᠬᠦ᠌ ᠲᠤᠭᠤᠷᠢᠭ᠎ᠤᠨ ᠪᠠᠲᠤᠯᠠᠭ᠎ᠠ᠎ᠶ᠋ᠢᠨ ᠬᠦᠴᠦᠨ 6700 ᠭᠠᠷᠤᠢ ᠬᠥᠮᠦᠨ᠎ᠢ ᠳᠠᠪᠠᠪᠠ᠃ ᠭᠤᠷᠪᠠ᠎ᠳᠤ᠂ ᠲᠣᠪᠴᠢᠶ᠎ᠠ ᠬᠣᠷᠢᠶ᠎ᠠ ᠰᠦᠯᠵᠢᠶᠡᠨ᠎ᠦ ᠬᠦᠴᠦᠨ᠎ᠢ ᠨᠢᠭᠲᠠᠷᠠᠭᠣᠯᠪᠠ᠃ ᠲᠣᠪᠴᠢᠶ᠎ᠠ᠎ᠶ᠋ᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠡᠭᠡᠵᠢᠩ ᠵᠢᠴᠢ ᠦᠢᠯᠡᠳᠪᠦᠷᠢ᠎ᠶ᠋ᠢᠨ ᠪᠠᠢᠭ᠎ᠠ ᠭᠠᠵᠠᠷ᠎ᠲᠤ ᠬᠦᠷᠴᠦ᠍ ᠪᠠᠷᠠᠭ᠎ᠠ ᠲᠣᠬᠢᠷᠠᠭᠤᠯᠬᠤ ᠵᠡᠷᠭᠡ ᠶᠠᠪᠤᠳᠠᠯ᠎ᠢ ᠢᠳᠡᠪᠬᠢᠲᠡᠶ᠎ᠪᠠᠷ ᠵᠣᠬᠢᠴᠠᠭᠤᠯᠪᠠ᠃ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠡᠷᠭᠡ ᠬᠠᠮᠢᠶ᠎ᠠ ᠪᠥᠬᠦᠶ ᠵᠠᠭᠤᠴᠢᠯᠠᠭᠤᠷ᠎ᠢ ᠵᠣᠬᠢᠶᠠᠨ ᠪᠠᠢᠭᠤᠯᠵᠤ᠂ ᠲᠤᠰᠭᠠᠶ ᠰᠡᠳᠦᠪᠲᠦ ᠮᠡᠳᠡᠭᠡᠯᠡᠯ᠎ᠤᠨ ᠬᠠᠪᠴᠢᠭᠤᠯᠬᠤ ᠮᠠᠶᠢᠭ᠎ᠤᠨ ᠪᠢᠴᠢᠯ ᠬᠡᠯᠪᠡᠷᠢ᠎ᠶ᠋ᠢᠨ ᠲᠸᠯᠸᠢᠰ᠎ᠤᠨ ᠳᠠᠪᠲᠠᠮᠵᠢ ᠬᠦᠯᠢᠶᠡᠭᠦᠷ᠎ᠦᠨ ᠮᠠᠯᠵᠢᠬᠤ ᠣᠷᠣᠨ᠂ ᠬᠢᠯᠢ ᠬᠢᠵᠠᠭᠠᠷ᠂ ᠬᠥᠳᠡᠭᠡ ᠲᠣᠰᠭᠤᠨ᠎ᠳᠤ ᠦᠢᠯᠡᠴᠢᠯᠡᠬᠦ᠌᠎ᠶ᠋ᠢ ᠪᠠᠢᠷᠢᠯᠠᠭᠤᠯᠵᠤ᠂ ᠠᠷᠠᠳ᠎ᠲᠤ ᠲᠥᠬᠦᠮ ᠦᠵᠡᠭᠦᠯᠬᠦ᠌ ᠦᠷ᠎ᠡ ᠪᠦᠲᠦᠮᠵᠢ᠎ᠶ᠋ᠢ ᠳᠣᠪᠤᠢᠯᠭᠠᠪᠠ᠃ ᠲᠦᠷᠪᠡ᠎ᠳᠤ᠂ ᠦᠢᠯᠡᠴᠢᠯᠡᠭᠡᠨ᠎ᠤ ᠶᠠᠰᠤ ᠴᠢᠨᠠᠷ ᠦᠷ᠎ᠡ ᠠᠱᠢᠭ᠎ᠢ ᠳᠡᠭᠡᠭ᠌ᠰᠢᠯᠡᠭᠦᠯᠪᠡ᠃ ᠡᠯ᠎ᠡ ᠠᠢᠮᠠᠭ ᠬᠤᠲᠠ᠎ᠶ᠋ᠢᠨ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠢ ᠲᠣᠬᠢᠷᠠᠭᠤᠯᠤᠨ ᠬᠡᠷᠡᠭ᠌ᠯᠡᠭ᠌ᠴᠢᠳ᠎ᠤᠨ ᠦᠢᠯᠡᠴᠢᠯᠡᠭᠡᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠲᠣᠭ᠍ᠲᠠᠴᠠ᠎ᠶ᠋ᠢ ᠪᠠᠢᠭᠤᠯᠵᠤ᠂ ᠬᠡᠷᠡᠭ᠌ᠯᠡᠭ᠌ᠴᠢᠳ᠎ᠤᠨ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤ ᠨᠢ ᠳᠠᠭᠠᠵᠤ᠂ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠪᠦᠷᠢᠯᠳᠦᠭᠦᠯᠪᠡ᠃ 12 ᠳ᠋ᠤᠭ᠋ᠠᠷ ᠰᠠᠷ᠎ᠠ᠎ᠶᠢᠨ 23᠎ᠤ᠋ ᠡᠳᠦᠷ ᠪᠣᠯᠲᠠᠯ᠎ᠠ᠂ ᠥᠪᠥᠷ ᠮᠣᠩᠭᠣᠯ ᠨᠢᠭᠡᠨᠲᠡ ᠪᠢᠴᠢᠯ ᠬᠡᠯᠪᠡᠷᠢ᠎ᠶᠢᠨ ᠬᠠᠪᠴᠢᠭᠣᠯᠬᠣ ᠬᠡᠯᠪᠡᠷᠢ᠎ᠶᠢᠨ ᠲᠸᠯᠸᠢᠰ᠎ᠤᠨ ᠳᠠᠪᠲᠠᠮᠵᠢ ᠬᠦᠯᠢᠶᠡᠭᠦᠷ 20.59 ᠲᠦᠮᠡᠨ ᠦᠵᠦᠭᠦᠷᠯᠢᠭ᠎ᠲᠦ ᠬᠦᠷᠴᠦ᠍᠂ 19.19 ᠲᠦᠮᠡᠨ ᠦᠵᠦᠭᠦᠷᠯᠢᠭ᠎ᠦᠨ ᠣᠨ᠎ᠤ᠋ ᠡᠭᠦᠷᠭᠡ᠎ᠶᠢ ᠤᠷᠢᠳᠴᠢᠯᠠᠨ ᠪᠡᠶᠡᠯᠡᠭᠦᠯᠵᠦ᠍᠂ ᠵᠢᠱ᠌ᠢᠯᠲᠡ᠎ᠪᠡᠷ ᠵᠢᠯ᠎ᠦ᠋ᠨ ᠳᠣᠲᠣᠷ᠎ᠠ 22.3 ᠲᠦᠮᠡᠨ ᠦᠵᠥᠭᠦᠷᠯᠢᠭᠢ ᠲᠣᠬᠢᠷᠠᠭᠤᠯᠤᠨ ᠳᠠᠭᠤᠰᠭᠠᠨ᠎ᠠ᠃
( ᠰᠢᠨᠵᠢᠯᠡᠭᠡ ᠮᠡᠷᠭᠡᠵᠢᠯ᠎ᠤᠨ ᠭᠠᠵᠠᠷ )