2025 ᠣᠨ᠎ᠤ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠮᠤᠷ ᠲᠦᠪᠰᠢᠨ ᠨᠡᠪᠲᠡᠷᠡᠭᠦᠯᠭᠡ ᠵᠢᠨ ᠴᠢᠬᠤᠯᠠ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦ ᠵᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠥᠬᠦ ᠣᠷᠣᠨ᠎ᠤ ᠷᠠᠳᠢᠣ᠋ ᠲᠧᠯᠸᠢᠰ᠎ᠤᠨ ᠠᠵᠢᠯ ᠲᠥᠷᠥᠯ᠎ᠢ ᠵᠢᠯᠣᠭᠤᠳᠴᠤ ᠪᠠᠶ᠋ᠢᠭ᠋ᠠᠳ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠶᠤᠯᠭᠦᠢ ᠦᠢ᠍ᠯᠡᠳᠪᠦᠷᠢᠯᠡᠯ ᠂ ᠠᠮᠤᠷ ᠲᠦᠪᠰᠢᠨ ᠨᠡᠪᠲᠡᠷᠡᠭᠦᠯᠭᠡ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ ᠬᠠᠷᠢᠭᠤᠴᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠠᠮᠤᠷ ᠲᠦᠪᠰᠢᠨ᠎ᠤ ᠪᠣᠭᠤᠮᠲᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠡᠵᠡᠮᠳᠡᠵᠦ᠂ ᠠᠮᠤᠷ ᠠᠮᠤᠭᠤᠯᠠᠩ ᠵᠶ᠋ᠡᠷ ᠰᠢᠨ᠎ᠡ ᠵᠢᠯ ᠵᠶ᠋ᠡᠨ ᠰᠠᠶ᠋ᠢᠲᠤᠷ ᠥᠩᠭᠡᠷᠡᠭᠦᠯᠬᠦ ᠵᠢ ᠦᠨᠡᠨ ᠬᠦ᠌ ᠪᠠᠲᠤᠯᠠᠪᠠ᠃
ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠷᠠᠭᠤᠯᠵᠤ ᠂ ᠬᠠᠷᠢᠭᠤᠴᠠᠯᠭ᠎ᠠ ᠵᠢᠨ ᠤᠯᠠᠭ᠋ᠠᠨ ᠱᠤᠭᠤᠮ᠎ᠢ ᠲᠤᠳᠤᠷᠬᠠᠢ᠌ᠯᠠᠪᠠ ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠤᠨ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠪᠠᠶ᠋ᠢᠷᠢᠯᠠᠭᠤᠯᠪᠠ᠃ ᠡᠯ᠎ᠡ ᠨᠢᠭᠡᠴᠢ ᠵᠢ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠪᠦᠬᠦ ᠲᠠᠯ᠎ᠠ᠎ᠪᠠᠷ ᠪᠣᠰᠤᠭ᠎ᠠ ᠴᠣᠭᠴᠠᠲᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠲᠣᠭᠲᠠᠯᠴᠠᠭ᠎ᠠ ᠵᠢ ᠪᠦᠷᠢᠯᠳᠦᠭᠦᠯᠵᠦ᠂ ᠡᠯ᠎ᠡ ᠴᠢᠬᠤᠯᠠ ᠭᠤᠭᠴᠤᠭ᠎ᠠ ᠵᠢᠨ ᠬᠥᠮᠦᠨ᠎ᠤ ᠰᠡᠷᠭᠡᠶ᠋ᠢᠯᠡᠯᠲᠡ ᠪᠣᠯᠤᠨ ᠮᠡᠷᠭᠡᠵᠢᠯ᠎ᠤᠨ ᠰᠡᠷᠭᠡᠶ᠋ᠢᠯᠡᠯᠲᠡ ᠵᠢ ᠨᠢᠭᠲᠠ ᠤᠶᠠᠯᠳᠤᠭᠤᠯᠵᠤ᠂ ᠠᠵᠢᠯ᠎ᠤᠨ ᠬᠠᠷᠢᠭᠤᠴᠠᠯᠭ᠎ᠠ ᠵᠢ ᠬᠥᠮᠦᠨ᠎ᠳᠤ ᠨᠠᠶ᠋ᠢᠳᠠᠪᠤᠷᠢᠵᠢᠭᠤᠯᠵᠤ᠂ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠤᠨ ᠬᠠᠷᠢᠭᠤᠴᠠᠯᠭ᠎ᠠ ᠵᠢ ᠱᠠᠳᠤ ᠱᠠᠳᠤ᠎ᠪᠠᠷ ᠪᠣᠳᠠᠲᠠᠶ᠋ᠢᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠶᠠᠷ᠎ᠲᠤ᠂ ᠪᠠᠶ᠋ᠢᠴᠠᠭ᠋ᠠᠨ ᠰᠤᠳᠤᠯᠤᠯᠲᠠ ᠬᠢᠵᠦ᠂ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠪᠠᠲᠤ ᠰᠠᠬᠢᠪᠠ᠃ ᠴᠠᠭ᠋ᠠᠨ ᠰᠠᠷ᠎ᠠ᠎ᠠᠴᠠ ᠡᠮᠦᠨ᠎ᠡ᠂ ᠲᠣᠪᠴᠢᠶᠠᠨ᠎ᠤ ᠤᠳᠤᠷᠢᠳᠤᠯᠭ᠎ᠠ ᠲᠣᠪᠴᠢᠶ᠎ᠠ ᠬᠠᠮᠢᠶ᠎ᠠ ᠪᠦᠬᠦᠢ ᠨᠢᠭᠡᠴᠢ᠎ᠳᠤ ᠬᠦᠷᠴᠦ ᠪᠣᠳᠠᠲᠠᠢ ᠭᠠᠵᠠᠷ᠎ᠲᠤᠨᠢ ᠪᠠᠢ᠌ᠴᠠᠭ᠋ᠠᠯᠲᠠ ᠬᠢᠪᠡ᠃ ᠲᠣᠪᠴᠢᠶᠠᠨ᠎ᠤ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ᠎ᠲᠤ ᠭᠠᠯ ᠤᠨᠲᠠᠷᠠᠭ᠋ᠠᠬᠤ ᠠᠮᠤᠷ ᠲᠦᠪᠰᠢᠨ ᠵᠡᠷᠭᠡ ᠲᠠᠯ᠎ᠠ᠎ᠪᠠᠷ ᠨᠠᠷᠢᠨ ᠪᠠᠶ᠋ᠢᠴᠠᠭ᠋ᠠᠯᠲᠠ ᠬᠢᠵᠦ᠂ ᠠᠮᠤᠷ ᠲᠦᠪᠰᠢᠨ᠎ᠢ ᠪᠠᠲᠤᠯᠠᠬᠤ ᠵᠢ ᠲᠡᠷᠢᠭᠦᠨ ᠴᠢᠬᠤᠯᠠ ᠶᠠᠪᠤᠳᠠᠯ ᠪᠣᠯᠭ᠋ᠠᠵᠤ᠂ ᠠᠮᠤᠷ ᠲᠦᠪᠰᠢᠨ᠎ᠤ ᠡᠨᠡ ᠬᠦ᠌ ᠬᠥᠪᠴᠢ ᠵᠢ ᠢᠮᠠᠭᠲᠠ ᠴᠢᠩᠭ᠋ᠠᠯᠠᠵᠤ᠂ ᠵᠢᠵᠢᠭᠦᠷᠯᠡᠨ ᠰᠠᠬᠢᠬᠤ ᠲᠦᠷᠢᠮ᠎ᠢ ᠤᠯᠠᠮ ᠨᠢᠭᠡ ᠠᠯᠬᠤᠮ ᠴᠢᠩᠳᠠᠯᠠᠵᠤ᠂ ᠠᠵᠢᠯᠲᠠᠨ᠎ᠢ ᠪᠣᠳᠠᠲᠠᠶ᠋ᠢᠵᠢᠭᠤᠯᠬᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ᠎ᠢ ᠪᠣᠳᠠᠲᠠᠶ᠋ᠢᠵᠢᠭᠤᠯᠬᠤ ᠵᠢ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠬᠢᠨᠠᠨ ᠬᠡᠮᠵᠢᠯᠲᠡ ᠬᠢᠭᠡᠳ ᠬᠥᠭᠵᠢᠯᠲᠡ ᠵᠢᠨ ᠲᠥᠪ ᠪᠠ ᠪᠢᠴᠢᠯ ᠳᠣᠯᠭᠢᠶᠠᠨ᠎ᠤ ᠳᠠᠮᠵᠢᠭᠤᠯᠭ᠎ᠠ ᠵᠢᠨ ᠶᠡᠷᠦᠩᠬᠡᠶ ᠥᠷᠲᠡᠭᠡ᠎ᠳᠤ᠂ ᠠᠮᠤᠷ ᠲᠦᠪᠰᠢᠨ ᠨᠡᠪᠲᠡᠷᠡᠭᠦᠯᠭᠡ᠂ ᠠᠶᠤᠯᠭᠦᠶ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠬᠠᠮᠢᠶᠠᠷᠤᠯᠲᠠ ᠵᠢᠨ ᠲᠦᠷᠢᠮ᠂ ᠠᠵᠢᠯᠯᠠᠭ᠋ᠠᠨ᠎ᠤ ᠬᠠᠮᠠᠭ᠋ᠠᠯᠠᠯᠲᠠ᠂ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠵᠡᠷᠭᠡ ᠠᠭᠤᠯᠭ᠎ᠠ ᠵᠢᠨ ᠲᠣᠭᠤᠷᠢᠨ᠎ᠳᠤ ᠨᠠᠷᠢᠨ ᠪᠠᠶ᠋ᠢᠴᠠᠭ᠋ᠠᠯᠲᠠ ᠬᠢᠵᠦ᠂ 《ᠴᠠᠭ ᠢᠮᠠᠭᠲᠠ ᠰᠠᠨᠠᠭ᠎ᠠ ᠠᠮᠤᠷ ᠦᠭᠡᠢ》 ᠪᠠᠶ᠋ᠢᠬᠤ ᠬᠠᠷᠢᠭᠤᠴᠠᠯᠭ᠋ᠠᠲᠤ ᠰᠡᠳᠬᠢᠯᠭᠡ ᠵᠢ 《ᠶᠠᠪᠤᠳᠠᠯ ᠪᠦᠬᠦᠨ᠎ᠢ ᠰᠡᠳᠬᠢᠯ ᠳᠣᠲᠣᠷ᠎ᠠ᠎ᠪᠠᠨ ᠲᠣᠭ᠎ᠠ᠎ᠲᠠᠢ 》 ᠪᠣᠯᠭ᠋ᠠᠬᠤ ᠠᠵᠢᠯᠯᠠᠭ᠋ᠠᠨ᠎ᠤ ᠬᠦᠴᠦᠨ ᠪᠣᠯᠭ᠋ᠠᠨ ᠬᠤᠪᠢᠷᠠᠭᠤᠯᠵᠤ᠂ ᠰᠡᠷᠭᠡᠶ᠋ᠢᠯᠡᠬᠦ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠴᠢᠩᠭ᠋ᠠᠷᠠᠭᠤᠯᠵᠤ ᠂ ᠨᠠᠩ ᠶᠡᠭᠡ ᠡᠷᠴᠢᠮ᠂ ᠨᠠᠩ ᠴᠢᠩᠭ᠎ᠠ ᠱᠠᠭ᠋ᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠠᠶᠤᠯᠭᠦᠶ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃ ᠳᠠᠮᠵᠢᠭᠤᠯᠤᠨ ᠰᠠᠴᠤᠷᠠᠭᠤᠯᠬᠤ ᠲᠥᠪ᠎ᠤᠨ ᠬᠥᠬᠡᠬᠤᠲᠠ᠎ᠳᠤ ᠰᠠᠭᠤᠭ᠎ᠠ ᠬᠣᠷᠢᠶ᠎ᠠ ᠥᠷᠲᠡᠭᠡ᠎ᠳᠤ᠂ ᠵᠢᠵᠢᠭᠦᠷᠯᠡᠬᠦ ᠮᠠᠰᠢᠨ᠎ᠤ ᠲᠠᠰᠤᠭ᠂ ᠬᠠᠷᠪᠤᠯᠲᠠ ᠵᠢᠨ ᠲᠡᠮᠦᠷ ᠰᠤᠪᠤᠷᠭ᠎ᠠ᠂ ᠠᠨᠲ᠋ᠢᠨ᠎ᠠ ᠤᠲᠠᠰᠤᠨ᠎ᠤ ᠲᠠᠯᠠᠪᠤᠷ ᠵᠢᠴᠢ ᠴᠠᠬᠢᠯᠭ᠋ᠠᠨ ᠲᠦᠭᠡᠭᠡᠬᠦ ᠲᠠᠰᠤᠭ ᠵᠡᠷᠭᠡ ᠭᠤᠤᠯᠳᠠᠯᠭ᠎ᠠ᠎ᠲᠠᠢ ᠣᠷᠣᠨ ᠪᠦᠰᠡ ᠵᠢ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠵᠦ᠂ ᠣᠶ ᠵᠢᠨ ᠲᠦᠢ᠍ᠮᠡᠷ ᠂ ᠲᠦᠢ᠍ᠯ᠎ᠤᠨ ᠬᠠᠬᠢᠷ ᠬᠦᠢ᠍ᠳᠡᠨ᠂ ᠮᠥᠰᠥ ᠴᠠᠰᠤ ᠵᠢ ᠰᠡᠷᠭᠡᠶ᠋ᠢᠯᠡᠬᠦ ᠵᠡᠷᠭᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠭᠤᠤᠯᠳᠠᠯᠭ᠎ᠠ᠎ᠲᠠᠢ ᠠᠰᠠᠭᠤᠨ ᠯᠠᠪᠯᠠᠵᠤ᠂ 2025 ᠣᠨ᠎ᠤ ᠴᠠᠭ᠋ᠠᠨ ᠰᠠᠷ᠎ᠠ ᠵᠢᠨ ᠠᠮᠤᠷ ᠲᠦᠪᠰᠢᠨ ᠨᠡᠪᠲᠡᠷᠡᠭᠦᠯᠭᠡ ᠵᠢᠨ ᠪᠠᠲᠤᠯᠠᠭ᠎ᠠ ᠵᠢᠨ ᠠᠵᠢᠯ᠎ᠤᠨ ᠪᠡᠯᠡᠳᠬᠡᠯ ᠪᠠᠶ᠋ᠢᠳᠠᠯ᠎ᠢ ᠨᠠᠷᠢᠨ ᠪᠠᠶ᠋ᠢᠴᠠᠭ᠋ᠠᠪᠠ᠃ ᠲᠡᠷᠡ᠂ ᠶᠡᠭᠡ ᠠᠮᠤᠷ ᠲᠦᠪᠰᠢᠨ᠎ᠤ ᠤᠢ᠍ᠢ᠍ᠯᠠᠭ᠋ᠠᠭᠳᠠᠬᠤᠨ᠎ᠢ ᠪᠠᠲᠤᠵᠢᠭᠤᠯᠵᠤ ᠂ ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ ᠵᠢ ᠦᠨᠡᠨ ᠬᠦ᠌ ᠲᠡᠷᠢᠭᠦᠨ ᠪᠠᠶ᠋ᠢᠷᠢᠨ᠎ᠳᠤ ᠲᠠᠯᠪᠢᠵᠤ᠂ ᠷᠠᠳᠢᠣ᠋ ᠲᠧᠯᠸᠢᠰ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠰᠠᠬᠢᠵᠤ᠂ ᠡᠭᠦᠷᠭᠡ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠵᠤ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠷᠠᠳᠢᠣ᠋ ᠲᠧᠯᠸᠢᠰ᠎ᠤᠨ ᠨᠡᠪᠲᠡᠷᠡᠭᠦᠯᠭᠡ ᠪᠠ ᠳᠠᠮᠵᠢᠭᠤᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠭᠤᠷᠪᠠ᠎ᠳᠤ᠂ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠨᠢᠭᠲᠠ ᠰᠦᠯᠵᠢᠪᠡ᠃ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶᠠᠨ᠎ᠤ ᠬᠤᠷᠢᠶᠠᠨ᠎ᠤ ᠤᠳᠤᠷᠢᠳᠤᠯᠭ᠎ᠠ ᠮᠡᠷᠭᠡᠵᠢᠯ᠎ᠤᠨ ᠰᠠᠯᠠᠭ᠎ᠠ ᠮᠥᠴᠢᠷ᠎ᠲᠤ ᠭᠦᠨᠵᠡᠭᠡᠶ᠋ᠢᠷᠡᠨ ᠴᠠᠭ᠋ᠠᠨ ᠰᠠᠷ᠎ᠠ᠎ᠠᠴᠠ ᠡᠮᠦᠨᠡᠬᠢ ᠠᠶᠤᠯᠭᠦᠢ ᠦᠢ᠍ᠯᠡᠳᠪᠦᠷᠢᠯᠡᠯ᠂ ᠠᠮᠤᠷ ᠲᠦᠪᠰᠢᠨ ᠨᠡᠪᠲᠡᠷᠡᠭᠦᠯᠭᠡ ᠵᠢᠨ ᠲᠤᠰᠬᠠᠶ ᠪᠠᠶ᠋ᠢᠴᠠᠭ᠋ᠠᠯᠲᠠ ᠵᠢ ᠥᠷᠨᠢᠭᠦᠯᠵᠦ᠂ ᠥᠪᠥᠷ ᠮᠣᠩᠭᠤᠯ᠎ᠤᠨ ᠣᠳᠣᠨ ᠲᠧᠯᠸᠢᠰ ᠪᠠ ᠮᠣᠩᠭᠤᠯ ᠬᠡᠯᠡᠨ᠎ᠤ ᠣᠳᠣᠨ ᠲᠧᠯᠸᠢᠰ᠎ᠤᠨ ᠬᠠᠮᠢᠶ᠎ᠠ ᠪᠥᠬᠦᠶ ᠳ᠋ᠤᠭ᠋ᠠᠷᠯᠠᠨ ᠳᠠᠮᠵᠢᠭᠤᠯᠬᠤ ᠲᠠᠪᠴᠠᠩ᠎ᠤᠨ ᠠᠵᠢᠯᠯᠠᠭ᠋ᠠᠨ᠎ᠤ ᠶᠠᠪᠤᠴᠠ ᠵᠢᠴᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠡᠭᠦᠯᠳᠡᠷᠵᠢᠭᠦᠯᠵᠦ᠂ ᠥᠨᠳᠥᠷ ᠲᠤᠳᠤᠷᠠᠴᠠᠲᠤ ᠱᠠᠩ ᠰᠢᠩ ᠰᠢᠰᠲᠸᠮ᠎ᠤᠨ ᠮᠡᠷᠭᠡᠵᠢᠯ᠎ᠤᠨ ᠪᠠᠲᠤᠯᠠᠭ᠎ᠠ ᠵᠢᠨ ᠴᠢᠳᠠᠪᠤᠷᠢ ᠵᠢ ᠴᠢᠩᠭ᠋ᠠᠷᠠᠭᠤᠯᠵᠤ ᠂ ᠭᠤᠤᠯᠳᠠᠯᠭ᠎ᠠ᠎ᠲᠠᠢ ᠴᠠᠭ ᠦᠶ᠎ᠡ᠎ᠳᠤ ᠲᠤᠰᠬᠠᠶ ᠬᠥᠮᠦᠨ᠎ᠠᠴᠠ ᠰᠢᠯᠵᠢᠮᠡᠯ ᠪᠠ ᠥᠨᠳᠥᠷ ᠲᠤᠳᠤᠷᠠᠴᠠᠲᠤ ᠳᠠᠭ᠋ᠠᠭᠤᠯᠢ ᠣᠳᠣᠨ᠎ᠤ ᠳᠠᠮᠵᠢᠭᠤᠯᠭ᠎ᠠ ᠵᠢᠨ ᠰᠢᠰᠲ᠋ᠧᠮ᠎ᠢ ᠪᠠᠲᠤᠯᠠᠭᠤᠯᠬᠤ ᠬᠡᠷᠡᠭᠲᠡᠢ ᠃ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠵᠢᠨ ᠤᠳᠤᠷᠢᠳᠤᠯᠭ᠎ᠠ ᠨᠠᠷ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠵᠢᠵᠢᠭᠦᠷᠯᠡᠨ ᠰᠠᠬᠢᠵᠤ ᠪᠠᠶ᠋ᠢᠭ᠎ᠠ ᠪᠠᠶ᠋ᠢᠳᠠᠯ ᠪᠠ ᠠᠮᠤᠷ ᠲᠦᠪᠰᠢᠨ᠎ᠤ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠪᠠᠶ᠋ᠢᠴᠠᠭ᠋ᠠᠨ ᠵᠢᠯᠣᠭᠤᠳᠴᠤ᠂ ᠴᠠᠭ᠋ᠠᠨ ᠰᠠᠷ᠎ᠠ ᠵᠢᠨ ᠦᠳᠡᠰᠢᠯᠡᠭᠡ ᠵᠡᠷᠭᠡ ᠴᠢᠬᠤᠯᠠ ᠬᠤᠭᠤᠴᠠᠭ᠋ᠠᠨ᠎ᠳᠤ ᠰᠢᠰᠲ᠋ᠧᠮ᠎ᠤᠨ ᠡᠯ᠎ᠡ ᠨᠢᠭᠡᠴᠢ ᠵᠢᠨ ᠲᠦᠷᠦᠭᠦᠴᠢ ᠤᠳᠤᠷᠢᠳᠤᠯᠭ᠎ᠠ ᠨᠠᠷ ᠡᠮᠦᠨ᠎ᠡ ᠬᠡᠰᠡᠭ᠎ᠤᠨ ᠮᠠᠰᠢᠨ᠎ᠤ ᠦᠷᠦᠭᠡ᠎ᠳᠤ ᠭᠦᠨᠵᠡᠭᠡᠶ᠋ᠢᠷᠡᠨ ᠵᠢᠵᠢᠭᠦᠷᠯᠡᠨ ᠰᠠᠬᠢᠬᠤ ᠵᠢ ᠱᠠᠭ᠋ᠠᠷᠳᠠᠪᠠ᠃ ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠲᠤᠰᠬᠠᠶ ᠪᠠᠶ᠋ᠢᠴᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠡᠯ᠎ᠡ ᠦᠨᠳᠦᠰᠦᠨ ᠱᠠᠲᠤᠨ᠎ᠤ ᠰᠠᠴᠤᠷᠠᠭᠤᠯᠬᠤ ᠬᠣᠷᠢᠶ᠎ᠠ ᠥᠷᠲᠡᠭᠡ᠂ ᠬᠠᠮ ᠵᠠᠭᠤᠴᠢᠯᠠᠭᠤᠷ᠎ᠤᠨ ᠲᠥᠪ᠂ ᠪᠢᠴᠢᠯ ᠳᠣᠯᠭᠢᠶᠠᠨ᠎ᠤ ᠥᠷᠲᠡᠭᠡ ᠵᠡᠷᠭᠡ ᠠᠮᠤᠷ ᠲᠦᠪᠰᠢᠨ ᠨᠡᠪᠲᠡᠷᠡᠭᠦᠯᠭᠡ ᠵᠢᠨ ᠬᠠᠷᠢᠭᠤᠴᠠᠯᠭ᠋ᠠᠲᠤ ᠨᠢᠭᠡᠴᠢ ᠪᠠ ᠵᠢᠵᠢᠭᠦᠷᠯᠡᠬᠦ ᠭᠠᠵᠠᠷ᠎ᠤᠨ ᠬᠣᠷᠢᠶ᠎ᠠ ᠥᠷᠲᠡᠭᠡ᠎ᠳᠤ ᠬᠦᠷᠴᠦ᠂ ᠮᠠᠰᠢᠨ᠎ᠤ ᠲᠠᠰᠤᠭ᠂ ᠬᠢᠨᠠᠨ ᠡᠵᠡᠮᠳᠡᠬᠦ ᠲᠥᠪ ᠵᠡᠷᠭᠡ ᠵᠠᠩᠭᠢᠯᠠᠭ᠎ᠠ ᠵᠢᠨ ᠬᠡᠰᠡᠭ ᠪᠠ ᠠᠮᠤᠷ ᠲᠦᠪᠰᠢᠨ ᠨᠡᠪᠲᠡᠷᠡᠭᠦᠯᠭᠡ ᠵᠢᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠂ ᠮᠡᠷᠭᠡᠵᠢᠯ᠎ᠤᠨ ᠰᠢᠰᠲ᠋ᠧᠮ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠪᠠᠶ᠋ᠢᠳᠠᠯ᠂ ᠠᠮᠤᠷ ᠲᠦᠪᠰᠢᠨ ᠨᠡᠪᠲᠡᠷᠡᠭᠦᠯᠭᠡ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠤᠨ ᠲᠣᠭᠲᠠᠭ᠋ᠠᠯᠲᠠ ᠪᠠ ᠰᠣᠷᠢᠯᠲᠠ ᠵᠢᠨ ᠪᠠᠶ᠋ᠢᠳᠠᠯ᠎ᠳᠤ ᠭᠤᠤᠯᠳᠠᠯᠭ᠎ᠠ᠎ᠲᠠᠢ᠎ᠪᠠᠷ ᠪᠥᠬᠦ ᠲᠠᠯ᠎ᠠ᠎ᠪᠠᠷ ᠨᠠᠷᠢᠨ ᠪᠠᠶ᠋ᠢᠴᠠᠭ᠋ᠠᠯᠲᠠ ᠬᠢᠬᠦ ᠬᠡᠷᠡᠭᠲᠡᠢ ᠃ ᠡᠭᠦᠨ᠎ᠤ ᠬᠠᠮᠲᠤ ᠡᠯ᠎ᠡ ᠭᠠᠵᠠᠷ ᠣᠷᠣᠨ᠎ᠤ ᠲᠣᠪᠴᠢᠶ᠎ᠠ ᠵᠢᠨ ᠬᠠᠷᠢᠶ᠎ᠠ ᠥᠷᠲᠡᠭᠡ ᠭᠠᠵᠠᠷ᠎ᠢ ᠵᠣᠬᠢᠶᠠᠨ ᠪᠠᠶ᠋ᠢᠭᠤᠯᠤᠨ ᠠᠶ᠋ᠢᠮᠠᠭ ᠬᠤᠲᠠ ᠵᠢᠨ ᠬᠤᠰᠢᠭᠤ ᠰᠢᠶᠠᠨ᠎ᠤ ᠠᠮᠤᠷ ᠲᠦᠪᠰᠢᠨ ᠨᠡᠪᠲᠡᠷᠡᠭᠦᠯᠭᠡ ᠵᠢᠨ ᠬᠠᠷᠢᠭᠤᠴᠠᠯᠭ᠋ᠠᠲᠤ ᠨᠢᠭᠡᠴᠢ ᠵᠢ ᠬᠠᠪᠰᠤᠷᠤᠨ ᠲᠡᠳᠬᠦᠵᠦ᠂ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ᠂ ᠬᠠᠮᠠᠭ᠋ᠠᠯᠠᠵᠤ ᠪᠠᠶ᠋ᠢᠴᠠᠭ᠋ᠠᠨ ᠵᠠᠰᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠵᠦ᠂ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ ᠭᠡᠵᠦ ᠱᠠᠭ᠋ᠠᠷᠳᠠᠪᠠ᠃
(ᠠᠶᠤᠯᠭᠦᠢ ᠳᠠᠮᠵᠢᠭᠤᠯᠭ᠎ᠠ ᠵᠢᠨ ᠪᠠᠲᠤᠯᠠᠭ᠎ᠠ ᠵᠢᠨ ᠭᠠᠵᠠᠷ)