5 ᠳ᠋ᠤᠭ᠋ᠠᠷ ᠰᠠᠷ᠎ᠠ ᠵᠢᠨ 16᠎ᠤ ᠡᠳᠦᠷ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠤᠷᠭ᠋ᠠᠨ᠂ ᠷᠠᠳᠢᠣ᠋ ᠲᠧᠯᠸᠢᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠷᠠᠳᠢᠤ᠋ ᠨᠡᠪᠲᠡᠷᠡᠭᠦᠯᠭᠡ ᠵᠢᠨ ᠺᠢᠨᠣ᠋ ᠲᠧᠯᠸᠢᠰ᠎ᠤᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ ᠨᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ ᠭᠤᠤᠯ ᠵᠠᠭᠤᠴᠢᠯᠠᠭᠤᠷ᠎ᠤᠨ ᠰᠢᠰᠲ᠋ᠧᠮ᠎ᠤᠨ ᠴᠢᠨᠠᠷᠲᠠᠶ ᠬᠤᠪᠢᠰᠤᠯᠲᠠ ᠵᠢᠨ ᠠᠵᠢᠯ᠎ᠤᠨ ᠲᠤᠬᠠᠶ ᠪᠠᠶ᠋ᠢᠴᠠᠭ᠋ᠠᠨ ᠰᠤᠳᠤᠯᠤᠯᠲᠠ ᠦᠷᠨᠢᠭᠦᠯᠬᠦ ᠵᠢᠨ ᠬᠠᠮᠲᠤ ᠰᠠᠭᠣᠳᠠᠯ᠎ᠤᠨ ᠬᠤᠷᠠᠯ ᠬᠤᠷᠠᠯᠳᠤᠭᠤᠯᠪᠠ᠃
ᠰᠠᠭᠣᠳᠠᠯ᠎ᠤᠨ ᠬᠤᠷᠠᠯ ᠳᠡᠭᠡᠷ᠎ᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ ᠵᠢᠨ ᠬᠠᠮ ᠵᠠᠭᠤᠴᠢᠯᠠᠭᠤᠷ᠎ᠤᠨ ᠪᠥᠲᠥᠭᠡᠨ ᠪᠠᠶ᠋ᠢᠭᠤᠯᠤᠯᠲᠠ᠂ ᠬᠡᠲᠦ ᠥᠨᠳᠥᠷ ᠲᠣᠩᠭ᠋ᠠᠯᠠᠭ ᠬᠥᠭᠵᠢᠯᠲᠡ᠂ ᠵᠣᠬᠢᠶᠠᠮᠠᠯ ᠣᠶᠣᠨ ᠴᠢᠳᠠᠪᠣᠷᠢ ᠵᠢᠨ ᠰᠢᠨ᠎ᠡ ᠵᠢ ᠡᠭᠦᠳᠬᠦ ᠬᠢᠭᠡᠳ ᠬᠡᠷᠡᠭᠯᠡᠯᠲᠡ᠂ ᠥᠪᠥᠷ ᠮᠣᠩᠭᠤᠯ᠎ᠤᠨ IPTV ᠬᠤᠷᠠᠮᠠᠯ ᠨᠡᠪᠲᠡᠷᠡᠭᠦᠯᠭᠡ ᠡᠵᠡᠮᠳᠡᠯ᠎ᠤᠨ ᠬᠤᠪᠢᠶᠠᠷᠢ ᠲᠠᠪᠴᠠᠩ᠂ ᠰᠢᠨ᠎ᠡ ᠬᠡᠯᠪᠡᠷᠢ ᠵᠢᠨ ᠷᠠᠳᠢᠣ᠋ ᠲᠧᠯᠸᠢᠰ᠎ᠤᠨ ᠰᠦᠯᠵᠢᠶᠡᠨ᠎ᠤ ᠬᠥᠭᠵᠢᠯᠲᠡ᠂ 5G ᠮᠡᠷᠭᠡᠵᠢᠯ ᠵᠡᠷᠭᠡ ᠲᠠᠯ᠎ᠠ ᠵᠢᠨ ᠦᠷ᠎ᠡ ᠪᠦᠲᠦᠭᠡᠯ ᠵᠢᠴᠢ ᠣᠷᠣᠰᠢᠵᠤ ᠪᠠᠶ᠋ᠢᠭ᠎ᠠ ᠠᠰᠠᠭᠤᠳᠠᠯ᠎ᠤᠨ ᠲᠤᠬᠠᠶ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠬᠢᠪᠠ ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠭᠤᠣᠯ ᠵᠠᠭᠤᠴᠢᠯᠠᠭᠤᠷ᠎ᠤᠨ ᠰᠢᠰᠲ᠋ᠧᠮ᠎ᠤᠨ ᠴᠢᠨᠠᠷᠲᠠᠢ ᠬᠤᠪᠢᠰᠤᠯᠲᠠ ᠵᠢᠨ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠬᠤᠷᠠᠯ᠎ᠳᠤ ᠣᠷᠣᠯᠴᠠᠭᠰᠠᠳ᠎ᠲᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ ᠢᠯᠡᠷᠬᠡᠶ᠋ᠢᠯᠡᠭᠰᠡᠨ ᠵᠶ᠋ᠠᠷ᠂ ᠲᠣᠰ ᠤᠳᠠᠭ᠋ᠠᠨ᠎ᠤ ᠪᠠᠶ᠋ᠢᠴᠠᠭ᠋ᠠᠨ ᠰᠣᠳᠣᠯᠣᠯᠲᠠ᠎ᠳᠤ ᠴᠤᠭᠯᠠᠭᠤᠯᠤᠭᠰᠠᠨ ᠰᠠᠨᠠᠯ ᠪᠠ ᠰᠠᠨᠠᠭᠤᠯᠭ᠎ᠠ ᠵᠢ ᠤᠯᠠᠮ ᠨᠢᠭᠡ ᠠᠯᠬᠤᠮ ᠡᠮᠬᠢᠯᠡᠵᠦ᠂ ᠷᠠᠳᠢᠣ᠋ ᠲᠧᠯᠸᠢᠰ᠎ᠤᠨ ᠭᠤᠤᠯ ᠵᠠᠭᠤᠴᠢᠯᠠᠭᠤᠷ᠎ᠤᠨ ᠰᠢᠰᠲ᠋ᠧᠮ᠎ᠤᠨ ᠴᠢᠨᠠᠷᠲᠠᠶ ᠬᠤᠪᠢᠰᠤᠯᠲᠠ ᠵᠢᠨ ᠠᠵᠢᠯ᠎ᠤᠨ ᠰᠤᠳᠤᠯᠭ᠋ᠠᠨ᠎ᠢ ᠴᠢᠩᠭ᠋ᠠᠳᠬᠠᠵᠤ ᠂ ᠷᠠᠳᠢᠣ᠋ ᠲᠧᠯᠸᠢᠰ᠎ᠤᠨ ᠳᠠᠮᠵᠢᠭᠤᠯᠬᠤ ᠬᠦᠴᠦᠨ᠂ ᠬᠥᠲᠥᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠬᠦ᠎ᠳᠤ ᠬᠦᠴᠦᠲᠡᠶ ᠳᠡᠮᠵᠢᠯᠭᠡ ᠬᠠᠩᠭ᠋ᠠᠨ᠎ᠠ ᠭᠡᠪᠡ᠃
( ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠭᠠᠵᠠᠷ)