ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢᠨ ᠳᠡᠭᠡᠭᠰᠢᠯᠡᠭᠦᠯᠬᠦ ᠠᠵᠢᠯᠯᠠᠭ᠎ᠠ ᠵᠢ ᠬᠦᠴᠦ᠎ᠪᠠᠨ ᠲᠥᠪᠯᠡᠷᠡᠭᠦᠯᠦᠨ ᠠᠬᠢᠭᠤᠯᠪᠠ
2025-02-08



  2 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ  ᠨᠠᠶ᠋ᠢᠳᠠᠪᠤᠷᠢᠵᠢᠭᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃

   ᠠᠬᠢᠭᠤᠯᠬᠤ ᠬᠤᠷᠠᠯ᠎ᠨᠢ ᠤᠮᠠᠷᠠᠲᠤ ᠬᠢᠯᠢ ᠵᠢᠨ ᠰᠣᠶᠣᠯ᠎ᠤᠨ ᠣᠨᠣᠯ᠎ᠤᠨ ᠳᠠᠮᠵᠢᠭᠤᠯᠭ᠎ᠠ ᠵᠢᠨ  ᠰᠤᠳᠤᠯᠭ᠋ᠠᠨ᠎ᠢ ᠭᠦᠨᠵᠡᠭᠡᠶ᠋ᠢᠷᠡᠭᠦᠯᠬᠦ᠂ ᠤᠮᠠᠷᠠᠲᠤ ᠬᠢᠯᠢ ᠵᠢᠨ ᠰᠣᠶᠣᠯ᠎ᠤᠨ ᠰᠣᠳᠣᠨ ᠠᠭᠤᠯᠭ᠎ᠠ ᠵᠢ ᠵᠣᠬᠢᠶᠠᠨ ᠪᠦᠲᠦᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ᠂ ᠤᠮᠠᠷᠠᠲᠤ ᠬᠢᠯᠢ ᠵᠢᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢᠨ ᠤᠬᠠᠭᠤᠯᠭ᠎ᠠ ᠦᠵᠡᠭᠦᠯᠭᠡ ᠵᠢ ᠴᠢᠩᠭ᠋ᠠᠷᠠᠭᠤᠯᠬᠤ ᠂ ᠤᠮᠠᠷᠠᠲᠤ ᠬᠢᠯᠢ ᠵᠢᠨ ᠰᠣᠶᠣᠯ᠎ᠤᠨ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠠᠭᠤᠯᠭ᠎ᠠ ᠵᠢᠨ ᠲᠣᠭᠤᠷᠢᠨ᠎ᠳᠤ ᠭᠦᠢ᠍ᠴᠡᠳ ᠶᠠᠷᠢᠯᠴᠠᠵᠤ᠂ 2025 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠠᠵᠢᠯ᠎ᠤᠨ ᠬᠤᠷᠠᠯ᠎ᠤᠨ ᠳᠣᠭᠢᠷᠠᠭᠤᠯᠤᠨ ᠪᠠᠶ᠋ᠢᠷᠢᠯᠠᠭᠤᠯᠤᠭᠰᠠᠨ ᠡᠯ᠎ᠡ ᠵᠦᠢ᠍ᠯ᠎ᠤᠨ  ᠡᠭᠦᠷᠭᠡ ᠵᠢᠨ ᠰᠠᠭᠤᠷᠢᠨ ᠳᠡᠭᠡᠷ᠎ᠡ᠂ ᠠᠵᠢᠯ ᠲᠥᠷᠥᠯ᠎ᠤᠨ ᠨᠢᠭᠡᠴᠢ ᠵᠢᠨ ᠬᠠᠷᠢᠭᠤ ᠲᠤᠰᠬᠠᠭᠰᠠᠨ ᠰᠠᠨᠠᠯ᠎ᠲᠠᠢ ᠤᠶᠠᠯᠳᠤᠭᠤᠯᠤᠨ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃

   ᠰᠢ  ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠤᠢ ᠪᠣᠯᠭ᠋ᠠᠬᠤ ᠠᠵᠢᠯ᠎ᠤᠨ ᠭᠤᠣᠯ ᠰᠢᠵᠢᠮ᠎ᠢ ᠲᠤᠭᠤᠰᠢᠯᠠᠭᠤᠯᠪᠠ ᠂ ᠰᠣᠶᠣᠯ᠎ᠤᠨ ᠪᠠᠶ᠋ᠢᠭᠤᠯᠤᠯᠲᠠ ᠵᠢᠨ ᠠᠵᠢᠯ᠎ᠤᠨ ᠶᠡᠷᠦᠩᠬᠡᠢ ᠭᠠᠷᠳᠠᠴᠠ ᠪᠣᠯ ᠳᠠᠷᠤᠢ ᠤᠮᠠᠷᠠᠲᠤ ᠬᠢᠯᠢ ᠵᠢᠨ ᠰᠣᠶᠣᠯ᠎ᠢ ᠪᠠᠶ᠋ᠢᠭᠤᠯᠬᠤ ᠶᠠᠪᠤᠳᠠᠯ ᠪᠣᠯᠤᠨ᠎ᠠ᠃ ᠤᠯᠠᠨ ᠵᠶ᠋ᠠᠷ ᠵᠶ᠋ᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶᠠᠨ᠎ᠤ  ᠶᠢᠰᠦᠳᠦᠭᠡᠷ ᠤᠳᠠᠭ᠎ᠠ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠨᠵᠧᠨᠧᠷᠢᠩ ᠵᠶ᠋ᠠᠷ ᠬᠥᠳᠡᠯᠭᠡᠭᠦᠷ ᠪᠣᠯᠭ᠋ᠠᠵᠤ᠂ ᠰᠢᠰᠲ᠋ᠧᠮ᠎ᠤᠨ ᠦᠵᠡᠯᠲᠡ᠎ᠪᠠᠷ ᠪᠠᠷᠠᠯᠠᠯᠲᠤ  ᠴᠢᠨᠠᠷ᠂ ᠪᠦᠬᠦᠯᠢ ᠴᠣᠭᠴᠠ ᠵᠢᠨ ᠴᠢᠨᠠᠷᠲᠠᠢ ᠲᠥᠯᠥᠪᠵᠢᠭᠦᠯᠭᠡ ᠵᠢ ᠬᠢᠵᠦ᠂ ᠲᠣᠪᠴᠢᠶ᠎ᠠ ᠬᠣᠷᠢᠶ᠎ᠠ ᠰᠦᠯᠵᠢᠶ᠎ᠡ  ᠬᠤᠯᠪᠣᠭ᠋ᠠᠯᠠᠨ ᠬᠥᠳᠡᠯᠦᠯᠴᠡᠬᠦ᠂ ᠮᠤᠵᠢ ᠠᠯᠤᠰᠯᠠᠨ ᠬᠠᠮᠵᠢᠯᠴᠠᠬᠤ ᠪᠠ ᠤᠯᠠᠨ ᠤᠯᠤᠰ᠎ᠤᠨ ᠳᠠᠮᠵᠢᠭᠤᠯᠭ᠎ᠠ ᠵᠡᠷᠭᠡ ᠭᠤᠷᠪᠠᠨ  ᠳᠠᠪᠬᠤᠷᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠤᠳᠠᠭ᠋ᠠᠨ ᠳᠠᠭ᠋ᠠᠭ᠋ᠠᠮᠠᠭ᠋ᠠᠢ ᠠᠵᠢᠯᠯᠠᠵᠤ᠂ ᠤᠮᠠᠷᠠᠲᠤ ᠬᠢᠯᠢ ᠵᠢᠨ ᠰᠣᠶᠣᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠦᠷᠢᠶᠡᠨ᠎ᠳᠤ ᠪᠦᠬᠦ ᠲᠠᠯ᠎ᠠ᠎ᠪᠠᠷ ᠴᠡᠴᠡᠭᠯᠡᠵᠦ᠂ ᠭᠤᠣᠯᠳᠠᠯᠭ᠎ᠠ᠎ᠲᠠᠢ ᠦᠷ᠎ᠡ ᠳ᠋ᠦᠩ᠎ᠢ ᠠᠬᠢᠭᠤᠯᠵᠤ᠂ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭᠲᠦ ᠵᠢ  ᠨᠡᠩ ᠲᠤᠳᠤᠵᠢᠭᠤᠯᠵᠤ ᠂ ᠨᠡᠩ ᠴᠤᠤᠷᠢᠶᠠᠲᠤᠭᠤᠯᠤᠨ᠎ᠠ ᠭᠡᠵᠦ ᠰᠠᠨᠠᠯ ᠨᠢᠭᠡᠲᠡᠢ ᠦᠵᠡᠵᠡᠭᠡᠪᠡ ᠃

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠠᠬᠢᠭᠤᠯᠬᠤ ᠬᠤᠷᠠᠯ᠎ᠢ ᠡᠷᠭᠢᠯᠡᠵᠦ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠪᠠᠶ᠋ᠢᠭᠤᠯᠭ᠎ᠠ ᠵᠢᠨ ᠭᠠᠵᠠᠷ ᠬᠡᠷ ᠪᠠ ᠲᠣᠪᠴᠢᠶᠠᠨ᠎ᠤ  ᠬᠠᠷᠢᠶ᠎ᠠ ᠨᠢᠭᠡᠴᠢ ᠵᠢᠨ ᠭᠤᠤᠯ ᠬᠠᠷᠢᠭᠤᠴᠠᠯᠭ᠋ᠠᠲᠠᠳ ᠣᠷᠣᠯᠴᠠᠪᠠ ᠃

(ᠠᠯᠪᠠᠨ ᠭᠡᠷ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ