6 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠶᠠᠩ ᠵᠢᠶᠧ ᠨᠠᠷ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲ᠋ᠠᠮᠵᠢᠭᠣᠯᠣᠨ ᠰᠠᠴᠤᠷᠠᠭᠤᠯᠬᠤ ᠲᠥᠪ᠎ᠤᠨ 501 ᠲᠠᠪᠴᠠᠩ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃
ᠶᠠᠩ ᠵᠢᠶᠧ ᠳᠠᠭ᠋ᠠᠭᠤᠯᠢ ᠤᠳᠤᠨ᠎ᠤ ᠮᠠᠰᠢᠨ᠎ᠤ ᠦᠷᠦᠭᠡ᠂ ᠲᠤᠬᠢᠶᠠᠨ᠎ᠤ ᠮᠠᠰᠢᠨ᠎ᠤ ᠦᠷᠦᠭᠡ᠂ ᠠᠨᠲ᠋ᠢᠨ᠎ᠠ ᠵᠢᠨ ᠲᠠᠯᠠᠪᠣᠷ ᠭᠠᠵᠠᠷ ᠂ ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠦᠢ᠍ᠯᠡᠳᠦᠯᠭᠡ ᠵᠢᠨ ᠰᠠᠭᠤᠷᠢᠨ ᠭᠠᠵᠠᠷ ᠵᠡᠷᠭᠡ ᠭᠤᠣᠯᠳᠠᠯᠭ᠎ᠠ᠎ᠲᠠᠢ ᠣᠷᠣᠨ ᠪᠦᠰᠡ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ 501 ᠲᠠᠪᠴᠠᠩ᠎ᠤᠨ ᠣᠳᠣᠨ ᠳᠠᠮᠵᠢᠭᠤᠯᠬᠤ ᠮᠡᠷᠭᠡᠵᠢᠯ᠎ᠤᠨ ᠰᠢᠰᠲ᠋ᠧᠮ᠂ ᠦᠨᠳᠦᠷ ᠲᠣᠩᠭ᠋ᠠᠯᠠᠭ ᠥᠪᠥᠷ ᠮᠣᠩᠭᠤᠯ᠎ᠤᠨ ᠲᠦᠷᠦᠯ ᠵᠦᠢ᠍ᠯ᠎ᠤᠨ ᠠᠵᠢᠯᠯᠠᠭ᠋ᠠᠨ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠨᠠᠷᠢᠨ ᠣᠶ᠋ᠢᠯᠠᠭ᠋ᠠᠵᠤ᠂ ᠤᠶᠤᠲᠠᠳ᠎ᠤᠨ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠬᠠᠷᠢᠭᠤᠴᠠᠯᠭ᠋ᠠᠲᠠᠨ᠂ ᠪᠣᠳᠠᠲᠠᠢ ᠪᠣᠯᠪᠠᠰᠤᠷᠠᠯ᠎ᠳᠤ ᠣᠷᠣᠯᠴᠠᠭᠰᠠᠨ ᠬᠡᠰᠡᠭ ᠤᠶᠤᠲᠠᠳ᠎ᠲᠠᠢ ᠰᠠᠨᠠᠯ ᠵᠶ᠋ᠠᠨ ᠰᠣᠯᠢᠯᠴᠠᠪᠠ᠃
ᠶᠠᠩ ᠵᠢᠶᠧ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠢᠭᠡ ᠭᠤᠣᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ 《 ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ ᠳᠤᠮᠳᠠ ᠣᠯᠤᠭᠰᠠᠨ ᠦᠷ᠎ᠡ ᠪᠦᠲᠦᠮᠵᠢ ᠵᠢ ᠨᠤᠲᠠᠯᠠᠪᠠ᠃ ᠲᠡᠷᠡ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠭᠦᠨ ᠵᠣᠵᠠᠭ᠋ᠠᠨ ᠮᠡᠷᠭᠡᠵᠢᠯ᠎ᠤᠨ ᠰᠠᠭᠤᠷᠢ ᠪᠠ ᠣᠷᠳᠣ ᠹᠷᠣᠨᠲ᠎ᠤᠨ ᠢᠨᠵᠧᠨᠧᠷ᠎ᠤᠨ ᠡᠩᠨᠡᠭᠡ ᠲᠠᠢ ᠪᠣᠯᠬᠤᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢ ᠵᠢᠨ ᠬᠦᠴᠦᠨ ᠨᠡᠮᠡᠷᠢᠯᠡᠬᠦ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠵᠣᠬᠢᠶᠠᠮᠠᠯ ᠣᠶᠣᠨ ᠴᠢᠳᠠᠪᠣᠷᠢ ᠵᠢᠨ ᠬᠡᠷᠡᠭᠯᠡᠯᠲᠡ᠂ ᠬᠡᠲᠦ ᠥᠨᠳᠥᠷ ᠲᠣᠩᠭ᠋ᠠᠯᠠᠭ ᠵᠶ᠋ᠠᠷ ᠦᠢ᠍ᠯᠡᠳᠦᠨ ᠨᠡᠪᠲᠡᠷᠡᠭᠦᠯᠬᠦ ᠵᠡᠷᠭᠡ ᠬᠤᠰᠢᠭᠤᠷᠠᠯ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠦ ᠣᠷᠣᠨ᠎ᠳᠤ ᠲᠠᠷᠬᠠᠵᠦ ᠪᠠᠢ᠌ᠭ᠎ᠠ 1400 ᠭᠠᠷᠤᠶ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠵᠢᠨ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠶ ᠃ ᠰᠢᠨ᠎ᠡ ᠵᠢ ᠡᠭᠦᠳᠴᠦ ᠦᠢ᠍ᠯᠡᠰ ᠪᠤᠰᠬᠠᠬᠤ ᠦᠢ᠍ᠯᠡᠳᠦᠯᠭᠡ ᠵᠢᠨ ᠰᠠᠭᠤᠷᠢᠨ ᠭᠠᠵᠠᠷ᠎ᠤᠨ ᠪᠦᠳᠦᠭᠡᠨ ᠪᠠᠶ᠋ᠢᠭᠤᠯᠤᠯᠲᠠ ᠵᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠶᠡᠭᠡ ᠳᠡᠭᠡᠳᠦ ᠰᠤᠷᠭ᠋ᠠᠭᠤᠯᠢ᠎ᠯᠤᠭ᠎ᠠ ᠵᠢᠨ ᠬᠤᠣᠰ ᠴᠢᠭᠯᠡᠯ ᠵᠶ᠋ᠠᠷ ᠬᠣᠯᠪᠣᠭ᠋ᠠᠯᠠᠨ ᠬᠦᠳᠡᠯᠦᠯᠴᠡᠬᠦ ᠵᠢ ᠴᠢᠩᠭ᠋ᠠᠳᠬᠠᠵᠤ᠂ ᠠᠵᠤ ᠠᠬᠤᠶ᠋ᠢᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢ ᠠᠭᠣᠰᠣᠯᠴᠠᠭᠣᠯᠣᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠬᠤ ᠬᠡᠷᠡᠭᠲᠡᠢ ᠬᠡᠵᠦ ᠬᠡᠯᠡᠪᠡ ᠃
(ᠠᠯᠪᠠᠨ ᠭᠡᠷ)