ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ᠎ᠢ ᠬᠤᠷᠠᠯᠳᠤᠭᠤᠯᠪᠠ
2025-06-10

      6 ᠳ᠋ᠤᠭ᠋ᠠᠷ ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ  ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ᠎ᠢ  ᠬᠤᠷᠠᠯᠳᠤᠭᠤᠯᠪᠠ᠃ ᠬᠤᠷᠠᠯ᠎ᠠᠴᠠ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠠᠰᠠᠭᠤᠳᠠᠯ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠵᠠᠷᠯᠠᠨ ᠮᠡᠳᠡᠭᠳᠡᠵᠦ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠲᠥᠪᠯᠡᠷᠡᠭᠦᠯᠦᠨ ᠦᠵᠡᠪᠡ᠃

      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠬᠤ ᠪᠠᠲᠤ ᠪᠠᠬᠢ ᠰᠡᠷᠭᠡᠶ᠋ᠢᠯᠡᠯᠲᠡ ᠵᠢᠨ ᠱᠤᠭᠤᠮ᠎ᠢ ᠦᠷᠭᠦᠯᠵᠢᠯᠡᠨ ᠪᠠᠲᠤ  ᠪᠡᠬᠢ  ᠴᠣᠭᠴᠠᠯᠠᠵᠤ᠂ ᠰᠤᠷᠲᠠᠯ᠎ᠤᠨ ᠪᠠᠶ᠋ᠢᠭᠤᠯᠤᠯᠲᠠ ᠵᠢᠨ ᠥᠭᠡᠳᠡᠯᠡᠨ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠵᠦ᠂ ᠭᠤᠤᠯ ᠴᠣᠭᠴᠠ ᠵᠢᠨ ᠬᠠᠷᠢᠭᠤᠴᠠᠯᠭ᠎ᠠ ᠪᠣᠯᠤᠨ 《ᠨᠢᠭᠡ ᠠᠵᠢᠯ᠎ᠤᠨ ᠪᠠᠶ᠋ᠢᠷᠢ ᠬᠤᠶᠠᠷ ᠬᠠᠷᠢᠭᠤᠴᠠᠯᠭ᠎ᠠ》 ᠵᠢ ᠪᠥᠬᠦ ᠲᠠᠯ᠎ᠠ᠎ᠪᠠᠷ ᠪᠣᠳᠠᠲᠠᠶ᠋ᠢᠵᠢᠭᠤᠯᠵᠤ᠂ ᠨᠠᠢ᠍ᠮᠠᠨ  ᠵᠦᠢ᠍ᠯ᠎ᠤᠨ  ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠭᠦᠨᠵᠡᠭᠡᠶ ᠡᠵᠡᠮᠳᠡᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭ᠋ᠠᠷᠳᠠᠯᠭ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠰᠡᠷᠡᠮᠵᠢ  ᠠᠪᠬᠤ ᠂ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠬᠤᠷᠢᠭ᠎ᠠ ᠱᠤᠭᠤᠮ᠎ᠢ ᠰᠠᠬᠢᠬᠤ ᠵᠢ ᠠᠬᠢᠭᠤᠯᠵᠤ᠂ ᠰᠢᠯᠢᠳᠡᠭ ᠰᠤᠷᠲᠠᠯ ᠵᠶ᠋ᠠᠷ ᠷᠠᠳᠢᠣ᠋ ᠲᠧᠯᠸᠢᠰ ᠪᠣᠯᠣᠨ ᠰᠦᠯᠵᠢᠶᠡᠨ᠎ᠤ ᠦᠵᠡᠵᠦ ᠰᠣᠨᠣᠰᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ  ᠭᠡᠵᠦ ᠴᠢᠬᠣᠯᠠᠴᠢᠯᠠᠪᠠ ᠃

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ  ᠭᠡᠰᠢᠭᠦᠨ ᠂ ᠲᠣᠭᠤᠷᠢᠨ ᠪᠠᠶ᠋ᠢᠴᠠᠭ᠋ᠠᠭᠴᠢ᠂  ᠲᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠥᠬᠦ ᠭᠡᠰᠢᠭᠦᠨ ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠪᠥᠬᠦ ᠠᠯᠪᠠᠲᠠᠨ᠂ ᠵᠠᠭᠤᠴᠢᠯᠠᠭᠤᠷ᠎ᠤᠨ ᠲᠥᠪ᠎ᠲᠤ ᠰᠠᠭᠤᠭ᠎ᠠ ᠠᠵᠢᠯ ᠦᠢ᠍ᠯᠡᠰ᠎ᠤᠨ  ᠨᠢᠭᠡᠴᠢ  ᠵᠢᠴᠢ ᠲᠣᠪᠴᠢᠶ᠎ᠠ ᠵᠢᠨ  ᠬᠠᠷᠢᠶᠠᠲᠤ ᠰᠠᠴᠣᠷᠠᠭᠣᠯᠬᠤ  ᠥᠷᠲᠡᠭᠡ ᠵᠢᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠪᠠ᠃

 

      ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ